ᠸᠠᠩ ᠺᠠᠶ 2021 ᠣᠨ ᠤ ᠬᠠᠲᠤᠨ ᠭᠤᠤᠯ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠣ᠋ ᠬᠤᠷᠠᠯ ᠳᠡᠭᠡᠷ᠎ᠡ ᠱᠠᠭᠠᠷᠳᠠᠭᠰᠠᠨ ᠨᠢ ᠣᠳᠣᠬᠠᠨ ᠤ ᠪᠠᠶᠢᠳᠠᠯ ᠢ ᠡᠵᠡᠮᠳᠡᠵᠦ ᠠᠭᠤᠤ ᠶᠡᠭᠡ ᠤᠷᠢᠶᠠᠯᠠᠭ᠎ᠠ ᠶᠢ ᠴᠤᠤᠷᠢᠶᠠᠲᠤᠨ ᠳᠠᠭᠠᠵᠦ ᠬᠠᠲᠤᠨ ᠭᠤᠣᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ
ᠨᠡᠶᠢᠲᠡᠯᠡᠭᠰᠡᠨ ᠴᠠᠭ᠄
2021/5/26
     ᠲᠣᠰ ᠥᠷᠲᠡᠭᠡᠨ ᠤ ᠮᠡᠳᠡᠭᠡ  5 ᠰᠠᠷ᠎ᠠ ᠶᠢᠨ 18 ᠤ ᠡᠳᠦᠷ᠂ ᠬᠠᠲᠤᠨ ᠭᠤᠤᠯ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠶᠡᠷᠦᠩᠬᠡᠶ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ᠂ ᠾᠧᠨᠠᠨ ᠮᠤᠵᠢ ᠶᠢᠨ ᠣᠷᠣᠯᠠᠭᠴᠢ ᠳᠠᠷᠤᠭ᠎ᠠ ᠸᠠᠩ ᠺᠠᠶ ᠵᠧᠩᠵᠧᠤ ᠶᠢᠨ ᠭᠤᠤᠯ ᠬᠤᠷᠠᠯ ᠤᠨ ᠲᠠᠯᠠᠪᠠᠶ ᠳᠤ 2021 ᠣᠨ ᠤ ᠬᠠᠲᠤᠨ ᠭᠤᠤᠯ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠣ᠋ ᠬᠤᠷᠠᠯ ᠢ ᠡᠷᠭᠢᠯᠡᠵᠦ ᠶᠠᠷᠢᠶ᠎ᠠ ᠲᠠᠯᠪᠢᠪᠠ᠃      ᠸᠠᠩ ᠺᠠᠶ᠂ ᠨᠢᠳᠤᠨᠤᠨ ᠠᠴᠠ ᠨᠠᠭᠠᠰᠢ ᠬᠠᠲᠤᠨ ᠭᠤᠤᠯ ᠤᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠳᠡᠮᠡᠴᠡᠭᠦ ᠠᠵᠢᠯ ᠤᠨ ᠶᠡᠷᠦᠩᠬᠡᠶ ᠵᠢᠯᠤᠭᠤᠳᠬᠤ ᠭᠠᠵᠠᠷ ᠪᠤᠯᠤᠨ ᠤᠷᠤᠰᠬᠠᠯ ᠤᠨ ᠰᠠᠪᠠ ᠭᠠᠵᠠᠷ ᠤᠨ ᠡᠯ᠎ᠡ ᠮᠤᠵᠢ ︵ᠣᠷᠣᠨ︶ ᠶᠢᠨ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠳᠡᠮᠡᠴᠡᠭᠦ ᠠᠵᠢᠯ ᠤᠨ ᠶᠡᠷᠦᠩᠬᠡᠶ ᠵᠢᠯᠤᠭᠤᠳᠬᠤ ᠭᠠᠵᠠᠷ ᠪᠦᠯᠬᠦᠮᠳᠡᠨ ᠲᠡᠮᠡᠴᠡᠵᠦ᠂ ᠬᠦᠴᠢᠷ ᠢ ᠰᠦᠷᠦᠨ ᠤᠷᠤᠭᠰᠢᠯᠠᠵᠤ᠂ ᠦᠶᠡᠷ ‍ᠤᠰᠤᠳᠤᠯ ᠢ ᠰᠡᠷᠭᠡᠶᠢᠯᠡᠬᠦ᠂ ᠬᠤᠷᠠᠭᠰᠠᠨ ᠢ ᠪᠠᠭᠠᠰᠬᠠᠬᠤ᠂ ᠤᠰᠤ ᠬᠠᠩᠭᠠᠬᠤ᠂ ᠴᠠᠬᠢᠯᠭᠠᠨ ᠭᠠᠷᠭᠠᠬᠤ ᠵᠡᠷᠭᠡ ᠣᠯᠠᠨ ᠲᠠᠯ᠎ᠠ ᠶᠢᠨ ᠬᠠᠷᠠᠯᠲᠠ ᠶᠢ ᠪᠡᠶᠡᠯᠡᠭᠦᠯᠵᠡᠶ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠤᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠤᠯᠤᠨ᠎ᠠ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠱᠠᠲᠤᠨ ᠳᠤ ᠣᠷᠣᠵᠤ᠂ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠣᠳᠣᠬᠠᠨ ᠤ ᠪᠠᠶᠢᠳᠠᠯ ᠢ ᠣᠨᠣᠪᠴᠢᠲᠠᠶ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ︽ᠬᠠᠳᠤᠨ ᠭᠤᠣᠯ ᠢ ᠠᠷᠠᠳ ᠲᠦᠮᠡᠨ ᠳᠤ ᠪᠤᠶᠠᠨ ᠦᠢᠯᠡᠳᠬᠦ ᠵᠣᠯ ᠵᠢᠷᠭᠠᠯᠲᠤ ᠭᠤᠣᠯ ᠪᠣᠯᠭᠠᠶ᠎ᠠ︾ ᠭᠡᠬᠦ ᠠᠭᠤᠤ ᠶᠡᠭᠡ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠤᠨ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠬᠥᠮᠦᠨ ᠬᠠᠷ᠎ᠠ ᠦᠬᠦᠵᠦ ᠰᠢᠷᠬᠠᠲᠤᠬᠤ ᠬᠦᠨᠳᠦ ᠶᠡᠭᠡ ᠬᠡᠷᠡᠭ ᠭᠠᠷᠬᠤ ᠠᠴᠠ ᠡᠷᠡᠰ ᠵᠠᠶᠢᠯᠠᠰᠬᠢᠵᠦ᠂ ᠪᠠᠷᠢᠮᠵᠢᠶ᠎ᠠ ᠶᠢᠨ ᠳᠣᠲᠣᠷᠠᠬᠢ ᠦᠶᠡᠷ ᠢ ᠰᠡᠷᠭᠡᠶᠢᠯᠡᠬᠦ ᠢᠨᠵᠧᠨᠧᠷᠢᠩ ᠤᠨ ᠠᠳᠡᠯ ᠭᠠᠷᠬᠤ ᠠᠴᠠ ᠡᠷᠡᠰ ᠵᠠᠶᠢᠯᠠᠰᠬᠢᠵᠦ᠂ ᠴᠢᠬᠤᠯᠠ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠡᠷᠡᠰ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠠᠮᠤᠷ ᠲᠦᠪᠰᠢᠨ ᠢ ᠡᠷᠡᠰ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠭᠰᠠᠨ ᠪᠠᠶᠢᠨ᠎ᠠ᠃      ᠸᠠᠩ ᠺᠠᠶ᠂ ᠨᠠᠷᠢᠨ ᠲᠣᠬᠢᠷᠠᠭᠤᠯᠤᠨ ᠪᠠᠶᠢᠷᠢᠯᠠᠭᠤᠯᠵᠤ᠂ ᠭᠤᠣᠯᠳᠠᠯᠭ᠎ᠠ ᠶᠢ ᠴᠢᠩᠭ᠎ᠠ ᠠᠳᠬᠤᠵᠤ᠂ ︽ᠪᠠᠶᠢᠭᠤᠯᠬᠤ ᠨᠢ ᠰᠡᠷᠭᠡᠶᠢᠯᠡᠬᠦ ᠠᠴᠠ ᠴᠢᠬᠤᠯᠠ᠂ ᠰᠡᠷᠭᠡᠶᠢᠯᠡᠬᠦ ᠨᠢ ᠵᠠᠰᠠᠬᠤ ᠠᠴᠠ ᠴᠢᠬᠤᠯᠠ᠂ ᠵᠠᠰᠠᠬᠤ ᠨᠢ ᠠᠪᠤᠷᠠᠬᠤ ᠠᠴᠠ ᠴᠢᠬᠤᠯᠠ︾ ᠪᠠᠶᠢᠬᠤ ᠵᠠᠷᠴᠢᠮ ᠶᠣᠰᠣᠭᠠᠷ᠂ ᠶᠡᠭᠡ ᠦᠶᠡᠷ ᠤᠰᠤᠳᠤᠯ ᠢ ᠰᠡᠷᠭᠡᠶᠢᠯᠡᠬᠦ᠂ ᠶᠡᠭᠡ ᠭᠠᠩ ᠬᠠᠭᠰᠠᠷᠠᠭᠠᠨ ᠢ ᠡᠰᠡᠷᠭᠦᠴᠡᠬᠦ᠂ ᠶᠡᠭᠡ ᠠᠶᠤᠯ ᠠᠴᠠ ᠵᠠᠪᠳᠤᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠨ᠂ ᠪᠠᠭ᠎ᠠ ᠳᠡᠭᠡᠷ᠎ᠡ ᠨᠢ ᠰᠡᠷᠭᠡᠶᠢᠯᠡᠬᠦ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠷᠭ᠎ᠠ ᠬᠡᠮᠵᠢᠶ᠎ᠡ ᠶᠢ ᠡᠷᠲᠡ ᠠᠴᠠ ᠨᠠᠷᠢᠯᠢᠭ ᠨᠠᠶᠢᠳᠠᠪᠤᠷᠢᠵᠢᠭᠤᠯᠵᠤ᠂ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠤ ᠬᠠᠩᠭᠠᠯᠭ᠎ᠠ ᠶᠢ ᠪᠠᠲᠤᠯᠠᠬᠤ ᠶᠢ ᠨᠢᠭᠡᠳᠦᠯᠲᠡᠶ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠤᠰᠤᠨ ᠴᠥᠭᠦᠷᠥᠮ ᠢᠶᠠᠷ ᠭᠤᠣᠯᠳᠠᠯᠭ᠎ᠠ ᠪᠣᠯᠭᠠᠨ ᠢᠨᠵᠧᠨᠧᠷᠢᠩ ᠤᠨ ᠰᠢᠰᠲ᠋ᠧᠮ ᠢ ᠰᠠᠶᠢᠲᠤᠷ ᠪᠠᠶᠢᠭᠤᠯᠵᠤ ᠰᠠᠶᠢᠲᠤᠷ ᠬᠡᠷᠡᠭᠯᠡᠵᠦ ᠰᠠᠶᠢᠲᠤᠷ ᠬᠠᠮᠢᠶᠠᠷᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠲᠥᠯᠥᠨ ᠵᠢᠯᠣᠭᠤᠳᠬᠤ ᠲᠤᠯᠭᠠᠭᠤᠷᠢᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠲᠤᠪᠤᠶᠢᠯᠭᠠᠨ᠂ ᠬᠠᠳᠤᠨ ᠭᠤᠣᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠳᠠᠢ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠂ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠬᠦᠴᠦᠷᠬᠡᠭ ᠶᠡᠭᠡ ᠨᠡᠶᠢᠯᠡᠯ ᠬᠦᠴᠦᠨ ᠢ ᠬᠠᠮᠵᠢᠯᠴᠠᠨ ᠨᠢᠭᠲᠠᠷᠠᠭᠤᠯᠵᠤ᠂ ᠬᠠᠲᠤᠨ ᠭᠤᠣᠯ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号