ᠬᠠᠲᠤᠨ ᠭᠤᠤᠯ ᠤᠨ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠠᠮᠢ ᠠᠬᠤᠶ ᠤᠷᠴᠢᠨ ᠳᠤᠭᠤᠷᠢᠨ ᠤ ᠬᠢᠨᠠᠨ ᠬᠡᠮᠵᠢᠯᠲᠡ ᠶᠢᠨ ᠲᠥᠪ ᠪᠠᠶᠢᠭᠤᠯᠤᠭᠳᠠᠭᠰᠠᠨ 20 ᠵᠢᠯ ᠤᠨ ᠣᠶ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/6/3
     ᠲᠣᠰ ᠥᠷᠲᠡᠭᠡᠨ ᠤ ᠮᠡᠳᠡᠭᠡ  5 ᠰᠠᠷ᠎ᠠ ᠶᠢᠨ 28 ᠤ ᠡᠳᠦᠷ᠂ ᠬᠠᠲᠤᠨ ᠭᠤᠤᠯ ᠤᠨ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠠᠮᠢ ᠠᠬᠤᠶ ᠤᠷᠴᠢᠨ ᠳᠤᠭᠤᠷᠢᠨ ᠤ ᠬᠢᠨᠠᠨ ᠬᠡᠮᠵᠢᠯᠲᠡ ᠶᠢᠨ ᠲᠥᠪ ᠪᠠᠶᠢᠭᠤᠯᠤᠭᠳᠠᠭᠰᠠᠨ 20 ᠵᠢᠯ ᠤᠨ ᠣᠶ ᠶᠢᠨ ᠶᠠᠷᠢᠯᠴᠠᠬᠤ ᠬᠤᠷᠠᠯ ᠬᠤᠷᠠᠯᠳᠤᠪᠠ᠃ ᠤᠰᠤᠨ ᠠᠰᠢᠬᠯᠠᠯᠲᠠ ᠶᠢᠨ ᠶᠠᠮᠤᠨ ᠤ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠯᠲᠡ ᠶᠢᠨ ᠲᠥᠪ᠂ ᠬᠠᠲᠤᠨ ᠭᠤᠤᠯ ᠤᠨ ᠤᠰᠤᠨ ᠠᠰᠢᠬᠯᠠᠯᠳᠠ ᠶᠢᠨ ᠵᠥᠪᠯᠡᠯ ᠤᠨ ᠤᠰᠤᠨ ᠤ ᠬᠠᠮᠠᠭᠠᠯᠠᠯᠲᠠ ᠶᠢᠨ ᠳᠤᠪᠴᠢᠶ᠎ᠠ᠂ ᠬᠠᠲᠤᠨ ᠭᠤᠤᠯ ᠤᠨ ᠰᠠᠪᠠ ᠭᠠᠵᠠᠷ ︵ᠬᠡᠰᠡᠭ︶ ᠤᠨ 11 ᠮᠤᠵᠢ ᠶᠢᠨ ᠱᠠᠲᠤᠨ ᠤ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠪᠠᠶᠢᠭᠤᠯᠤᠮᠵᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠰᠤᠨ ᠤ ᠬᠠᠮᠠᠭᠠᠯᠠᠯᠲᠠ ᠶᠢᠨ ᠭᠠᠵᠠᠷ ᠪᠣᠯᠤᠨ ᠱᠧᠨ ᠳ᠋ᠦᠩ ᠪᠦᠯᠦᠭᠯᠡᠯ ᠵᠡᠷᠭᠡ ᠬᠠᠮᠲᠤᠷᠠᠯᠴᠠᠭᠠᠨ ᠤ ᠨᠢᠭᠡᠴᠢ ᠶᠢᠨ ᠲᠥᠯᠥᠭᠡᠯᠡᠭᠴᠢ᠂ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠤᠳᠤᠷᠢᠳᠤᠯᠭ᠎ᠠ ᠨᠠᠷ ᠸᠢᠳᠢᠣ᠋ ᠪᠠᠷ ᠳᠠᠮᠵᠢᠨ ᠬᠤᠷᠠᠯ ᠳᠤ ᠤᠷᠤᠯᠴᠠᠪᠠ᠃      20 ᠵᠢᠯ ᠤᠨ ᠲᠤᠷᠰᠢ᠂ ᠬᠢᠨᠠᠨ ᠬᠡᠮᠵᠢᠯᠲᠡ ᠶᠢᠨ ᠲᠥᠪ ᠤᠨ ᠬᠢᠨ ᠣᠪᠣᠷ ᠰᠤᠷᠲᠠᠯ᠂ ᠮᠡᠷᠭᠡᠵᠢᠯ᠂ ᠴᠢᠳᠠᠪᠤᠷᠢᠲᠠᠨ᠂ ᠲᠤᠭ᠎ᠠ ᠪᠠᠷᠢᠮᠲᠠ ᠵᠡᠷᠭᠡ ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠬᠠᠲᠤᠨ ᠭᠤᠤᠯ ᠤᠨ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠬᠦ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠠᠵᠢᠯ ᠲᠥᠷᠥᠯ ᠤᠨ ᠳᠠᠭᠠᠭᠤᠯᠤᠭᠴᠢ ᠶᠢᠨ ᠪᠠᠶᠢᠷᠢ ᠰᠠᠭᠤᠷᠢ ᠶᠢ ᠢᠯᠡᠷᠡᠭᠦᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠨᠡᠶᠢᠭᠡᠮ ᠤᠨ ᠬᠠᠷᠢᠭᠤᠴᠠᠯᠭ᠎ᠠ ᠶᠢ ᠢᠯᠡᠷᠡᠭᠦᠯᠵᠦ᠂ ᠨᠠᠷᠠᠲᠤ ᠲᠡᠮᠳᠡᠭ ᠢ ᠪᠣᠶ ᠪᠣᠯᠭᠠᠭᠰᠠᠨ ᠪᠠᠶᠢᠨ᠎ᠠ᠃      ᠬᠤᠷᠠᠯ ᠳᠤ ᠣᠷᠣᠯᠴᠠᠭᠰᠠᠳ ᠬᠢᠨᠠᠨ ᠬᠡᠮᠵᠢᠯᠲᠡ ᠶᠢᠨ ᠲᠥᠪ ᠤᠨ 20 ᠵᠢᠯ ᠤᠨ ᠲᠤᠷᠰᠢᠬᠢ ᠬᠥᠭᠵᠢᠯᠲᠡ ᠪᠠ ᠬᠥᠳᠡᠯᠦᠩᠭᠦᠢ ᠬᠢᠨᠠᠨ ᠬᠡᠮᠵᠢᠯᠲᠡ᠂ ᠮᠡᠳᠡᠭᠡ ᠵᠠᠩᠭᠢᠵᠢᠯᠲᠠ ᠶᠢᠨ ᠬᠢᠨᠠᠨ ᠬᠠᠮᠢᠶᠠᠷᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠺᠠᠳ᠋ᠷ ᠤᠨ ᠡᠩᠨᠡᠭᠡ᠂ ᠠᠵᠤ ᠠᠬᠤᠶ ᠶᠢᠨ ᠣᠷᠣᠯᠭ᠎ᠠ ᠡᠭᠦᠳᠬᠦ᠂ ᠬᠠᠮᠢᠶᠠᠷᠤᠯᠲᠠ ᠶᠢ ᠵᠢᠷᠤᠮᠵᠢᠭᠤᠯᠬᠤ᠂ ᠣᠶᠤᠨ ᠤ ᠪᠣᠯᠪᠠᠰᠤᠨ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ ᠬᠤᠷᠠᠯ ᠠᠴᠠ᠂ ᠬᠢᠨᠠᠨ ᠬᠡᠮᠵᠢᠯᠲᠡ ᠶᠢᠨ ᠲᠥᠪ ᠢ ᠬᠠᠲᠤᠨ ᠭᠤᠤᠯ ᠤᠨ ᠳᠡᠭᠡᠳᠦ ᠳᠤᠮᠳᠠᠳᠤ ᠤᠷᠤᠰᠬᠠᠯ ᠤᠨ ᠰᠠᠪᠠ ᠭᠠᠵᠠᠷ ᠤᠨ ᠬᠢᠨᠠᠯᠲᠠ ᠬᠠᠮᠢᠶᠠᠷᠤᠯᠲᠠ ᠪᠠ ᠬᠠᠲᠤᠨ ᠭᠤᠤᠯ ᠤᠨ ᠬᠠᠮᠠᠭᠠᠯᠠᠯᠲᠠ ᠵᠠᠰᠠᠯᠲᠠ ᠶᠢ ᠲᠤᠯᠭᠠᠭᠤᠷᠢᠯᠠᠬᠤ᠂ ᠬᠥᠷᠥᠰᠥ ᠰᠢᠷᠣᠶ ᠶᠢ ᠬᠠᠮᠠᠭᠠᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠬᠤ ᠵᠡᠷᠭᠡ ᠲᠠᠯ᠎ᠠ ᠪᠠᠷ ᠴᠢᠷᠮᠠᠶᠢᠨ ᠠᠵᠢᠯᠯᠠᠵᠤ᠂ ᠨᠠᠩ ᠶᠡᠭᠡ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ︔ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠬᠠᠮᠵᠢᠯᠴᠠᠭ᠎ᠠ ᠪᠠᠨ ᠴᠢᠨᠠᠭᠰᠢᠳᠠ ᠨᠡᠮᠡᠭᠳᠡᠭᠦᠯᠦᠨ᠂ ᠨᠡᠶᠢᠯᠡᠯ ᠬᠦᠴᠦᠨ ᠢ ᠪᠦᠷᠢᠯᠳᠦᠭᠦᠯᠵᠦ᠂ ᠬᠠᠲᠤᠨ ᠭᠤᠤᠯ ᠤᠨ ᠳᠡᠭᠡᠳᠦ ᠳᠤᠮᠳᠠᠳᠤ ᠤᠷᠤᠰᠬᠠᠯ ᠤᠨ ︽ᠬᠥᠷᠥᠰᠥ ᠰᠢᠷᠣᠶ ᠶᠢ ᠬᠠᠮᠠᠭᠠᠯᠠᠬᠤ᠂ ᠰᠠᠪᠠ ᠭᠠᠵᠠᠷ ᠢ ᠬᠢᠨᠠᠨ ᠬᠠᠮᠢᠶᠠᠷᠬᠤ᠂ ᠠᠵᠤ ᠠᠬᠤᠶ ᠶᠢ ᠬᠥᠭᠵᠢᠭᠦᠯᠬᠦ︾ ᠰᠢᠨ᠎ᠡ ᠪᠠᠶᠢᠷᠢᠰᠢᠯ ᠢ ᠢᠳᠡᠪᠬᠢᠲᠡᠶ ᠪᠠᠶᠢᠭᠤᠯᠬᠤ ᠬᠡᠷᠡᠭᠲᠡᠶ ᠭᠡᠵᠤ ᠱᠠᠭᠠᠷᠳᠠᠭᠰᠠᠨ ᠪᠠᠶᠢᠨ᠎ᠠ᠃ ᠡᠭᠦᠨ ᠤ ᠬᠠᠮᠲᠤ᠂ ᠣᠷᠣᠨ ᠨᠤᠲᠤᠭ ᠤᠨ ᠡᠯ᠎ᠡ ᠱᠠᠲᠤᠨ ᠤ ᠬᠥᠷᠥᠰᠥ ᠰᠢᠷᠣᠢ ᠶᠢ ᠬᠠᠮᠠᠭᠠᠯᠠᠬᠤ ᠪᠠᠶᠢᠭᠤᠯᠤᠮᠵᠢ ᠪᠣᠯᠤᠨ ᠨᠥᠬᠦᠷᠰᠡᠭ ᠬᠠᠮᠲᠤᠷᠠᠯᠴᠠᠭᠠᠨ ᠤ ᠨᠢᠭᠡᠴᠢ ᠬᠢᠨᠠᠨ ᠬᠡᠮᠵᠢᠬᠦ ᠲᠥᠪ ᠲᠠᠢ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠨ᠂ ᠤᠨᠢᠨ ᠳᠡᠭᠡᠷ᠎ᠡ ᠨᠢ ᠬᠦᠴᠦᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ ᠬᠢᠨᠠᠨ ᠬᠡᠮᠵᠢᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠡᠵᠢ ᠭᠤᠣᠯ ᠢ ᠬᠠᠮᠠᠭᠠᠯᠠᠬᠤ᠂ ᠵᠣᠯ ᠵᠢᠷᠭᠠᠯᠲᠤ ᠭᠤᠣᠯ ᠢ ᠴᠣᠭᠴᠠᠯᠠᠬᠤ ᠳᠤᠮᠳᠠ ᠨᠡᠩ ᠶᠡᠭᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠪᠠᠷ ᠴᠢᠷᠮᠠᠶᠢᠬᠤ ᠶᠢ ᠬᠦᠰᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号