6.74 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠶᠢ ᠵᠠᠯᠠᠨ ᠵᠢᠶᠠᠩᠰᠦ ᠮᠤᠵᠢ ᠶᠢᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ 2020 — 2021 ᠣᠨ ᠤ ᠮᠤᠵᠢ ᠶᠢᠨ ᠭᠠᠳᠠᠨ᠎ᠠ ᠤᠰᠤ ᠵᠠᠯᠠᠬᠤ ᠡᠭᠦᠷᠭᠡ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/5/25
     5 ᠰᠠᠷ᠎ᠠ ᠶᠢᠨ 20 ᠤ ᠡᠳᠦᠷ᠂ ᠵᠢᠶᠠᠩᠰᠦ ᠱᠠᠨᠳᠦ᠋ᠩ ᠮᠤᠵᠢ ᠶᠢᠨ ᠬᠤᠭᠤᠷᠣᠨᠳᠣᠬᠢ ᠲᠠᠢ ᠡᠯ ᠵᠤᠸᠠᠩ ᠬᠥᠭᠡᠷᠭᠡ ᠶᠢᠨ ᠥᠷᠲᠡᠭᠡᠨ ᠤ ᠤᠰᠤ ᠲᠠᠲᠠᠬᠰᠠᠨ ᠬᠡᠮᠵᠢᠶ᠎ᠡ ᠨᠢ ᠤᠨ ᠤ ᠤᠰᠤ ᠲᠠᠲᠠᠬᠤ ᠲᠥᠯᠥᠪᠯᠡᠭᠡ ᠶᠢᠨ ᠬᠡᠮᠵᠢᠶᠡᠨ ᠳᠤ ᠬᠦᠷᠴᠤ ᠤᠰᠤ ᠳᠠᠳᠠᠬᠤ ᠪᠠᠨ ᠵᠣᠭᠰᠣᠵᠠᠶ᠂ ᠡᠨᠡ ᠨᠢ 2020 — 2021 ᠣᠨ ᠤ ᠵᠢᠶᠠᠩᠰᠦ ᠮᠤᠵᠢ ᠶᠢᠨ ᠡᠮᠦᠨᠡᠲᠦ ᠶᠢᠨ ᠤᠰᠤ ᠶᠢ ᠤᠮᠠᠷᠠᠰᠢ ᠲᠠᠲᠠᠨ ᠮᠤᠵᠢ ᠶᠢᠨ ᠭᠠᠳᠠᠨ᠎ᠠ ᠤᠰᠤ ᠵᠠᠯᠠᠬᠤ 6.74 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠲᠠᠲᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠢ ᠬᠠᠷᠠᠭᠤᠯᠵᠤ ᠪᠤᠢ᠃      ᠤᠰᠤᠨ ᠠᠰᠢᠭᠯᠠᠯᠲᠠ ᠶᠢᠨ ᠶᠠᠮᠤᠨ ᠤ ᠳᠠᠷᠤᠮᠠᠯᠯᠠᠨ ᠲᠠᠷᠬᠠᠭᠠᠭᠰᠠᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ 2020 ᡺ 2021 ᠣᠨ ᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠯᠥᠪᠯᠡᠭᠡ ᠪᠠ ᠵᠢᠶᠠᠩᠰᠦ ᠮᠤᠵᠢ ᠶᠢᠨ ᠵᠠᠰᠠᠭ ᠤᠨ ᠣᠷᠳᠣᠨ ᠤ ᠣᠨ ᠤ ᠤᠰᠤ ᠶᠢ ᠲᠣᠬᠢᠷᠠᠭᠤᠯᠬᠤ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠵᠢᠶᠠᠩᠰᠦ ᠮᠤᠵᠢ ᠶᠢᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠨᠢ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠰᠢᠨ᠎ᠡ ᠪᠠᠷ ᠪᠠᠶᠢᠭᠤᠯᠤᠭᠰᠠᠨ ᠢᠨᠵᠧᠨᠧᠷᠢᠩ ᠪᠠ ᠮᠥᠷᠡᠨ ᠤ ᠤᠰᠤ ᠶᠢ ᠤᠮᠠᠷᠠᠰᠢ ᠲᠠᠲᠠᠬᠤ ᠢᠨᠵᠧᠨᠧᠷᠢᠩ ᠢ ︽ᠨᠢᠭᠡᠳᠦᠯᠲᠡᠶ ᠲᠣᠬᠢᠷᠠᠭᠤᠯᠵᠤ᠂ ᠬᠠᠮᠲᠤᠷᠠᠨ ᠠᠵᠢᠯᠯᠠᠭᠤᠯᠬᠤ︾ ᠵᠠᠷᠴᠢᠮ ᠶᠣᠰᠣᠭᠠᠷ᠂ 2020 ᠣᠨ ᠤ 12 ᠰᠠᠷ᠎ᠠ ᠶᠢᠨ 23 ᠤ ᠡᠳᠦᠷ ᠠᠴᠠ ᠡᠬᠢᠯᠡᠨ ᠣᠨ ᠤ ᠤᠰᠤ ᠲᠠᠲᠠᠬᠤ ᠠᠵᠢᠯ ᠢ ᠡᠬᠢᠯᠡᠭᠦᠯᠵᠦ᠂ 2021 ᠣᠨ ᠤ 5 ᠰᠠᠷ᠎ᠠ ᠶᠢᠨ 20 ᠤ ᠡᠳᠦᠷ ᠤᠰᠤ ᠬᠠᠩᠭᠠᠬᠤ ᠡᠭᠦᠷᠭᠡ ᠪᠠᠨ ᠤᠷᠤᠭᠰᠢᠲᠠᠶ ᠪᠡᠶᠡᠯᠡᠭᠦᠯᠪᠡ᠃ ᠮᠤᠵᠢ ᠶᠢᠨ ᠠᠮᠢ ᠠᠬᠤᠶ ᠣᠷᠴᠢᠨ ᠲᠣᠭᠤᠷᠢᠨ᠂ ᠤᠰᠤᠨ ᠵᠦᠢ ᠶᠢᠨ ᠰᠠᠯᠠᠭ᠎ᠠ ᠮᠥᠴᠢᠷ ᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠣᠰ ᠵᠢᠯ ᠤᠨ ᠵᠠᠯᠠᠭᠰᠠᠨ ᠤᠰᠤᠨ ᠤ ᠴᠢᠨᠠᠷ ᠨᠢ ᠤᠯᠤᠰ ᠤᠨ ᠬᠢᠨᠠᠨ ᠰᠢᠯᠭᠠᠬᠤ ᠱᠠᠭᠠᠷᠳᠠᠯᠭ᠎ᠠ ᠳᠤ ᠨᠡᠶᠢᠴᠡᠵᠦ᠂ ᠤᠰᠤᠨ ᠤ ᠬᠡᠮᠵᠢᠶ᠎ᠡ ᠬᠢᠭᠡᠳ ᠤᠰᠤᠨ ᠤ ᠴᠢᠨᠠᠷ ᠤᠨ ᠬᠤᠤᠰ ᠪᠠᠷᠢᠮᠵᠢᠶ᠎ᠠ ᠶᠢ ᠪᠡᠶᠡᠯᠡᠭᠦᠯᠦᠭᠰᠡᠨ ᠪᠠᠶᠢᠨ᠎ᠠ᠃      ᠤᠰᠤ ᠵᠠᠯᠠᠬᠤ ᠬᠤᠭᠤᠴᠠᠭᠠᠨ ᠳᠤ᠂ ᠮᠤᠵᠢ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠮ ᠳᠠᠭᠠᠤ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠣᠷᠳᠣᠨ ᠤ ᠵᠥᠪᠰᠢᠶᠡᠷᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠥᠰᠦᠯ ᠪᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ       ᠠᠳᠬᠤᠪᠠ᠃ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠣᠨ ᠤ ᠤᠰᠤ ᠲᠠᠲᠠᠬᠤ ᠠᠵᠢᠯ ᠢ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠵᠤ᠂ ᠰᠢᠨ᠎ᠡ ᠬᠠᠭᠤᠴᠢᠨ ᠢᠨᠵᠧᠨᠧᠷᠢᠩ ᠢ ᠨᠢᠭᠡᠳᠦᠯᠲᠡᠶ ᠲᠣᠬᠢᠷᠠᠭᠤᠯᠪᠠ︔ ᠮᠤᠵᠢ ᠶᠢᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠠᠵᠢᠯ ᠤᠨ ᠠᠯᠪᠠᠨ ᠬᠡᠷ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠬᠤᠭᠤᠴᠠᠭ᠎ᠠ ᠬᠤᠪᠢᠶᠠᠨ ᠤᠰᠤ ᠲᠠᠲᠠᠬᠤ ᠶᠢ ᠬᠡᠷᠡᠭᠵᠢᠭᠦᠯᠵᠦ᠂ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ᠂ ᠤᠰᠤᠨ ᠤ ᠴᠢᠨᠠᠷ ᠢ ᠪᠠᠲᠤᠯᠠᠬᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠪᠡ︔ ᠮᠤᠵᠢ ᠶᠢᠨ ᠠᠮᠢ ᠠᠬᠤᠶ ᠤᠷᠴᠢᠨ ᠳᠤᠭᠤᠷᠢᠨ᠂ ᠵᠠᠮ ᠲᠡᠭᠡᠭᠡᠪᠦᠷᠢ᠂ ᠲᠠᠷᠢᠶᠠᠯᠠᠩ ᠬᠥᠳᠡᠭᠡ ᠲᠣᠰᠬᠤᠨ᠂ ᠴᠠᠬᠢᠯᠭᠠᠨ ᠬᠦᠴᠦ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠤᠰᠤᠨ ᠤ ᠴᠢᠨᠠᠷ ᠢ ᠬᠢᠨᠠᠨ ᠬᠡᠮᠵᠢᠬᠦ᠂ ᠠᠶᠤᠯ ᠲᠠᠢ ᠬᠢᠮᠢ ᠶᠢᠨ ᠡᠳ᠋ ᠢ ᠲᠡᠭᠡᠭᠡᠪᠦᠷᠢᠯᠡᠬᠦ ᠶᠢ ᠴᠠᠭᠠᠵᠠᠯᠠᠬᠤ ᠶᠢ ᠬᠢᠨᠠᠨ ᠬᠠᠮᠢᠶᠠᠷᠬᠤ᠂ ᠲᠡᠵᠢᠭᠡᠨ ᠦᠷᠡᠵᠢᠭᠦᠯᠬᠦ ᠤᠰᠤᠨ ᠴᠣᠭᠴᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠴᠠᠬᠢᠯᠭᠠᠨ ᠬᠦᠴᠦᠨ ᠢ ᠪᠠᠲᠤᠯᠠᠬᠤ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠪᠡ︔ ᠵᠢᠶᠠᠩᠰᠦ ᠶᠢᠨ ᠤᠰᠤᠨ ᠰᠤᠷᠪᠤᠯᠵᠢ ᠶᠢᠨ ᠺᠣᠮᠫᠠᠨᠢ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠰᠢᠨ᠎ᠡ ᠪᠠᠷ ᠪᠠᠶᠢᠭᠤᠯᠤᠭᠰᠠᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠪᠠ ᠢᠨᠵᠧᠨᠧᠷᠢᠩ ᠤᠨ ᠬᠡᠮᠵᠢᠯᠲᠡ ᠠᠵᠢᠭᠯᠠᠯᠲᠠ ᠶᠢ ᠴᠢᠩᠭᠠᠳᠬᠠᠪᠠ︔ ᠵᠠᠮ ᠳᠠᠭᠠᠤ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠨᠤᠭᠤᠳ ᠬᠢᠯᠢ ᠶᠢᠨ ᠳᠣᠲᠣᠷᠠᠬᠢ ᠤᠰᠤ ᠳᠠᠮᠵᠢᠭᠤᠯᠬᠤ ᠭᠤᠤᠯ ᠱᠤᠭᠤᠮ ᠤᠨ ᠤᠰᠤ ᠬᠡᠷᠡᠭᠯᠡᠬᠦ ᠠᠮᠠᠰᠠᠷ ᠢ ᠬᠠᠮᠢᠶᠠᠷᠤᠨ ᠡᠵᠡᠮᠳᠡᠬᠦ᠂ ᠰᠡᠭᠦᠯ ᠤᠨ ᠤᠰᠤᠨ ᠤ ᠤᠷᠤᠰᠬᠠᠯ ᠢ ᠵᠠᠯᠠᠬᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠵᠢᠴᠢ ᠡᠯ᠎ᠡ ᠲᠥᠷᠥᠯ ᠤᠨ ᠵᠥᠷᠢᠴᠡᠯ ᠢ ᠠᠷᠢᠯᠭᠠᠬᠤ ᠵᠡᠷᠭᠡ ᠠᠵᠢᠯ ᠢ ᠴᠢᠩᠭᠠᠳᠬᠠᠪᠠ᠃      ᠪᠦᠷᠢᠳᠬᠡᠯ ᠢ ᠦᠨᠳᠦᠰᠦᠯᠡᠪᠡᠯ᠂ ᠵᠢᠶᠠᠩᠰᠦ ᠮᠤᠵᠢ ᠶᠢᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ 2013 ᠣᠨ ᠳᠤ ᠵᠢᠩᠬᠢᠨᠢ ᠪᠠᠷ ᠤᠰᠤ ᠨᠡᠪᠲᠡᠷᠡᠭᠰᠡᠨ ᠠᠴᠠ ᠨᠠᠭᠠᠰᠢ᠂ ᠮᠤᠵᠢ ᠶᠢᠨ ᠭᠠᠳᠠᠨ᠎ᠠ ᠨᠡᠶᠢᠲᠡ 54 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠶᠢ ᠵᠠᠯᠠᠨ᠂ ᠤᠮᠠᠷᠠᠲᠤ ᠶᠢᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠪᠠᠶᠢᠳᠠᠯ ᠢ ᠪᠦᠲᠦᠮᠵᠢᠲᠡᠶ ᠪᠠᠷ ᠨᠠᠮᠳᠠᠭᠤᠯᠵᠤ᠂ ᠢᠨᠵᠧᠨᠧᠷᠢᠩ ᠤᠨ ᠦᠷ᠎ᠡ ᠠᠰᠢᠭ ᠢ ᠭᠦᠢᠴᠡᠳ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号