ᠲᠣᠭᠲᠠᠭᠤᠨ ᠤ ᠳᠤᠮᠳᠠ ᠤᠷᠤᠭᠰᠢᠯᠠᠨ ᠨᠢᠩᠪᠦ᠋ᠸᠧ ᠬᠤᠲᠠ ︽ᠳ᠋ᠠ ᠢᠦᠢ ᠬᠦᠯᠢᠰ︾ ᠢ ᠳᠥᠷᠪᠠᠨᠲᠡ ᠬᠦᠷᠳᠡᠪᠡ
ᠨᠡᠶᠢᠲᠡᠯᠡᠭᠰᠡᠨ ᠴᠠᠭ᠄
2021/5/25
     ᠣᠢᠢᠷ᠎ᠠ ᠳᠤ᠂ ᠵᠧᠵᠢᠶᠠᠩ ᠮᠤᠵᠢ ᠶᠢᠨ ᠬᠢᠨ ᠰᠢᠨ᠎ᠡ ᠴᠠᠭ ᠦᠶ᠎ᠠ ᠶᠢᠨ ᠦᠵᠡᠰᠬᠦᠯᠡᠩᠲᠦ ᠰᠠᠶᠢᠬᠠᠨ ᠵᠧᠵᠢᠶᠠᠩ ᠢ ᠪᠥᠲᠥᠭᠡᠨ ᠪᠠᠶᠢᠭᠤᠯᠬᠤ ᠵᠢᠴᠢ ᠲᠥᠪ ᠤᠨ ᠠᠮᠢ ᠠᠬᠤᠶ ᠣᠷᠴᠢᠨ ᠳᠤᠭᠤᠷᠢᠨ ᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠶᠡᠭᠡ ᠬᠤᠷᠠᠯ ᠳᠡᠭᠡᠷ᠎ᠡ᠂ ᠨᠢᠩᠪᠦ᠋ᠸᠧ ᠬᠤᠲᠠ 2020 ᠣᠨ ᠤ ᠲᠠᠪᠤᠨ ᠤᠰᠤ ᠶᠢ ᠬᠠᠮᠲᠤ ᠪᠠᠷ ᠵᠠᠰᠠᠬᠤ ︵ᠭᠤᠤᠯ ᠤᠨ ᠳᠠᠷᠤᠭ᠎ᠠ ᠶᠢᠨ ᠲᠦᠷᠢᠮ︶ ᠠᠵᠢᠯ ᠤᠨ ︽ᠳ᠋ᠠ ᠢᠦᠢ ᠬᠦᠯᠢᠰ︾ ᠮᠥᠩᠭᠦᠨ ᠬᠦᠯᠢᠰ ᠢ ᠢᠷᠠᠭᠤ ᠠᠯᠳᠠᠷᠲᠠᠶ ᠪᠠᠷ ᠭᠥᠷᠳᠡᠪᠡ᠂ ᠡᠨᠡ ᠪᠣᠯ ᠨᠢᠩᠪᠦ᠋ᠸᠧ ᠬᠤᠲᠠ ᠳᠥᠷᠪᠡᠳᠡᠬᠢ ᠤᠳᠠᠭ᠎ᠠ ︽ᠳ᠋ᠠ ᠢᠦᠢ ᠬᠦᠯᠢᠰ︾ ᠢ ᠭᠥᠷᠳᠡᠵᠦ ᠪᠠᠶᠢᠭ᠎ᠠ ᠶᠠᠪᠤᠳᠠᠯ ᠪᠣᠯᠤᠨ᠎ᠠ᠃      ᠤᠢᠢᠷ᠎ᠠ ᠶᠢᠨ ᠵᠢᠯ ᠳᠤ᠂ ᠨᠢᠩᠪᠦ᠋ᠸᠧ ᠤᠰᠤᠨ ᠤ ᠣᠷᠴᠢᠨ ᠲᠣᠭᠤᠷᠢᠨ ᠤ ᠵᠠᠰᠠᠯᠲᠠ ᠶᠢᠨ ᠡᠬᠢ ᠶᠢ ᠡᠵᠡᠮᠳᠡᠬᠦ᠂ ᠪᠣᠬᠢᠷᠲᠤᠯ ᠢ ᠲᠠᠰᠤᠯᠬᠤ᠂ ᠠᠮᠢ ᠠᠬᠤᠢ ᠶᠢ ᠳᠡᠭᠡᠭᠰᠢᠯᠡᠭᠦᠯᠬᠦ ᠭᠤᠷᠪᠠᠨ ᠶᠡᠭᠡ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠨ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠪᠦᠬᠦ ᠬᠤᠳᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ︽ᠲᠠᠪᠤᠨ ᠤᠰᠤ ᠶᠢ ᠬᠠᠮᠲᠤ ᠪᠠᠷ ᠵᠠᠰᠠᠬᠤ︾ ᠠᠵᠢᠯ ᠢ ᠠᠬᠢᠭᠤᠯᠵᠤ᠂ ᠤᠰᠤ ᠵᠠᠰᠠᠬᠤ ᠠᠵᠢᠯ ᠤᠨ ︽ᠴᠢᠬᠤᠯᠠ ᠴᠤᠩᠬᠤᠪᠴᠢ︾ ᠶᠢᠨ ᠵᠢᠱᠢᠶᠡᠴᠢ ᠪᠣᠯᠬᠤ ᠪᠠᠷ ᠴᠢᠷᠮᠠᠶᠢᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠤᠰᠤ ᠵᠠᠰᠠᠬᠤ ᠬᠠᠷᠠᠯᠲᠠ ᠶᠢ ᠤᠷᠤᠭᠰᠢᠲᠠᠢ ᠪᠡᠶᠡᠯᠡᠭᠦᠯᠵᠦ᠂ ᠪᠦᠬᠦ ᠬᠤᠳᠠ ᠶᠢᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠡᠯ᠎ᠡ ᠱᠤᠭᠤᠮ ᠤᠨ ᠠᠵᠢᠯ ᠠᠬᠢᠴᠠ ᠲᠠᠢ ᠪᠣᠯᠪᠠ᠃      ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ ᠥᠬᠡᠶ ᠣᠷᠣᠨ ᠤ ᠪᠥᠲᠥᠭᠡᠨ ᠪᠠᠶᠢᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠪᠡ᠃ 2020 ᠣᠨ ᠳᠤ᠂ ᠭᠤᠣᠯ ᠬᠤᠲᠠ ᠲᠣᠭᠤᠷᠢᠭ᠂ ᠭᠤᠣᠯᠳᠠᠯᠭ᠎ᠠ ᠲᠠᠢ ᠰᠠᠪᠠ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ ᠨᠢᠩᠪᠦ᠋ᠸᠧ ᠬᠤᠲᠠ ᠶᠢᠨ ᠬᠢᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ︽ᠰᠢᠭᠤᠳ ᠭᠠᠳᠠᠭᠰᠢᠯᠠᠭᠤᠯᠬᠤ ᠦᠭᠡᠶ ᠣᠷᠣᠨ ᠢ ᠡᠭᠦᠳᠦᠨ ᠪᠠᠶᠢᠭᠤᠯᠬᠤ︾ ᠰᠢᠨ᠎ᠡ ᠪᠠᠶᠢᠷᠢᠰᠢᠯ ᠢ ᠪᠤᠶ ᠪᠣᠯᠭᠠᠵᠤ᠂ 34 ᠪᠠᠯᠭᠠᠰᠤ ︵ᠵᠡᠭᠡᠯᠢ ᠭᠤᠳᠤᠮᠵᠢ︶ ᠶᠢᠨ ᠮᠤᠵᠢ ᠶᠢᠨ ᠱᠠᠲᠤᠨ ᠤ ︽ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ ᠥᠬᠡᠶ ᠣᠷᠣᠨ︾ ᠢ ᠡᠭᠦᠳᠦᠨ ᠪᠠᠶᠢᠭᠤᠯᠬᠤ ᠶᠢ ᠪᠡᠶᠡᠯᠡᠭᠦᠯᠵᠦ᠂ 46 ᠬᠤᠲᠠ ᠶᠢᠨ ᠱᠠᠲᠤᠨ ᠤ ᠡᠭᠦᠳᠦᠨ ᠪᠠᠶᠢᠭᠤᠯᠬᠤ ᠨᠢᠭᠡᠴᠢ ᠶᠢᠨ ︽ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ ᠥᠬᠡᠶ ᠣᠷᠣᠨ︾ ᠢ ᠰᠢᠯᠭᠠᠨ ᠬᠤᠷᠢᠶᠠᠨ ᠠᠪᠬᠤ ᠶᠢ ᠪᠡᠶᠡᠯᠡᠭᠦᠯᠵᠦ᠂ 4 ᠮᠤᠵᠢ ᠶᠢᠨ ᠱᠠᠲᠤ ᠪᠠ 12 ᠬᠤᠲᠠ ᠶᠢᠨ ᠱᠠᠲᠤᠨ ᠤ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ︽ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ ᠥᠬᠡᠶ ᠣᠷᠣᠨ︾ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ 93 ᠰᠠᠭᠤᠭᠠᠯᠢ ᠠᠷᠠᠳ ᠤᠨ ᠲᠣᠭᠤᠷᠢᠭ ᠤᠨ ︽ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ ᠥᠬᠡᠶ ᠣᠷᠣᠨ︾ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ 2020 ᠣᠨ ᠳᠤ ᠪᠥᠬᠦ ᠬᠤᠲᠠ ᠳᠤ ︽ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ ᠥᠬᠡᠶ ᠣᠷᠣᠨ︾ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠬᠤ ᠬᠠᠷᠠᠯᠲᠠᠳᠤ ᠡᠭᠦᠷᠭᠡ ᠶᠢ ᠪᠡᠶᠡᠯᠡᠭᠦᠯᠪᠡ᠃      ᠪᠦᠬᠦ ᠰᠠᠪᠠ ᠭᠠᠵᠠᠷ ᠤᠨ ᠤᠰᠤᠨ ᠤ ᠴᠢᠨᠠᠷ ᠳᠡᠭᠡᠭᠰᠢᠯᠡᠨ ᠲᠣᠭᠲᠠᠭᠤᠨ ᠤ ᠳᠤᠮᠳᠠ ᠤᠷᠤᠭᠰᠢᠯᠠᠪᠠ᠃ 2020 ᠣᠨ ᠳᠤ᠂ ᠨᠢᠩᠪᠦ᠋ᠸᠧ ᠬᠤᠲᠠ ᠶᠢᠨ ︽ᠤᠰᠤᠨ ᠤ ᠠᠷᠪᠠᠨ ᠵᠤᠷᠪᠤᠰ︾ ᠤᠨ ᠬᠢᠨᠠᠨ ᠰᠢᠯᠭᠠᠬᠤ 10 ᠣᠭᠲᠣᠯᠤᠭᠠᠰᠤ ᠶᠢᠨ ᠴᠢᠳᠠᠮᠵᠢᠳᠤ ᠣᠷᠣᠨ ᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠪᠠ ᠤᠰᠤᠨ ᠤ ᠴᠢᠨᠠᠷ ᠤᠨ ᠰᠢᠯᠢᠳᠡᠭ ᠰᠠᠶᠢᠨ ᠨᠣᠷᠮ᠎ᠠ ᠶᠢ ᠴᠥᠮ 100% ᠳᠤ ᠬᠦᠷᠭᠡᠵᠦ᠂ ᠤᠯᠤᠰ ᠤᠨ ᠭᠠᠵᠠᠷ ᠳᠡᠭᠡᠷᠡᠬᠢ ᠤᠰᠤᠨ ᠤ ᠲᠡᠯᠡᠶ ᠳᠤ ᠴᠢᠳᠬᠤᠬᠤ 1 ᠭᠤᠤᠯ ᠮᠥᠷᠡᠨ ᠤ ᠬᠢᠨᠠᠨ ᠰᠢᠯᠭᠠᠬᠤ ᠣᠭᠲᠣᠯᠤᠭᠠᠰᠤ ᠶᠢ ᠣᠨ ᠤ ᠬᠢᠨᠠᠨ ᠰᠢᠯᠭᠠᠬᠤ ᠬᠠᠷᠠᠯᠲᠠᠳᠤ ᠱᠠᠭᠠᠷᠳᠠᠯᠭ᠎ᠠ ᠳᠤ ᠬᠦᠷᠭᠡᠪᠡ︔ ᠮᠤᠵᠢ ᠶᠢᠨ ᠡᠵᠡᠮᠳᠡᠵᠦ ᠪᠠᠶᠢᠭ᠎ᠠ 19 ᠭᠠᠵᠠᠷ ᠤᠨ ᠭᠠᠳᠠᠷᠭᠤ ᠶᠢᠨ ᠤᠰᠤᠨ ᠤ ᠬᠢᠨᠠᠨ ᠰᠢᠯᠭᠠᠯᠲᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠳᠤ ᠬᠦᠷᠴᠠᠢ︔ 13 ᠵᠤᠷᠪᠤᠰ ︵ᠬᠤᠪᠢ︶ ᠮᠤᠵᠢ ᠶᠢᠨ ᠲᠠᠰ ᠤᠨ ︽ᠦᠵᠡᠰᠬᠦᠯᠡᠩᠲᠦ ᠰᠠᠶᠢᠬᠠᠨ ᠭᠤᠤᠯ ᠮᠥᠷᠡᠨ︾ ᠢ ᠡᠭᠦᠳᠦᠨ ᠪᠠᠶᠢᠭᠤᠯᠵᠤ ᠳᠠᠭᠤᠰᠬᠠᠪᠠ᠃ᠭᠤᠣᠯ ᠮᠦᠷᠡᠨ ︵ᠨᠠᠭᠤᠷ ᠴᠦᠭᠦᠷᠦᠮ︶ ᠤᠨ ᠳᠠᠷᠤᠭ᠎ᠠ ᠶᠢᠨ ᠳᠦᠷᠢᠮ ᠤᠨ ᠪᠠᠶᠢᠭᠤᠯᠤᠯᠲᠠ ᠶᠢᠨ ᠳᠡᠰ ᠳᠡᠪᠰᠢᠪᠡ᠃ ᠰᠠᠪᠠ ᠭᠠᠵᠠᠷ ᠤᠨ ᠭᠤᠣᠯ ᠤᠨ ᠳᠠᠷᠤᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠨᠢᠭᠡᠨᠲᠡ ᠬᠤᠳᠠ ᠶᠢᠨ ᠲᠡᠰ ᠤᠨ ᠭᠤᠣᠯ ᠮᠦᠷᠡᠨ ᠨᠠᠭᠤᠷ ᠴᠦᠭᠦᠷᠦᠮ ᠤᠨ ᠴᠠᠭᠠᠷᠢᠭ ᠢ 32 ᠪᠠᠶᠢᠭᠤᠯᠵᠤ᠂ ᠰᠢᠶᠠᠨ ᠤ ᠲᠡᠰ ᠤᠨ ᠭᠤᠣᠯ ᠮᠦᠷᠡᠨ ᠨᠠᠭᠤᠷ ᠴᠦᠭᠦᠷᠦᠮ ᠤᠨ ᠴᠠᠭᠠᠷᠢᠭ ᠢ 155 ᠪᠠᠶᠢᠭᠤᠯᠵᠤ᠂ ᠰᠢᠶᠠᠩ ᠪᠠᠯᠭᠠᠰᠤᠨ ᠤ ᠲᠡᠰ ᠤᠨ ᠭᠤᠣᠯ ᠮᠦᠷᠡᠨ ᠨᠠᠭᠤᠷ ᠴᠦᠭᠦᠷᠦᠮ ᠤᠨ ᠴᠠᠭᠠᠷᠢᠭ ᠢ 702 ᠪᠠᠶᠢᠭᠤᠯᠵᠤ᠂ ᠰᠢᠶᠠᠨ᠂ ᠪᠠᠯᠭᠠᠰᠤ ᠬᠤᠶᠠᠷ ᠱᠠᠲᠤᠨ ᠤ ᠰᠠᠯᠪᠤᠷᠢ ᠤᠷᠤᠰᠬᠠᠯ ᠳᠤ ᠣᠷᠣᠭᠤᠯᠤᠭᠰᠠᠨ ᠨᠤᠷᠮ᠎ᠠ ᠲᠤᠰᠪᠤᠷᠢ 36.6%᠂ 46.3% ᠳᠤ ᠬᠦᠷᠴᠦ᠂ ᠪᠦᠬᠦ ᠬᠤᠳᠠ ᠶᠢᠨ 9214 ᠭᠤᠣᠯ ᠮᠦᠷᠡᠨ ᠨᠠᠭᠤᠷ ᠴᠦᠭᠦᠷᠦᠮ ᠤᠨ ᠬᠡᠰᠡᠭ ᠲᠤ ︽ᠨᠢᠭᠡ ᠭᠤᠣᠯ ᠨᠢᠭᠡ ᠨᠤᠮᠧᠷ︾ ᠤᠨ ᠬᠠᠮᠢᠶᠠᠷᠤᠯᠲᠠ ᠶᠢ ᠪᠡᠶᠡᠯᠡᠭᠦᠯᠪᠡ᠃        ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠳᠤ᠂ ᠨᠢᠩᠪᠦ᠋ᠸᠧ ᠬᠤᠲᠠ ᠶᠢᠨ ᠬᠢᠨ ᠤᠰᠤᠨ ᠤ ᠣᠷᠴᠢᠨ ᠳᠤᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠪᠠᠷ ᠭᠤᠤᠯ ᠰᠡᠳᠦᠪ ᠪᠣᠯᠭᠠᠵᠤ᠂ ᠤᠰᠤᠨ ᠤ ᠣᠷᠴᠢᠨ ᠳᠤᠭᠤᠷᠢᠨ᠂ ᠤᠰᠤᠨ ᠤ ᠠᠮᠢ ᠠᠬᠤᠶ᠂ ᠤᠰᠤᠨ ᠤ ᠵᠠᠰᠠᠯᠲᠠ ᠵᠡᠷᠭᠡ ᠭᠤᠷᠪᠠᠨ ᠶᠡᠭᠡ ᠪᠤᠭᠤᠮᠳᠠ ᠰᠢᠪᠳᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠤᠰᠤᠨ ᠤ ᠣᠷᠴᠢᠨ ᠳᠤᠭᠤᠷᠢᠨ ᠤ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠥᠷᠭᠡᠨ ᠣᠯᠠᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠵᠤ ᠪᠤᠢ᠃ ᠬᠤᠲᠠ ᠲᠣᠭᠤᠷᠢᠭ ᠤᠨ ︽ᠲᠤᠩᠭᠠᠯᠠᠭ ᠤᠰᠤᠨ ᠤ ᠲᠣᠭᠤᠷᠢᠯᠲᠠ ᠶᠢ ᠨᠡᠪᠲᠡᠷᠡᠭᠦᠯᠬᠦ︾ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠭᠤᠤᠯ ᠪᠣᠯᠬᠤ ᠣᠷᠣᠨ ᠪᠦᠰᠡ ᠶᠢᠨ ᠭᠤᠤᠯ ᠤᠨ ᠵᠠᠮ ᠤᠨ ᠤᠰᠤᠨ ᠴᠣᠭᠴᠠ ᠶᠢᠨ ᠬᠥᠳᠡᠯᠦᠩᠭᠦᠢ ᠴᠢᠨᠠᠷ ᠢ ᠳᠡᠭᠡᠭᠰᠢᠯᠡᠭᠦᠯᠪᠡ︔ ᠶᠣᠣ ᠵᠢᠶᠠᠩ ᠮᠥᠷᠡᠨ᠂ ᠹᠧᠩ ᠬᠤᠸᠠ ᠵᠢᠶᠠᠩ ᠮᠥᠷᠡᠨ᠂ ᠶᠦᠩ ᠵᠢᠶᠠᠩ ᠮᠥᠷᠡᠨ ᠵᠢᠴᠢ ᠴᠢᠬᠤᠯᠠ ᠭᠤᠤᠯ ᠤᠨ ᠵᠠᠮ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠵᠡᠮᠵᠢ ᠶᠢ ᠱᠤᠭᠤᠬᠤ ᠪᠠ ᠤᠰᠤᠨ ᠤ ᠡᠷᠭᠢ ᠶᠢᠨ ᠬᠤᠯᠪᠣᠭᠠᠯᠠᠨ ᠬᠥᠳᠡᠯᠦᠯᠴᠡᠵᠦ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠡᠮᠬᠢ ᠵᠢᠷᠤᠮ ᠲᠠᠢ ᠪᠠᠷ ᠨᠢᠭᠡᠳᠦᠯᠲᠡᠶ ᠲᠥᠯᠥᠪᠵᠢᠭᠦᠯᠵᠦ᠂ ︽ᠦᠵᠡᠰᠬᠦᠯᠡᠩᠲᠦ ᠰᠠᠶᠢᠬᠠᠨ ᠭᠤᠤᠯ ᠮᠦᠷᠡᠨ ᠨᠠᠭᠤᠷ ᠴᠦᠭᠦᠷᠦᠮ︾ ᠠᠴᠠ ︽ᠵᠣᠯ ᠵᠢᠷᠭᠠᠯᠲᠤ ᠭᠤᠤᠯ ᠮᠦᠷᠡᠨ ᠨᠠᠭᠤᠷ ᠴᠦᠭᠦᠷᠦᠮ︾ ᠳᠠᠶᠢᠰᠢ ᠳᠠᠪᠬᠤᠴᠠᠭᠤᠯᠤᠨ ᠲᠠᠰ ᠳᠡᠪᠰᠢᠭᠦᠯᠬᠦ ᠶᠢ ᠠᠬᠢᠭᠤᠯᠪᠠ︔ ᠡᠭᠦᠨ ᠤ ᠬᠠᠮᠲᠤ᠂ ᠪᠥᠬᠦ ᠬᠤᠲᠠ ᠶᠢᠨ ︽ᠮᠢᠩᠭᠠᠨ ᠲᠣᠨ ᠲᠦᠮᠡᠨ ᠬᠥᠮᠦᠨ︾ ᠠᠴᠠ ᠳᠡᠭᠡᠭᠰᠢᠬᠢ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠲᠦᠭᠰᠢᠭᠦᠷᠢ ᠶᠢᠨ ᠳᠠᠯᠳᠠ ᠬᠡᠮ ᠢ ᠦᠨᠡᠨ ᠬᠦ ᠠᠷᠢᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号