ᠾᠧᠨᠠᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ 2021 ᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠸᠢᠳᠢᠣ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/5/25
     5 ᠰᠠᠷ᠎ᠠ ᠶᠢᠨ 20 ᠤ ᠦᠳᠡ ᠶᠢᠨ ᠬᠤᠶᠢᠨ᠎ᠠ᠂ ᠾᠧᠨᠠᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ 2021 ᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠸᠢᠳᠢᠣ᠋ ᠬᠤᠷᠠᠯ  ᠢ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ ᠯᠢᠦ ᠵᠧᠩ ᠼᠠᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠢᠶᠠᠨ ᠰᠢᠨ ᠲᠢᠩᠬᠢᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠢᠶᠠᠨ ᠲᠦᠯᠦᠭᠡᠯᠡᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠬᠢᠵᠦ᠂  ᠲᠢᠩᠬᠢᠮ ᠤᠨ ᠳᠡᠰ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠯᠢᠦ ᠵᠧᠩ ᠼᠠᠢ᠂ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠨᠢᠭᠡᠴᠢ ᠶᠢ ᠡᠭᠦᠳᠬᠦ ᠪᠣᠯ ᠾᠧᠨᠠᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠤᠨ ᠤᠢᠢᠷ᠎ᠠ ᠶᠢᠨ ᠵᠢᠯ ᠳᠤ ᠣᠯᠤᠭᠰᠠᠨ ᠬᠠᠮᠤᠭ ᠤᠨ ᠦᠨ᠎ᠡ ᠴᠡᠨ᠎ᠡ ᠲᠠᠢ᠂ ᠶᠡᠷᠦᠩᠬᠡᠶᠢᠯᠡᠭᠰᠡᠨ ᠴᠢᠨᠠᠷ ᠢᠶᠠᠷ ᠬᠠᠮᠤᠭ ᠤᠨ ᠴᠢᠩᠭ᠎ᠠ᠂ ᠨᠥᠯᠥᠭᠡᠯᠡᠬᠦ ᠬᠦᠴᠦᠨ ᠢᠶᠠᠷ ᠬᠠᠮᠤᠭ ᠤᠨ ᠶᠡᠭᠡ ᠢᠷᠠᠭᠤ ᠠᠯᠳᠠᠷ ᠪᠣᠯᠤᠨ᠎ᠠ᠂ ᠪᠦᠬᠦ ᠲᠢᠩᠬᠢᠮ ᠤᠨ ᠲᠤᠮᠤ ᠶᠠᠪᠤᠳᠠᠯ᠂ ᠪᠠᠶᠠᠷᠲᠤ ᠶᠠᠪᠤᠳᠠᠯ ᠪᠣᠯᠤᠨ᠎ᠠ᠂ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ ᠲᠤᠷᠰᠢᠯᠭ᠎ᠠ ᠰᠤᠷᠭᠠᠮᠵᠢ ᠨᠢ ᠲᠦᠢᠯ ᠤᠨ ᠡᠷᠬᠢᠮ ᠨᠠᠨᠳᠢᠨ ᠶᠤᠮ᠃ ᠪᠥᠬᠦ ᠲᠢᠩᠬᠢᠮ ᠤᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠢᠷᠠᠭᠤ ᠠᠯᠳᠠᠷ ᠢᠶᠠᠨ ᠨᠠᠨᠳᠢᠩᠨᠠᠨ᠂ ᠴᠤᠭ ᠰᠦᠯᠳᠡ ᠪᠠᠨ ᠪᠠᠳᠠᠷᠠᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢᠶᠠᠨ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠪᠥᠬᠦ ᠮᠤᠵᠢ ᠶᠢᠨ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠨᠢᠭᠡ ᠳᠤ ᠪᠦᠬᠦ ᠤᠯᠤᠰ ᠤᠨ ᠪᠣᠯᠪᠠᠰᠤᠨ ᠨᠢᠭᠡᠴᠢ ᠶᠢ ᠡᠭᠦᠳᠦᠨ ᠪᠠᠶᠢᠭᠤᠯᠤᠭᠰᠠᠨ ᠲᠤᠷᠰᠢᠯᠭ᠎ᠠ ᠠᠮᠵᠢᠯᠲᠠ ᠶᠢ ᠭᠦᠢᠴᠡᠳ ᠨᠤᠲᠠᠯᠠᠬᠤ ᠬᠡᠷᠡᠭᠲᠡᠢ᠄ ᠤᠷᠳᠤ ᠬᠤᠭᠤᠴᠠᠭᠠᠨ ᠤ ᠳᠤᠷᠰᠢ ᠴᠥᠬᠦᠷᠡᠰᠢ ᠦᠭᠡᠢ ᠲᠡᠮᠡᠴᠡᠵᠦ᠂ ᠪᠦᠭᠦᠳᠡᠭᠡᠷ ᠢᠶᠠᠨ ᠰᠡᠳᠬᠢᠯ ᠨᠢᠭᠡᠳᠦᠨ ᠪᠦᠬᠦ ᠠᠵᠢᠯᠲᠠᠳ ᠢᠶᠠᠷ ᠢᠶᠠᠨ ᠬᠠᠮᠲᠤ ᠪᠠᠷ ᠪᠠᠶᠢᠭᠤᠯᠵᠤ᠂ ᠡᠭᠦᠳᠦᠨ ᠪᠠᠶᠢᠭᠤᠯᠬᠤ ᠲᠤᠬᠠᠢᠢᠯᠠᠭᠰᠠᠨ ᠠᠵᠢᠯ ᠢ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠵᠤ᠂ ᠡᠩ ᠤᠨ ᠦᠶ᠎ᠠ ᠶᠢᠨ ᠰᠠᠭᠤᠷᠢ ᠶᠢ ᠪᠠᠲᠤᠳᠬᠠᠵᠤ᠂ ᠰᠡᠳᠬᠢᠴᠡ ᠶᠢᠨ ᠰᠢᠨ᠎ᠡ ᠶᠢ ᠡᠭᠦᠳᠬᠦ ᠠᠴᠢᠶᠠᠯᠠᠪᠤᠷᠢ ᠶᠢ ᠪᠠᠶᠠᠯᠢᠭᠵᠢᠭᠤᠯᠬᠤ ᠬᠡᠷᠡᠭᠳᠠᠢ᠃ ᠡᠳᠡᠭᠡᠷ ᠲᠤᠷᠰᠢᠯᠭ᠎ᠠ ᠨᠢ ᠬᠤᠶᠢᠰᠢᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠳᠤ ᠠᠰᠢᠭᠲᠠᠶ ᠰᠡᠩᠬᠡᠷᠡᠭᠦᠯᠦᠯ ᠪᠠ ᠴᠢᠬᠤᠯᠠ ᠯᠠᠪᠯᠠᠯᠲᠠ ᠬᠠᠩᠭᠠᠭᠰᠠᠨ ᠪᠥᠭᠡᠳ ᠪᠠᠰᠠ ᠡᠾᠧᠨᠠᠨ ᠤ ᠤᠰᠤᠨ ᠠᠰᠢᠭᠯᠠᠯᠲᠠ ᠶᠢᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠴᠢ ᠬᠦᠴᠦᠨ ᠢ ᠨᠡᠮᠡᠷᠢᠯᠡᠭᠰᠡᠨ ᠪᠠᠶᠢᠨ᠎ᠠ᠃ ᠬᠤᠶᠠᠷ ᠲᠤ ᠡᠭᠦᠳᠦᠨ ᠪᠠᠶᠢᠭᠤᠯᠬᠤ ᠶᠠᠪᠤᠴᠠ ᠳᠤ ᠪᠦᠷᠢᠯᠳᠦᠭᠰᠡᠨ ᠰᠠᠶᠢᠨ ᠰᠠᠶᠢᠬᠠᠨ ᠬᠡᠪ ᠰᠤᠷᠲᠠᠯ ᠢ ᠶᠡᠭᠡ ᠪᠠᠷ ᠪᠠᠳᠠᠷᠠᠭᠤᠯᠵᠤ᠂ ᠤᠷᠠᠨ ᠲᠠᠷᠬᠠᠨ ᠤ ᠵᠣᠷᠢᠭ ᠰᠠᠨᠠᠭ᠎ᠠ᠂ ᠰᠡᠳᠬᠢᠯ ᠨᠢᠭᠡᠳᠦᠭᠰᠡᠨ ᠪᠦᠯᠬᠦᠮ ᠨᠡᠶᠢᠲᠡ ᠶᠢᠨ ᠵᠣᠷᠢᠭ ᠰᠠᠨᠠᠭ᠎ᠠ᠂ ᠵᠠᠮ ᠨᠡᠭᠡᠭᠡᠨ ᠤᠷᠤᠭᠰᠢᠯᠠᠬᠤ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠴᠢᠨᠠᠭᠰᠢᠳᠠ ᠪᠠᠳᠠᠷᠠᠭᠤᠯᠤᠨ᠂ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠶᠢᠨ ᠰᠠᠶᠢᠬᠠᠨ ᠤᠰᠤᠨ ᠠᠰᠢᠭᠯᠠᠯᠲᠠ ᠶᠢᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠭᠤᠷᠪᠠ ᠳᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠴᠢᠩᠭᠠᠳᠬᠠᠵᠤ᠂ ᠰᠠᠶᠢᠨ ᠰᠠᠶᠢᠬᠠᠨ ᠶᠣᠰᠣ ᠰᠤᠷᠲᠠᠬᠤᠨ ᠬᠡᠪ ᠰᠤᠷᠲᠠᠯ ᠢ ᠪᠤᠢ ᠪᠣᠯᠭᠠᠵᠤ᠂ ᠪᠣᠯᠪᠠᠰᠤᠨ ᠢ ᠡᠭᠦᠳᠦᠨ ᠪᠠᠶᠢᠭᠤᠯᠬᠤ ᠬᠢᠯᠠᠰ ᠴᠡᠭ ᠢ ᠪᠤᠢ ᠪᠣᠯᠭᠠᠵᠤ᠂ ᠲᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠰᠢᠨ᠎ᠡ ᠴᠠᠭ ᠦᠶ᠎ᠠ ᠶᠢᠨ ᠾᠧᠨᠠᠨ ᠤ ᠤᠰᠤᠨ ᠠᠰᠢᠭᠯᠠᠯᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ 2020 ᠣᠨ ᠤ ᠪᠦᠬᠦ ᠲᠢᠩᠬᠢᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠡᠷᠢᠭᠦᠨ ᠤ ᠨᠢᠭᠡᠴᠢ᠂ ᠪᠣᠯᠪᠠᠰᠤᠨ ᠤ ᠭᠠᠵᠠᠷ ᠳᠠᠰᠤᠭ᠂ ᠲᠡᠷᠢᠭᠦᠨ ᠤ ᠬᠤᠪᠢ ᠬᠥᠮᠦᠨ᠂ ᠰᠠᠶᠢᠨ ᠳᠤᠷᠠᠴᠤᠤᠯ ᠤᠨ ᠦᠢᠯᠡᠴᠢᠯᠡᠭᠡᠨ ᠤ ᠠᠵᠢᠯ ᠤᠨ ᠲᠡᠷᠢᠭᠦᠨ ᠤ ᠬᠠᠮᠲᠤ᠂ ᠰᠢᠯᠢᠳᠡᠭ ᠰᠠᠶᠢᠨ ᠳᠤᠷᠠᠴᠤᠤᠯ ᠤᠨ ᠦᠢᠯᠡᠴᠢᠯᠡᠭᠡᠨ ᠤ ᠠᠵᠢᠯᠳᠠᠨ ᠢ ᠬᠥᠬᠢᠭᠦᠯᠦᠨ ᠰᠠᠶᠢᠰᠢᠶᠠᠪᠠ︔ ᠲᠥᠷᠥ ᠶᠢᠨ ᠪᠣᠳᠣᠯᠭ᠎ᠠ ᠬᠠᠤᠯᠢ ᠲᠦᠷᠢᠮ ᠤᠨ ᠭᠠᠵᠠᠷ᠂ ᠾᠧᠨᠠᠨ ᠮᠤᠵᠢ ᠶᠢᠨ ᠤᠰᠤᠨ ᠵᠦᠢ ᠤᠰᠤᠨ ᠤ ᠡᠬᠢ ᠪᠠᠶᠠᠯᠢᠭ ᠤᠨ ᠲᠣᠪᠴᠢᠶ᠎ᠠ᠂ ᠵᠧᠩᠵᠧᠤ ᠶᠢᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠂ ᠾᠧᠨᠠᠨ ᠮᠤᠵᠢ ᠶᠢᠨ ᠪᠠᠶ ᠭᠦᠢ ᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠢ ᠶᠢᠨ ᠬᠠᠷᠢᠭᠤᠴᠠᠯᠭᠠᠳᠠᠨ ᠠᠴᠠ ᠨᠡᠶᠢᠲᠡᠯᠢᠭ ᠶᠠᠷᠢᠶ᠎ᠠ ᠲᠠᠯᠪᠢᠪᠠ᠃      ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠳᠠᠰᠤᠭ ᠤᠨ ᠭᠤᠣᠯ ᠬᠠᠷᠢᠭᠤᠴᠠᠯᠭᠠᠲᠠᠨ ᠨᠥᠬᠦᠳ᠂ ᠵᠧᠩᠵᠧᠦ ᠳᠤ ᠰᠠᠭᠤᠭ᠎ᠠ ᠲᠢᠩᠬᠢᠮ ᠤᠨ ᠬᠠᠷᠢᠶ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠪᠣᠯᠪᠠᠰᠤᠨ ᠤ ᠲᠤᠰᠬᠠᠢ ᠺᠠᠳ᠋ᠷ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ︔ ᠵᠧᠩᠵᠧᠦ ᠳᠤ ᠦᠯᠦ ᠰᠠᠭᠤᠭ᠎ᠠ ᠲᠢᠩᠬᠢᠮ ᠤᠨ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠪᠣᠯᠪᠠᠰᠤᠨ ᠤ ᠪᠠᠶᠢᠭᠤᠯᠤᠯᠳᠠ ᠶᠢᠨ ᠲᠤᠰᠬᠠᠶ ᠺᠠᠳ᠋ᠷ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ  ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号