ᠬᠤᠪᠸᠢ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠽᠤᠤᠶᠠᠩ ᠤᠨ ᠤᠰᠤᠯᠠᠯᠲᠠ ᠶᠢᠨ ᠣᠷᠣᠨ ᠪᠣᠯᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠪᠠᠶᠢᠳᠠᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2021/5/25
     5 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠬᠤᠪᠸᠢ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠽᠤᠤᠶᠠᠩ ᠳᠤ ᠬᠦᠷᠴᠦ ᠤᠰᠤᠨ ᠴᠥᠭᠦᠷᠥᠮ᠂ ᠬᠥᠭᠡᠷᠭᠡ ᠶᠢᠨ ᠥᠷᠲᠡᠭᠡ᠂ ᠤᠰᠤᠯᠠᠯᠲᠠ ᠶᠢᠨ ᠣᠷᠣᠨ ᠵᠢᠴᠢ ᠤᠰᠤᠨ ᠤ ᠠᠮᠢ ᠠᠬᠤᠶ ᠣᠷᠴᠢᠨ ᠳᠤᠭᠤᠷᠢᠨ ᠤ ᠵᠠᠰᠠᠯᠲᠠ ᠶᠢᠨ ᠢᠨᠵᠧᠨᠧᠷᠢᠩ ᠢ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠤᠭᠤᠢᠢᠯᠠᠩ ᠤᠨ ᠬᠢᠨ ᠤᠷᠢᠳ ᠬᠤᠵᠢᠳ ᠳ᠋ᠠ ᠭᠠᠩ ᠫᠦᠸᠧ ᠬᠥᠭᠡᠷᠭᠡ ᠶᠢᠨ ᠦᠷᠲᠡᠭᠡ ᠵᠢᠴᠢ ᠤᠰᠤᠯᠠᠯᠲᠠ ᠶᠢᠨ ᠣᠷᠣᠨ ᠤ ᠪᠠᠷᠢᠯᠭ᠎ᠠ᠂ ᠯᠢᠦ ᠴᠢᠶᠣᠤ ᠤᠰᠤᠨ ᠴᠥᠭᠦᠷᠥᠮ ᠤᠨ ᠤᠰᠤ ᠣᠷᠣᠭᠤᠯᠬᠤ ᠬᠠᠭᠠᠯᠲᠠ᠂ ᠱᠠ ᠾᠧ ᠭᠤᠣᠯ ᠤᠨ ᠰᠠᠪᠠ ᠭᠠᠵᠠᠷ ᠤᠨ ᠬᠤᠳᠠ ᠶᠢᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ᠂ ᠬᠤᠸᠠ ᠶᠠᠩ ᠾᠧ ᠤᠰᠤᠨ ᠴᠥᠭᠦᠷᠥᠮ ᠤᠨ ᠢᠨᠵᠧᠨᠧᠷᠢᠩ᠂ ᠰᠢᠶᠦ᠋ᠩ ᠾᠧ ᠤᠰᠤᠨ ᠴᠥᠭᠦᠷᠥᠮ ᠤᠨ ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ᠂ ᠠᠵᠢᠯᠯᠠᠭᠠᠨ ᠤ ᠪᠠᠶᠢᠳᠠᠯ ᠨᠢᠭᠡᠪᠦᠷᠢ ᠶᠢ ᠨᠠᠷᠢᠨ ᠪᠠᠶᠢᠴᠠᠭᠠᠨ ᠦᠵᠡᠬᠦ ᠶᠢᠨ ᠬᠠᠮᠲᠤ ᠢᠨᠵᠧᠨᠧᠷᠢᠩ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠬᠢᠨᠠᠮᠠᠭᠠᠢ ᠰᠣᠨᠣᠰᠴᠤ᠂ ᠽᠤᠤᠶᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ ᠭᠦᠢᠴᠡᠳ ᠨᠤᠲᠠᠯᠠᠬᠰᠠᠨ ᠪᠦᠭᠡᠳ ᠰᠢᠨᠵᠢᠯᠡᠨ ᠪᠠᠶᠢᠴᠠᠭᠠᠬᠤ ᠳᠤᠭᠤᠢᠢᠯᠠᠩ ᠤᠨ ᠬᠢᠨ ᠴᠦ ᠽᠤᠤᠶᠠᠩ ᠤᠨ ᠤᠰᠤᠨ ᠠᠰᠢᠭᠯᠠᠯᠲᠠ ᠶᠢᠨ ᠠᠵᠢᠯ ᠤᠨ ᠪᠣᠳᠠᠲᠠᠢ ᠪᠠᠶᠢᠳᠠᠯ ᠳᠤ ᠴᠢᠭᠯᠡᠭᠦᠯᠦᠨ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ ᠥᠭᠴᠡᠢ᠃      ᠰᠢᠨᠵᠢᠯᠡᠨ ᠪᠠᠶᠢᠴᠠᠭᠠᠬᠤ ᠳᠤᠭᠤᠢᠢᠯᠠᠩ ᠠᠴᠠ ᠱᠠᠭᠠᠷᠳᠠᠭᠰᠠᠨ ᠨᠢ᠂ ᠡᠯ᠎ᠡ ᠤᠰᠤᠨ ᠴᠥᠭᠦᠷᠥᠮ ᠬᠥᠭᠡᠷᠭᠡ ᠶᠢᠨ ᠥᠷᠲᠡᠭᠡ ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠨᠢ ᠤᠰᠤ ᠬᠠᠳᠠᠭᠠᠯᠠᠵᠤ ᠭᠠᠩ ᠬᠠᠭᠰᠠᠷᠠᠭᠠᠨ ᠢ ᠡᠰᠡᠷᠭᠦᠴᠡᠬᠦ᠂ ᠦᠶᠡᠷ ᠤᠰᠤᠳᠤᠯ ᠲᠠᠢ ᠲᠡᠮᠡᠴᠡᠵᠦ ᠠᠮᠤᠷ ᠲᠦᠪᠰᠢᠨ ᠢ ᠪᠠᠲᠤᠯᠠᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤ᠂ ᠰᠠᠭᠤᠭᠠᠯᠢ ᠠᠷᠠᠳ ᠤᠨ ᠠᠮᠢᠳᠤᠷᠠᠯ ᠤᠨ ᠤᠤᠭᠤᠬᠤ ᠤᠰᠤ ᠪᠣᠯᠤᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠭᠦᠢᠴᠡᠳ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号