ᠾᠧᠪᠸᠢ ᠮᠤᠵᠢ ᠶᠢᠨ ᠬᠢᠨ ᠲᠠᠪᠤᠨ ︽ᠴᠢᠩᠭᠠᠳᠬᠠᠬᠤ︾ ᠶᠢ ᠳᠣᠪᠤᠶᠢᠯᠭᠠᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠪᠤᠢ
ᠨᠡᠶᠢᠲᠡᠯᠡᠭᠰᠡᠨ ᠴᠠᠭ᠄
2021/5/25
     ᠡᠨᠡ ᠵᠢᠯ ᠠᠴᠠ ᠨᠠᠭᠠᠰᠢ᠂ ᠾᠧᠪᠸᠢ ᠮᠤᠵᠢ ᠶᠢᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠵᠣᠬᠢᠴᠠᠭᠤᠯᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ᠂ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢᠶᠠᠨ ᠴᠢᠩᠭᠠᠳᠬᠠᠨ᠂ ᠳᠡᠭᠡᠳᠦ ᠬᠡᠮᠵᠢᠶ᠎ᠡ ᠪᠠᠷ ᠠᠬᠢᠭᠤᠯᠬᠤ᠂ ᠬᠢᠨᠠᠨ ᠰᠢᠯᠭᠠᠵᠤ ᠦᠨᠡᠯᠡᠨ ᠵᠢᠱᠢᠬᠦ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ᠂ ᠰᠠᠭᠤᠷᠢ ᠠᠵᠢᠯ᠂ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠨᠠᠭᠰᠢᠳᠠ ᠴᠢᠩᠭᠠᠳᠬᠠᠵᠤ᠂ ᠭᠤᠤᠯ ᠮᠦᠷᠡᠨ ᠨᠠᠭᠤᠷ ᠴᠦᠭᠦᠷᠦᠮ ᠤᠨ ᠳᠠᠷᠤᠭ᠎ᠠ ᠶᠢᠨ ᠲᠦᠷᠢᠮ ᠤᠨ ᠣᠨ ᠤ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠪᠠ᠃      ᠳᠡᠭᠡᠳᠦ ᠬᠡᠮᠵᠢᠶ᠎ᠡ ᠪᠠᠷ ᠠᠬᠢᠭᠤᠯᠬᠤ ᠴᠢᠩᠭᠠᠳᠬᠠᠪᠠ᠃ ᠨᠢᠭᠡ ᠳᠤ 2021 ᠣᠨ ᠤ ᠮᠤᠵᠢ ᠶᠢᠨ ᠲᠡᠰ ᠤᠨ ᠶᠡᠷᠦᠩᠬᠡᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠵᠢᠴᠢ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠭᠦᠷᠭᠡ ᠶᠢᠨ ᠨᠠᠷᠢᠨ ᠳᠠᠩᠰᠠ ᠶᠢ ᠲᠣᠭᠲᠠᠭᠠᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠣᠳᠣᠷᠬᠠᠢᠢᠯᠠᠨ᠂ ᠠᠵᠢᠯ ᠤᠨ ᠨᠠᠶᠢᠳᠠᠪᠤᠷᠢᠵᠢᠭᠤᠯᠤᠨ ᠰᠢᠢᠳᠪᠦᠷᠢᠯᠡᠬᠦ ᠶᠢ ᠠᠩᠬᠠᠷᠪᠠ᠃ ᠬᠤᠶᠠᠷ ᠲᠤ ᠮᠤᠵᠢ ᠶᠢᠨ ᠵᠠᠰᠠᠭ ᠤᠨ ᠣᠷᠳᠣᠨ ᠤ ᠬᠢᠨᠠᠨ ᠲᠣᠭᠲᠠᠭᠠᠯᠲᠠ ᠪᠠᠷ ︽ᠾᠧᠪᠸᠢ ᠮᠤᠵᠢ ᠶᠢᠨ 2021 ᠣᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠣᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠶᠡᠷᠦᠩᠬᠡᠢ ᠰᠡᠳᠬᠢᠴᠡ᠂ ᠬᠠᠷᠠᠯᠲᠠ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠪᠣᠯᠤᠨ ᠪᠠᠲᠤᠯᠠᠭ᠎ᠠ ᠶᠢᠨ ᠠᠷᠭ᠎ᠠ ᠬᠡᠮᠵᠢᠶ᠎ᠠ ᠶᠢ ᠲᠣᠳᠣᠷᠬᠠᠢᠢᠯᠠᠪᠠ᠃ ᠭᠤᠷᠪᠠ ᠳᠤ ︽ᠾᠧᠪᠸᠢ ᠮᠤᠵᠢ ᠶᠢᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠣᠨ ᠤ ᠠᠵᠢᠯ ᠤᠨ ᠭᠤᠣᠯᠳᠠᠯᠭ᠎ᠠ︾ ᠶᠢ ᠳᠠᠷᠤᠮᠠᠯᠯᠠᠨ ᠲᠠᠷᠬᠠᠭᠠᠵᠤ᠂ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠤᠨ ᠡᠭᠦᠷᠭᠡ ᠴᠢᠳᠠᠪᠬᠢ ᠳᠤ ᠰᠠᠭᠤᠷᠢᠯᠠᠨ᠂ ᠭᠤᠣᠯᠳᠠᠯᠭ᠎ᠠ ᠲᠠᠢ ᠠᠵᠢᠯ ᠢ ᠲᠣᠳᠣᠷᠬᠠᠢᠢᠯᠠᠵᠤ᠂ ᠡᠯ᠎ᠡ ᠭᠠᠵᠠᠷ ᠤᠨ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠤᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠵᠢᠯᠤᠭᠤᠳᠪᠠ᠃      ᠬᠢᠨᠠᠨ ᠰᠢᠯᠭᠠᠵᠤ ᠦᠨᠡᠯᠡᠨ ᠵᠢᠱᠢᠬᠦ ᠶᠢ ᠴᠢᠩᠭᠠᠳᠬᠠᠪᠠ᠃ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠳᠠᠪᠠᠵᠤ᠂ 2020 ᠣᠨ ᠤ ᠪᠦᠬᠦ ᠮᠤᠵᠢ ᠶᠢᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠵᠤ ᠳᠠᠭᠤᠰᠬᠠᠪᠠ᠃ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ︾ ᠶᠢ ᠴᠢᠬᠤᠯᠠ ᠶᠡᠭᠡ ᠲᠤᠰᠬᠠᠶ ᠵᠦᠢᠯ ᠤᠨ ᠨᠢᠭᠡ ᠪᠣᠯᠭᠠᠨ 2021 ᠣᠨ ᠤ ᠪᠥᠬᠦ ᠮᠤᠵᠢ ᠶᠢᠨ ᠤᠳᠤᠷᠢᠳᠬᠤ ᠪᠠᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮ ᠳᠤ ᠣᠷᠣᠭᠤᠯᠬᠤ ᠪᠠᠷ ᠢᠳᠡᠪᠬᠢᠲᠡᠶ ᠴᠢᠷᠮᠠᠶᠢᠬᠤ ᠶᠢᠨ ᠬᠠᠮᠲᠤ ᠪᠣᠳᠠᠲᠠᠶ ᠰᠢᠯᠭᠠᠨ ᠬᠢᠨᠠᠬᠤ ᠭᠦᠢᠴᠡᠳᠬᠡᠯ ᠲᠤᠭ᠎ᠠ ᠬᠢᠭᠡᠳ ᠬᠤᠪᠢ ᠲᠣᠭᠲᠠᠭᠠᠬᠤ ᠠᠷᠭ᠎ᠠ ᠶᠢ ᠰᠤᠳᠤᠯᠤᠨ ᠳᠤᠷᠠᠳᠴᠤ᠂ 2021 ᠣᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠦᠨᠡᠯᠡᠬᠦ ᠨᠠᠷᠢᠨ ᠲᠦᠷᠢᠮ ᠢ ᠪᠦᠷᠢᠯᠳᠦᠭᠦᠯᠪᠡ᠃ ᠣᠨ ᠤ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮ ᠵᠢᠴᠢ ᠦᠨᠡᠯᠡᠨ ᠵᠢᠱᠢᠬᠦ ᠠᠷᠭ᠎ᠠ ᠶᠢ ᠴᠢᠨᠠᠭᠰᠢᠳᠠ ᠰᠢᠯᠢᠳᠡᠭᠵᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠢ ︽ᠨᠢᠭᠡ ᠭᠠᠵᠠᠷ ᠲᠤ ᠨᠢᠭᠡ ᠳᠠᠩᠰᠠ︾ ᠪᠠᠷ ᠰᠢᠢᠳᠪᠦᠷᠢᠯᠡᠭᠦᠯᠬᠦ ᠪᠠᠷ ᠲᠤᠰᠢᠶᠠᠨ ᠡᠯ᠎ᠡ ᠭᠠᠵᠠᠷ ᠤᠨ ᠬᠢᠨ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠪᠠ᠃      ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠪᠠ᠃ ᠨᠢᠭᠡ ᠳᠤ ᠭᠤᠣᠯᠳᠠᠯᠭ᠎ᠠ ᠲᠠᠢ ᠠᠰᠠᠭᠤᠳᠠᠯ ᠢ ᠲᠤᠬᠠᠢ ᠶᠢᠨ ᠲᠠᠯᠠᠪᠠᠢ ᠳᠤ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ ᠮᠥᠷᠡᠨ ᠨᠠᠭᠤᠷ ᠴᠦᠭᠦᠷᠦᠮ ᠤᠨ ᠳᠠᠭᠠᠭᠤᠯᠢ ᠤᠳᠤᠨ ᠤ ᠠᠯᠤᠰ ᠰᠡᠷᠡᠯ ᠤᠨ ᠬᠢᠨᠠᠨ ᠬᠡᠮᠵᠢᠯᠲᠡ ᠶᠢ ᠠᠰᠢᠭᠯᠠᠨ ᠬᠠᠷᠠᠯᠲᠠ ᠲᠠᠢ ᠪᠠᠷ ᠱᠠᠯᠠᠪᠳᠠᠭᠤᠯᠤᠨ ᠪᠠᠶᠢᠴᠠᠭᠠᠬᠤ ᠶᠢ ᠪᠡᠶᠡᠯᠡᠭᠦᠯᠵᠦ᠂ ᠨᠡᠶᠢᠲᠡᠯᠢᠭ ᠲᠤᠪᠤᠶᠢᠮ᠎ᠠ ᠠᠰᠠᠭᠤᠳᠠᠯ ᠳᠤ ᠬᠠᠷᠢᠭᠤᠴᠠᠯᠭ᠎ᠠ ᠲᠠᠢ ᠭᠤᠣᠯ ᠮᠦᠷᠡᠨ ᠤ ᠳᠠᠷᠤᠭ᠎ᠠ ᠲᠠᠢ ᠨᠢᠭᠤᠷᠳᠡᠨ ᠶᠠᠷᠢᠯᠴᠠᠵᠤ᠂ ᠱᠠᠯᠠᠪᠳᠠᠭᠤᠯᠤᠨ ᠰᠢᠢᠳᠪᠦᠷᠢᠯᠡᠬᠦ ᠶᠢ ᠠᠬᠢᠭᠤᠯᠪᠠ᠃ ᠬᠤᠶᠠᠷ ᠲᠤ ᠭᠤᠤᠯᠳᠠᠯᠭ᠎ᠠ ᠲᠠᠢ ᠭᠤᠤᠯ ᠮᠦᠷᠡᠨ ᠤ ᠳᠠᠭᠠᠭᠤᠯᠢ ᠣᠳᠣᠨ ᠤ ᠠᠯᠤᠰ ᠰᠡᠷᠡᠯ ᠤᠨ ᠬᠥᠳᠡᠯᠦᠩᠭᠦᠢ ᠬᠢᠨᠠᠨ ᠬᠡᠮᠵᠢᠯᠲᠡ ᠶᠢ ᠦᠷᠭᠦᠯᠵᠢᠯᠡᠨ ᠥᠷᠨᠢᠭᠦᠯᠵᠦ᠂ ᠠᠰᠠᠭᠤᠳᠠᠯ ᠤᠨ ᠰᠡᠵᠢᠭ ᠲᠠᠢ ᠵᠢᠷᠤᠭ ᠲᠤ ᠲᠤᠰᠬᠠᠶ ᠣᠷᠣᠨ ᠬᠤᠲᠠ ᠶᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠲᠤᠨᠢ ᠳᠠᠬᠢᠨ ᠬᠢᠨᠠᠬᠤ ᠠᠵᠢᠯ ᠢ ᠥᠷᠨᠢᠭᠦᠯᠵᠦ᠂ ᠳᠠᠬᠢᠨ ᠬᠢᠨᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠴᠠᠭ ᠲᠤᠬᠠᠶ ᠳᠤᠨᠢ ᠵᠠᠷᠯᠠᠨ ᠮᠡᠳᠡᠭᠳᠡᠪᠡ᠃ ᠭᠤᠷᠪᠠ ᠳᠤ ᠣᠳᠣᠬᠠᠨ ᠤ ᠭᠤᠣᠯ ᠮᠥᠷᠡᠨ ᠨᠠᠭᠤᠷ ᠴᠥᠭᠦᠷᠥᠮ ᠢ ᠨᠢᠭᠤᠴᠠ ᠪᠠᠷ ᠰᠤᠷᠪᠤᠯᠵᠢᠯᠠᠵᠤ ᠪᠠᠶᠢᠴᠠᠭᠠᠭᠠᠳ ᠢᠯᠡᠷᠡᠭᠦᠯᠦᠭᠰᠡᠨ ᠭᠤᠣᠯ ᠮᠥᠷᠡᠨ ᠨᠠᠭᠤᠷ ᠴᠥᠭᠦᠷᠥᠮ ᠤᠨ ᠬᠤᠭ ᠨᠣᠪᠰᠢ ᠲᠠᠬᠢᠨ ᠢᠯᠡᠷᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠬᠡᠰᠡᠭ ᠬᠤᠲᠠ ᠰᠢᠶᠠᠨ ᠤ ᠢᠯᠡᠷᠡᠭᠦᠯᠦᠭᠰᠡᠨ ᠬᠤᠭ ᠨᠣᠪᠰᠢ ᠶᠢᠨ ᠨᠡᠶᠢᠲᠡᠯᠢᠭ ᠲᠤᠪᠤᠶᠢᠮ᠎ᠠ ᠠᠰᠠᠭᠤᠳᠠᠯ ᠢ ᠪᠦᠬᠦ ᠮᠤᠵᠢ  ᠳᠤ ᠵᠠᠷᠯᠠᠨ ᠮᠡᠳᠡᠭᠳᠡᠵᠦ ᠰᠡᠷᠡᠮᠵᠢᠯᠡᠭᠦᠯᠪᠡ᠃ ᠲᠦᠷᠪᠡ ᠳᠤ ᠭᠤᠣᠯ ᠮᠥᠷᠡᠨ ᠤ ᠳᠠᠷᠤᠭ᠎ᠠ ᠶᠢᠨ ᠲᠦᠷᠢᠮ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠳᠤ ᠲᠦᠰᠢᠭᠯᠡᠵᠦ᠂ ᠪᠦᠬᠦ ᠮᠤᠵᠢ ᠶᠢᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠠᠰᠠᠭᠤᠳᠠᠯ ᠤᠨ ︽ᠨᠢᠭᠡ ᠳᠠᠩᠰᠠ︾ ᠶᠢ ᠪᠠᠶᠢᠭᠤᠯᠤᠨ ᠪᠦᠷᠢᠨᠰᠢᠬᠦᠯᠵᠦ᠂ ︽ᠪᠠᠶᠢᠴᠠᠭᠠᠬᠤ᠂ ᠮᠡᠳᠡᠷᠡᠬᠦ᠂ ᠥᠭᠡᠷᠡᠴᠢᠯᠡᠬᠦ᠂ ᠲᠣᠷᠭᠠᠬᠤ︾ ᠪᠦᠬᠦ ᠶᠠᠪᠤᠴᠠ ᠶᠢᠨ ᠰᠦᠯᠵᠢᠶᠡᠨ ᠳᠡᠭᠡᠷᠡᠬᠢ ᠬᠠᠮᠢᠶᠠᠷᠤᠯᠲᠠ ᠶᠢ ᠪᠡᠶᠡᠯᠡᠭᠦᠯᠪᠡ᠃      ᠰᠠᠭᠤᠷᠢ ᠠᠵᠢᠯ ᠢ ᠴᠢᠩᠭᠠᠳᠬᠠᠪᠠ᠃ ᠨᠢᠭᠡ ᠳᠤ ᠤᠰᠤᠨ ᠠᠰᠢᠭᠯᠠᠯᠲᠠ ᠶᠢᠨ ᠶᠠᠮᠤᠨ ᠤ ᠭᠤᠤᠯ ᠮᠥᠷᠡᠨ ᠨᠠᠭᠤᠷ ᠴᠥᠭᠦᠷᠥᠮ ᠤᠨ ᠡᠷᠡᠭᠦᠯ ᠮᠡᠨᠳᠦ ᠶᠢᠨ ᠦᠨᠡᠯᠡᠯᠲᠡ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ︽ᠾᠧᠪᠸᠢ ᠮᠤᠵᠢ ᠶᠢᠨ ᠭᠤᠤᠯ ᠮᠥᠷᠡᠨ ᠨᠠᠭᠤᠷ ᠴᠥᠭᠦᠷᠥᠮ ᠤᠨ ᠡᠷᠡᠭᠦᠯ ᠮᠡᠨᠳᠦ ᠶᠢᠨ ᠦᠨᠡᠯᠡᠯᠲᠡ ᠶᠢᠨ ᠬᠥᠲᠥᠯᠪᠦᠷᠢ ︵ᠲᠤᠷᠰᠢᠨ ᠬᠡᠷᠡᠭᠵᠢᠭᠦᠯᠬᠦ︶︾ ᠶᠢ ᠰᠤᠳᠤᠯᠤᠨ ᠲᠣᠭᠲᠠᠭᠠᠵᠤ᠂ ᠲᠤᠷᠰᠢᠨ ᠦᠨᠡᠯᠡᠬᠦ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠪᠡ᠃ ᠬᠤᠶᠠᠷ ᠲᠤ᠂ ᠪᠦᠬᠦ ᠮᠤᠵᠢ ᠶᠢᠨ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠠᠬᠢ ᠭᠤᠣᠯ ᠮᠥᠷᠡᠨ ᠨᠠᠭᠤᠷ ᠴᠥᠭᠦᠷᠥᠮ ᠤᠨ ᠡᠷᠬᠢᠨ ᠲᠣᠭᠤᠷᠢᠨ ᠤ ᠠᠶᠢᠯ ᠲᠣᠰᠬᠤᠨ ᠤ ᠦᠨᠳᠦᠰᠦᠨ ᠮᠡᠳᠡᠭᠡ ᠵᠠᠩᠭᠢ ᠪᠠ ᠭᠤᠣᠯ ᠪᠣᠬᠢᠷᠲᠤᠯ ᠤᠨ ᠡᠬᠢ ᠶᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠢ ᠵᠠᠰᠠᠵᠤ ᠬᠠᠮᠢᠶᠠᠷᠤᠨ ᠬᠠᠮᠠᠭᠠᠯᠠᠬᠤ ᠬᠠᠷᠠᠯᠲᠠᠳᠤ ᠡᠭᠦᠷᠭᠡ ᠶᠢ ᠰᠤᠳᠤᠯᠤᠨ ᠲᠣᠭᠲᠠᠭᠠᠬᠤ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠪᠠ ᠮᠡᠷᠭᠡᠵᠢᠯ ᠤᠨ ᠳᠡᠮᠵᠢᠯᠭᠡ ᠬᠠᠩᠭᠠᠪᠠ᠃ ᠭᠤᠷᠪᠠ ᠳᠤ ᠬᠡᠰᠡᠭ ᠨᠡᠶᠢᠲᠡᠯᠢᠭ ᠰᠢᠶᠠᠨ ᠲᠣᠭᠤᠷᠢᠭ ᠢ ᠰᠣᠩᠭᠤᠵᠤ᠂ ᠠᠳᠠᠯᠢ ᠪᠤᠰᠤ ᠲᠠᠯ᠎ᠠ ᠠᠴᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮᠲᠦ ᠨᠡᠶᠢᠲᠡᠯᠢᠭ ᠵᠢᠱᠢᠶ᠎ᠠ ᠦᠵᠡᠭᠦᠯᠬᠦ ᠰᠢᠶᠠᠨ ᠤ ᠪᠦᠳᠦᠭᠡᠨ ᠪᠠᠶᠢᠭᠤᠯᠤᠯᠲᠠ ᠶᠢ ᠥᠷᠨᠢᠭᠦᠯᠵᠦ᠂ ᠪᠦᠬᠦ ᠮᠤᠵᠢ ᠶᠢᠨ ᠠᠵᠢᠯ ᠢ ᠠᠬᠢᠭᠤᠯᠬᠤ ᠳᠤ ᠲᠤᠯᠢ ᠪᠣᠯᠭᠠᠵᠤ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠨᠡᠶᠢᠲᠡᠯᠢᠭ ᠲᠤᠷᠰᠢᠯᠭ᠎ᠠ ᠶᠢ ᠬᠠᠩᠭᠠᠪᠠ᠃ ᠲᠦᠷᠪᠡ ᠳᠤ ᠮᠤᠵᠢ ᠶᠢᠨ ᠲᠡᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠠᠵᠢᠯ ᠤᠨ ᠭᠠᠷ ᠳᠡᠪᠲᠡᠷ ᠢ ᠵᠠᠰᠠᠨ ᠨᠠᠶᠢᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠠᠴᠠ ᠨᠠᠭᠠᠰᠢᠬᠢ ᠮᠠᠨ ᠤ ᠮᠤᠵᠢ ᠶᠢᠨ ᠭᠤᠣᠯ ᠮᠥᠷᠡᠨ ᠨᠠᠭᠤᠷ ᠴᠥᠭᠦᠷᠥᠮ ᠢ ᠵᠠᠰᠠᠵᠤ ᠬᠠᠮᠠᠭᠠᠯᠠᠬᠤ ᠬᠤᠯᠪᠣᠭᠳᠠᠯ ᠪᠦᠬᠦᠢ ᠠᠭᠤᠯᠭ᠎ᠠ ᠶᠢ ᠨᠥᠬᠦᠪᠥᠷᠢᠯᠡᠨ ᠲᠡᠭᠦᠯᠳᠡᠷᠵᠢᠭᠦᠯᠪᠡ᠃      ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠪᠠ᠃ ᠾᠧᠪᠧᠶ ᠶᠢᠨ ᠲᠧᠯᠸᠢᠰ ᠬᠤᠷᠢᠶ᠎ᠠ᠂ ᠾᠧᠪᠧᠶ ᠶᠢᠨ ᠡᠳᠦᠷ ᠤᠨ ᠰᠣᠨᠢᠨ᠂ ᠴᠠᠩ ᠴᠧᠩ ᠰᠦᠯᠵᠢᠶ᠎ᠡ ᠵᠡᠷᠭᠡ ᠮᠤᠵᠢ ᠶᠢᠨ ᠳᠣᠲᠣᠷᠠᠬᠢ ᠭᠤᠣᠯ ᠵᠠᠭᠤᠴᠢᠯᠠᠭᠤᠷ ᠤᠳ ᠢ ᠢᠳᠡᠪᠬᠢᠲᠡᠶ ᠪᠠᠷ ᠵᠣᠯᠭᠠᠯᠴᠠᠭᠤᠯᠤᠨ ᠨᠡᠪᠲᠡᠷᠡᠭᠦᠯᠵᠦ᠂ ᠬᠤᠯᠪᠣᠭᠳᠠᠯ ᠪᠦᠬᠦᠢ ᠮᠡᠳᠡᠭᠡᠯᠡᠯ ᠢ 66 ᠬᠤᠪᠢ ᠵᠣᠬᠢᠶᠠᠨ ᠪᠠᠶᠢᠭᠤᠯᠤᠨ ᠨᠡᠶᠢᠲᠡᠯᠡᠵᠦ᠂ ᠴᠠᠩ ᠴᠧᠩ ᠰᠢᠨ᠎ᠡ ᠵᠠᠭᠤᠴᠢᠯᠠᠭᠤᠷ ᠲᠠᠢ ᠬᠠᠮᠲᠤᠷᠠᠨ ᠬᠤᠶᠠᠳᠤᠭᠠᠷ ᠬᠤᠭᠤᠴᠠᠭᠠᠨ ᠤ ᠾᠧᠪᠸᠢ ᠮᠤᠵᠢ ᠶᠢᠨ ︽ᠦᠵᠡᠰᠭᠦᠯᠡᠩᠳᠤ ᠰᠠᠶᠢᠬᠠᠨ ᠭᠤᠣᠯ ᠮᠦᠷᠡᠨ ᠨᠠᠭᠤᠷ ᠴᠦᠭᠦᠷᠦᠮ︾ ᠤᠨ ᠱᠠᠩᠨᠠᠯ ᠣᠯᠭᠤᠬᠤ ᠵᠢᠴᠢ ᠵᠠᠭᠤᠴᠢᠯᠠᠭᠤᠷ ᠤᠨ ᠮᠡᠳᠡᠭᠡᠯᠡᠯ ᠤᠨ ᠡᠬᠢᠯᠡᠯᠲᠡ ᠶᠢᠨ ᠶᠣᠰᠣᠯᠠᠯ ᠢ ᠬᠢᠭᠰᠡᠨ ᠪᠥᠭᠡᠳ ᠾᠧᠪᠸᠢ ᠮᠤᠵᠢ ᠶᠢᠨ ᠭᠤᠣᠯ ᠮᠦᠷᠡᠨ ᠨᠠᠭᠤᠷ ᠴᠦᠭᠦᠷᠦᠮ ᠤᠨ ᠳᠠᠷᠤᠭ᠎ᠠ ᠶᠢᠨ ᠲᠦᠷᠢᠮ ᠢ ᠬᠡᠷᠡᠭᠵᠢᠭᠦᠯᠦᠭᠰᠡᠨ ᠠᠬᠢᠴᠠ ᠶᠢᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠦᠬᠦ ᠮᠤᠵᠢ ᠶᠢᠨ ᠭᠤᠣᠯ ᠮᠦᠷᠡᠨ ᠨᠠᠭᠤᠷ ᠴᠦᠭᠦᠷᠦᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠦᠷ᠎ᠡ ᠪᠦᠲᠦᠮᠵᠢ ᠶᠢ ᠨᠡᠶᠢᠭᠡᠮ ᠳᠠᠶᠠᠭᠠᠷ ᠲᠤ ᠤᠬᠠᠭᠤᠯᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号