ᠾᠧᠨᠠᠨ ᠮᠤᠵᠢ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠤᠨ ᠸᠢᠳᠢᠣ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/5/25
      2021 ᠣᠨ ᠤ 5 ᠰᠠᠷ᠎ᠠ ᠶᠢᠨ 19 ᠤ ᠦᠳᠡ ᠶᠢᠨ ᠡᠮᠦᠨ᠎ᠡ᠂ ᠾᠧᠨᠠᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠠᠴᠠ ᠪᠥᠬᠦ ᠮᠤᠵᠢ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠪᠦᠬᠦ ᠤᠯᠤᠰ ᠤᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠪᠠ ᠠᠵᠢᠯᠯᠠᠭᠠᠨ ᠢ ᠬᠠᠮᠢᠶᠠᠷᠤᠨ ᠬᠠᠮᠠᠭᠠᠯᠠᠬᠤ ᠠᠵᠢᠯ ᠤᠨ ᠬᠤᠷᠠᠯ᠂ ᠪᠦᠬᠦ ᠤᠯᠤᠰ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠾᠧᠨᠠᠨ ᠮᠤᠵᠢ ᠶᠢᠨ ︽ᠠᠷᠪᠠᠨ ᠭᠤᠷᠪᠠᠳᠤᠭᠠᠷ ᠲᠠᠪᠤᠨ     ᠵᠢᠯ︾ ᠵᠢᠴᠢ 2020 ᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠢᠬᠤᠯᠠ ᠠᠵᠢᠯ ᠢ ᠪᠠᠶᠢᠷᠢᠯᠠᠭᠤᠯᠵᠤ᠂ 2021 ᠣᠨ ᠤ ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠱᠧᠨ ᠵᠢᠢ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠱᠧᠨ ᠵᠢᠢ ᠸᠧᠢ ᠾᠧᠨᠠᠨ ᠮᠤᠵᠢ ᠶᠢᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠮᠤᠵᠢ ᠶᠢᠨ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ︽ᠠᠷᠪᠠᠨ ᠵᠢᠷᠭᠤᠭᠠᠨ ᠦᠰᠦᠭ︾ ᠤᠨ ᠤᠰᠤ ᠵᠠᠰᠠᠬᠤ ᠰᠡᠳᠬᠢᠴᠡ ᠶᠢ ᠭᠦᠨᠵᠡᠭᠡᠶ ᠲᠤᠭᠤᠰᠢᠯᠠᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠰᠠᠭᠤᠷᠢ ᠲᠠᠰᠤᠷᠠᠯᠲᠠ ᠦᠭᠡᠶ ᠪᠠᠬᠢᠵᠢᠨ᠂ ᠵᠢᠷᠤᠮᠵᠢᠭᠰᠠᠨ᠂ ᠮᠡᠳᠡᠭᠡ ᠵᠠᠩᠭᠢᠵᠢᠭᠰᠠᠨ᠂ ᠪᠠᠷᠢᠮᠵᠢᠶᠠᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠠᠭᠢᠭᠤᠯᠵᠤ᠂ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠶ ᠴᠢᠩᠭᠠᠷᠠᠭᠤᠯᠤᠨ᠂ ᠪᠠᠭ᠎ᠠ ᠤᠰᠤᠨ ᠴᠥᠭᠦᠷᠥᠮ ᠤᠨ ᠬᠠᠮᠢᠶᠠᠷᠤᠯᠲᠠ ᠶᠢᠨ ᠥᠭᠡᠷᠡᠴᠢᠯᠡᠯᠲᠡ᠂ ᠤᠰᠤᠨ ᠳᠤ ᠵᠢᠪᠴᠦ ᠥᠭᠦᠬᠦ ᠶᠢ ᠰᠡᠷᠭᠡᠶᠢᠯᠡᠬᠦ᠂ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠢᠯᠯᠠᠭᠠᠨ ᠤ ᠬᠠᠮᠢᠶᠠᠷᠤᠯᠲᠠ ᠶᠢᠨ ᠡᠩᠨᠡᠭᠡ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠶᠡᠷᠦᠩᠬᠡᠶ ᠳᠡᠭᠡᠨ ᠠᠮᠤᠷ ᠲᠦᠪᠰᠢᠨ ᠪᠠᠶᠢᠵᠤ᠂ ᠥᠩᠭᠡᠷᠡᠭᠰᠡᠨ ᠵᠢᠯ ᠤᠳ ᠤᠨ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠳᠤᠮᠳᠠ ᠴᠢᠬᠤᠯᠠ ᠦᠢᠯᠡᠳᠦᠯ ᠪᠠᠳᠠᠷᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ᠂ ᠤᠰᠤ ᠬᠠᠩᠭᠠᠬᠤ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠱᠧᠨ ᠵᠢᠶ ᠸᠧᠶ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠠ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠡᠷᠡᠰ ᠭᠤᠶᠢᠪᠢᠰᠢ ᠥᠬᠡᠶ ᠪᠠᠷ ᠠᠬᠢᠭᠤᠯᠤᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠡᠭᠡᠭᠡᠪᠦᠷᠢ ᠶᠢᠨ ᠬᠠᠮᠢᠶᠠᠷᠤᠯᠳᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠢᠷᠡᠬᠦ 5 ᠵᠢᠯ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠠᠵᠢᠯ ᠤᠨ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠡᠭᠦᠷᠭᠡ ᠶᠢᠨ ᠪᠢᠴᠢᠭ ᠢ ᠲᠣᠳᠣᠷᠬᠠᠢᠢᠯᠠᠬᠤ ᠬᠡᠷᠡᠭᠳᠠᠢ᠃ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠪᠠ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠵᠤ᠂ ᠤᠰᠤᠨ ᠴᠥᠭᠦᠷᠥᠮ᠂ ᠬᠠᠰᠢᠯᠭ᠎ᠠ᠂ ᠤᠰᠤᠨ ᠬᠠᠭᠠᠯᠲᠠ ᠵᠡᠷᠭᠡ ᠢᠨᠵᠧᠨᠧᠷᠢᠩ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠪᠠᠷᠢᠯᠭ᠎ᠠ ᠶᠢᠨ ᠠᠵᠢᠯᠯᠠᠭᠠᠨ ᠢ ᠬᠠᠮᠢᠶᠠᠷᠤᠨ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠠᠰᠠᠭᠤᠳᠠᠯ ᠠᠴᠠ ᠪᠣᠯᠵᠣ ᠪᠠᠷᠢᠮᠵᠢᠶ᠎ᠠ ᠶᠢᠨ ᠳᠣᠲᠣᠷᠠᠬᠢ ᠦᠶᠡᠷ ᠤᠨ ᠪᠠᠷᠢᠯᠭ᠎ᠠ ᠶᠢᠨ ᠠᠳᠡᠯ ᠭᠠᠷᠬᠤ ᠬᠡᠷᠡᠭ᠂ ᠪᠠᠷᠢᠮᠵᠢᠶ᠎ᠠ ᠠᠴᠠ ᠬᠡᠲᠦᠷᠡᠭᠰᠡᠨ ᠦᠶᠡᠷ ᠠᠴᠠ ᠪᠤᠯᠵᠤ ᠬᠥᠮᠦᠨ ᠬᠠᠷ᠎ᠠ ᠥᠭᠦᠵᠦ ᠰᠢᠷᠬᠠᠲᠤᠭᠰᠠᠨ ᠬᠦᠨᠳᠦ ᠶᠡᠭᠡ ᠬᠡᠷᠡᠭ ᠭᠠᠷᠬᠤ ᠠᠴᠠ ᠡᠷᠡᠰ ᠵᠠᠶᠢᠯᠠᠰᠬᠢᠵᠦ᠂ ᠭᠤᠤᠯᠳᠠᠯᠭ᠎ᠠ ᠲᠠᠢ ᠲᠦᠬᠦᠷᠦᠮᠵᠢ ᠶᠢᠨ ᠠᠮᠤᠷ ᠲᠦᠪᠰᠢᠨ ᠢ ᠡᠷᠡᠰ ᠪᠠᠲᠤᠯᠠᠨ᠂ ᠠᠵᠢᠯᠯᠠᠭᠠᠨ ᠤ ᠠᠮᠤᠷ ᠲᠦᠪᠰᠢᠨ ᠬᠢᠭᠡᠳ ᠦᠷ᠎ᠡ ᠠᠰᠢᠭ ᠢ ᠪᠠᠳᠠᠷᠠᠭᠤᠯᠬᠤ ᠬᠤᠤᠰ ᠬᠠᠷᠠᠯᠲᠠ ᠶᠢ ᠪᠡᠶᠡᠯᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠭᠰᠠᠨ ᠪᠠᠶᠢᠨ᠎ᠠ᠃      ᠱᠧᠨ ᠵᠢᠶ ᠸᠧᠶ᠂ 2021 ᠣᠨ ᠳᠤ ᠡᠯ᠎ᠡ ᠭᠠᠵᠠᠷ ᠤᠨ ᠬᠢᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠮᠡᠳᠡᠭᠳᠡᠯ︾ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠴᠥᠭᠦᠷᠥᠮ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ᠂ ᠠᠶᠤᠯ ᠢ ᠠᠷᠢᠯᠭᠠᠨ ᠪᠠᠬᠢᠵᠢᠭᠦᠯᠬᠦ ᠪᠠ ᠪᠠᠭ᠎ᠠ ᠬᠡᠯᠪᠡᠷᠢ ᠶᠢᠨ ᠤᠰᠤᠨ ᠴᠥᠭᠦᠷᠥᠮ ᠤᠨ ᠪᠣᠷᠣᠭᠠᠨ ᠤ ᠤᠰᠤᠨ ᠤ ᠪᠠᠶᠢᠳᠠᠯ ᠢ ᠬᠡᠮᠵᠢᠨ ᠮᠡᠳᠡᠭᠦᠯᠬᠦ᠂ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠲᠥᠬᠦᠭᠡᠷᠦᠮᠵᠢ ᠶᠢᠨ ᠣᠨ ᠤ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠵᠦ᠂ ᠪᠠᠭ᠎ᠠ ᠬᠡᠯᠪᠡᠷᠢ ᠶᠢᠨ ᠤᠰᠤᠨ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢᠨ ᠰᠢᠨ᠎ᠡ ᠶᠢ ᠢᠳᠡᠪᠬᠢᠲᠡᠶ ᠪᠠᠷ ᠡᠭᠦᠳᠬᠦ ᠬᠡᠷᠡᠭᠲᠡᠶ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ︽ᠬᠤᠨ ᠭᠠᠯᠠᠭᠤ︾ ︽ᠪᠣᠷᠣ ᠬᠡᠷᠢᠰ︾ ᠤᠨ ᠬᠡᠷᠡᠭ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠶ︔ ᠠᠮᠢ ᠠᠬᠤᠶ ᠶᠢᠨ ᠪᠣᠯᠪᠠᠰᠤᠨ ᠤ ᠤᠬᠠᠮᠰᠠᠷ ᠢ ᠴᠢᠩᠭᠠᠷᠠᠭᠤᠯᠵᠤ᠂ ᠰᠠᠭᠤᠷᠢ ᠮᠡᠳᠡᠭᠡ ᠵᠠᠩᠭᠢ ᠶᠢᠨ ᠡᠬᠡ ᠲᠠᠩᠰᠠ ᠶᠢ ᠬᠠᠷᠭᠤᠭᠤᠯᠤᠨ ᠬᠢᠨᠠᠬᠤ᠂ ᠤᠯᠤᠰ ᠤᠨ ᠥᠮᠴᠢᠯᠡᠯᠲᠦ ᠢᠨᠵᠧᠨᠧᠷᠢᠩ ᠤᠨ ᠵᠠᠭᠠᠭ ᠲᠣᠭᠲᠠᠭᠠᠬᠤ᠂ ᠭᠤᠤᠯ ᠮᠥᠷᠡᠨ ᠳᠤ ᠬᠤᠯᠪᠣᠭᠳᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ᠂ ᠲᠤᠰᠬᠠᠶ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠤᠰᠤᠨ ᠴᠥᠭᠦᠷᠥᠮ ᠤᠨ ᠠᠮᠢ ᠠᠬᠤᠶ ᠶᠢᠨ ᠲᠡᠵᠢᠭᠡᠨ ᠦᠷᠡᠵᠢᠭᠦᠯᠬᠦ᠂ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠬᠦ ᠬᠡᠷᠡᠭᠳᠡᠢ︔ ᠲᠡᠭᠡᠭᠡᠪᠦᠷᠢ ᠶᠢᠨ ᠬᠠᠮᠢᠶᠠᠷᠤᠯᠳᠠ ᠶᠢᠨ ᠡᠩᠨᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠬᠠᠮᠢᠶᠠᠷᠤᠯᠲᠠ ᠶᠢᠨ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠴᠢᠨᠠᠷ ᠪᠠ ᠲᠤᠬᠠᠢᠢᠯᠠᠭᠰᠠᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号