ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠠᠯᠪᠠᠲᠠᠨ ᠤ | ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ | ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠪᠠᠲᠠᠨ ᠤ | ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠤᠷᠰᠢᠯᠲᠠ ᠶᠢᠨ ᠠᠵᠢᠯ ᠢ ᠴᠢᠨᠠᠭᠰᠢᠳᠠ | ᠠᠬᠢᠭᠤᠯᠬᠤ ᠶᠢᠨ ᠲᠤᠰᠠᠳᠠ᠂ 5 ᠰᠠᠷ᠎ᠠ ᠶᠢᠨ 26 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠬᠯᠠᠯᠲᠠ ᠶᠢᠨ ᠲᠢᠩᠬᠢᠮ ᠠᠯᠪᠠᠲᠠᠨ ᠤ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ | ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ | ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠵᠥᠩ ᠦ᠋ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠳᠠᠰᠤᠭ ᠤᠨ ᠬᠠᠷᠢᠭᠤᠴᠠᠯᠭᠠᠲᠠᠨ᠂ | ᠬᠠᠮᠢᠶ᠎ᠠ ᠪᠥᠬᠦᠶ ᠠᠵᠢᠯᠲᠠᠳ ᠬᠤᠷᠠᠯ ᠳᠤ ᠣᠷᠣᠯᠴᠠᠵᠠᠶ᠃ | ᠬᠤᠷᠠᠯ ᠠᠴᠠ᠂ ᠠᠯᠪᠠᠲᠠᠨ ᠤ ᠠᠵᠢᠯ ᠤᠨ ᠠᠮᠵᠢᠯᠳᠠ ᠪᠦᠲᠦᠮᠵᠢ ᠶᠢᠨ ᠬᠠᠮᠢᠶᠠᠷᠤᠯᠲᠠ ᠶᠢᠨ ᠲᠤᠷᠰᠢᠯᠲᠠ ᠶᠢᠨ | ᠴᠡᠭ ᠤᠨ ᠠᠵᠢᠯ ᠢ ᠥᠷᠨᠢᠭᠦᠯᠬᠦ ᠪᠣᠯ ᠳᠤᠮᠳᠠᠳᠤ ᠤᠯᠤᠰ ᠤᠨ ᠣᠨᠴᠠᠯᠢᠭ ᠪᠥᠬᠦᠶ ᠠᠯᠪᠠᠲᠠᠨ ᠤ ᠲᠦᠷᠢᠮ ᠤᠨ | ᠰᠢᠰᠲ᠋ᠧᠮ ᠢ ᠪᠦᠷᠢᠨᠰᠢᠬᠦᠯᠬᠦ᠂ ᠠᠯᠪᠠᠲᠠᠨ ᠤ ᠲᠥᠷᠥᠯ ᠬᠤᠪᠢᠶᠠᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠬᠦ ᠴᠢᠬᠤᠯᠠ | ᠠᠷᠭ᠎ᠠ ᠬᠡᠮᠵᠢᠶ᠎ᠡ ᠪᠤᠯᠤᠨ᠎ᠠ᠂ ᠥᠷᠭᠡᠨ ᠣᠯᠠᠨ ᠠᠯᠪᠠᠲᠠᠨ ᠤ ︽ᠬᠤᠶᠠᠷ ᠢ ᠬᠠᠮᠠᠭᠠᠯᠠᠬᠤ︾ ᠶᠢ ᠲᠤᠬᠠᠢᠢᠯᠠᠭᠰᠠᠨ | ᠠᠵᠢᠯ ᠳᠠᠭᠠᠨ ᠨᠠᠶᠢᠳᠠᠪᠤᠷᠢᠵᠢᠭᠤᠯᠤᠨ᠂ ᠠᠵᠢᠯ ᠤᠨ ᠠᠮᠵᠢᠯᠳᠠ ᠪᠦᠲᠦᠮᠵᠢ ᠳᠡᠭᠡᠷ᠎ᠡ ᠪᠠᠨ ᠢᠯᠡᠷᠡᠭᠦᠯᠬᠦ ᠶᠢ ᠠᠬᠢᠭᠤᠯᠬᠤ | ᠪᠦᠲᠦᠮᠵᠢᠲᠡᠶ ᠭᠠᠷᠳᠠᠴᠠ ᠪᠤᠯᠤᠨ᠎ᠠ᠃ ᠮᠠᠨ ᠤ ᠲᠢᠩᠬᠢᠮ ᠠᠯᠪᠠᠲᠠᠨ ᠤ ᠠᠵᠢᠯ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠲᠤᠷᠰᠢᠯᠲᠠ ᠶᠢᠨ ᠨᠢᠭᠡᠴᠢ ᠪᠣᠯᠤᠭᠰᠠᠨ ᠤ ᠬᠤᠪᠢ ᠳᠤ᠂ ᠤᠷᠢᠳ ᠢᠶᠠᠷ ᠬᠡᠷᠡᠭᠵᠢᠭᠦᠯᠵᠦ | ᠤᠷᠢᠳ ᠢᠶᠠᠷ ᠲᠤᠷᠰᠢᠬᠤ᠂ ᠨᠡᠶᠢᠲᠡᠯᠢᠭ ᠵᠢᠱᠢᠶ᠎ᠡ ᠪᠠᠷ ᠵᠠᠮᠴᠢᠯᠠᠬᠤ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ | ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠢᠷᠠᠭᠤ ᠠᠯᠳᠠᠷᠲᠠᠶ ᠶᠤᠮ᠃ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠤᠨ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠦᠨᠳᠦᠰᠦᠨ ᠱᠠᠭᠠᠷᠳᠠᠯᠭ᠎ᠠ ᠶᠢ | ᠲᠣᠳᠣᠷᠬᠠᠢᠢᠯᠠᠨ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠲᠤᠷᠰᠢᠯᠲᠠ ᠶᠢᠨ ᠴᠡᠭ ᠤᠨ | ᠠᠵᠢᠯ ᠢ ᠬᠦᠴᠦᠲᠡᠢ᠂ ᠡᠮᠬᠢ ᠵᠢᠷᠤᠮ ᠲᠠᠢ᠂ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠭᠰᠠᠨ | ᠪᠠᠶᠢᠨ᠎ᠠ᠃ | ᠬᠤᠷᠠᠯ ᠠᠴᠠ ᠠᠯᠪᠠᠲᠠᠨ ᠤ ᠠᠵᠢᠯ ᠤᠨ ᠠᠮᠵᠢᠯᠳᠠ ᠪᠦᠲᠦᠮᠵᠢ ᠶᠢᠨ ᠬᠠᠮᠢᠶᠠᠷᠤᠯᠲᠠ ᠶᠢᠨ ᠲᠤᠷᠰᠢᠯᠲᠠ ᠶᠢᠨ | ᠴᠡᠭ ᠤᠨ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃ |