ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠤᠰᠤᠨ ᠠᠰᠢᠬᠯᠠᠯᠲᠠ ᠶᠢᠨ ᠲᠢᠩᠬᠢᠮ ᠳᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/3
      5 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠤᠰᠤᠨ ᠠᠰᠢᠬᠯᠠᠯᠲᠠ ᠶᠢᠨ ᠲᠢᠩᠬᠢᠮ ᠳᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠰᠤᠨ ᠠᠰᠢᠬᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠬᠯᠠᠯᠲᠠ ᠶᠢᠨ ᠲᠢᠩᠬᠢᠮ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠵᠢᠴᠢ ᠥᠪᠡᠷᠲᠡᠭᠡᠨ ᠵᠠᠰᠠᠬᠤ ᠣᠷᠣᠨ ᠤ ᠤᠰᠤᠨ ᠵᠦᠢ ᠶᠢᠨ ᠶᠡᠷᠦᠩᠬᠡᠶ ᠳᠤᠪᠴᠢᠶ᠎ᠠ᠂ ᠤᠰᠤᠨ ᠠᠰᠢᠬᠯᠠᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ᠂ ᠤᠰᠤᠨ ᠠᠰᠢᠬᠯᠠᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠺᠤᠮᠫᠠᠨᠢ ᠵᠡᠷᠭᠡ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ᠂ ᠠᠵᠤ ᠠᠬᠤᠢᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠬᠯᠠᠯᠲᠠ ᠶᠢᠨ ᠲᠢᠩᠬᠢᠮ ᠳᠤᠰᠪᠤᠷᠢ ᠴᠤᠤᠯ ᠭᠤᠣᠯ ᠤᠨ ᠤᠰᠤ ᠶᠢ ᠳᠠᠳᠠᠨ ᠯᠢᠶᠣᠤ ᠾᠧ ᠭᠤᠣᠯ ᠳᠤ ᠲᠤᠰᠠᠯᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠬᠠᠤᠯᠢ ᠶᠢᠨ ᠡᠷᠬᠡᠲᠡᠨ ᠢ ᠵᠣᠬᠢᠶᠠᠨ ᠪᠠᠶᠢᠭᠤᠯᠬᠤ᠂ ᠤᠰᠤᠨ ᠠᠰᠢᠬᠯᠠᠯᠲᠠ ᠶᠢᠨ ᠶᠠᠮᠤᠨ ᠠᠴᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠬᠯᠠᠯᠲᠠ ᠶᠢᠨ ᠪᠡᠯᠡ ᠮᠥᠩᠭᠦ ᠶᠢ ᠲᠤᠰᠬᠠᠢ ᠪᠠᠶᠢᠴᠠᠭᠠᠬᠰᠠᠨ ᠬᠠᠮᠢᠶ᠎ᠠ ᠪᠦᠬᠦᠢ ᠤᠴᠢᠷ ᠶᠠᠪᠤᠳᠠᠯ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠰᠤᠨ ᠠᠰᠢᠬᠯᠠᠯᠲᠠ ᠶᠢᠨ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠣᠯᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠯᠪᠣᠭᠳᠠᠯ ᠪᠦᠬᠦᠢ ᠠᠵᠢᠯ ᠤᠨ ᠲᠤᠬᠠᠢ ᠭᠤᠣᠯᠳᠠᠯᠭ᠎ᠠ ᠲᠠᠢ ᠶᠠᠷᠢᠶ᠎ᠠ ᠲᠠᠯᠪᠢᠵᠠᠢ᠃      ᠯᠢ ᠪᠢᠩ ᠷᠦᠩ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ ᠤᠰᠤᠨ ᠠᠰᠢᠬᠯᠠᠯᠲᠠ ᠶᠢᠨ ᠢᠨᠵᠧᠨᠧᠷᠢᠩ ᠢ ᠠᠬᠢᠭᠤᠯᠬᠤ ᠶᠠᠪᠤᠴᠠ ᠳᠠᠬᠢ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠣᠨᠴᠠᠭᠠᠢᠢᠯᠠᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠠᠵᠢᠯ ᠳᠤ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠳᠤᠭᠠᠯᠠᠨ ᠪᠠᠶᠢᠷᠢᠯᠠᠭᠤᠯᠵᠤ᠂ ᠡᠬᠡ ᠳᠠᠩᠰᠠ ᠪᠠᠶᠢᠭᠤᠯᠵᠤ᠂ ᠵᠢᠷᠤᠭ ᠡᠯᠭᠦᠨ ᠠᠵᠢᠯᠯᠠᠬᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠢᠨᠵᠧᠨᠧᠷᠢᠩ ᠤᠨ ᠠᠬᠢᠴᠠ ᠪᠣᠯᠤᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠴᠤᠤᠯ ᠭᠤᠣᠯ ᠤᠨ ᠤᠰᠤ ᠶᠢ ᠳᠠᠳᠠᠨ ᠯᠢᠶᠣᠤ ᠾᠧ ᠭᠤᠣᠯ ᠳᠤ ᠲᠤᠰᠠᠯᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠬᠠᠤᠯᠢ ᠶᠢᠨ ᠡᠷᠬᠡᠲᠡᠨ ᠢ ᠵᠣᠬᠢᠶᠠᠨ ᠪᠠᠶᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠪᠡᠯᠡ ᠮᠥᠩᠭᠦ ᠴᠤᠭᠯᠠᠭᠤᠯᠬᠤ ᠲᠥᠰᠦᠯ ᠢ ᠴᠢᠨᠠᠭᠰᠢᠳᠠ ᠰᠢᠯᠢᠳᠡᠭᠵᠢᠭᠦᠯᠤᠨ᠂ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠳᠤ ᠬᠠᠷᠢᠭᠤ ᠮᠡᠳᠡᠭᠦᠯᠬᠦ ᠡᠷᠴᠢᠮ ᠢᠶᠠᠨ ᠴᠢᠩᠭᠠᠷᠠᠭᠤᠯᠵᠤ᠂ ᠢᠨᠵᠧᠨᠧᠷᠢᠩ ᠤᠨ ᠠᠯᠢ ᠲᠦᠷᠭᠡᠨ ᠢᠶᠠᠷ ᠦᠨᠡᠨ ᠪᠣᠳᠠᠲᠠᠢ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠨᠡᠶᠢᠲᠡᠯᠡᠨ ᠮᠡᠳᠡᠭᠳᠡᠬᠦ᠂ ᠪᠣᠯᠵᠣᠨ ᠶᠠᠷᠢᠯᠴᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠤᠨ ᠪᠦᠷᠢᠨᠰᠢᠬᠦᠯᠵᠤ᠂ ᠢᠨᠵᠧᠨᠧᠷᠢᠩ ᠢ ᠳᠥᠯᠭᠢᠨ ᠠᠬᠢᠭᠤᠯᠬᠤ ᠳᠤᠮᠳᠠ ᠢᠯᠡᠷᠡᠭᠰᠡᠨ ᠵᠠᠷᠢᠮ ᠵᠢᠷᠤᠮᠵᠢᠭᠤᠨ ᠪᠤᠰᠤ᠂ ᠨᠠᠶᠢᠳᠠᠪᠤᠷᠢᠵᠢᠭᠤᠯᠤᠭᠰᠠᠨ ᠥᠬᠡᠶ ᠠᠵᠢᠯ ᠤᠨ ᠠᠰᠠᠭᠤᠳᠠᠯ ᠢ ᠡᠷᠡᠰ ᠵᠠᠯᠠᠷᠠᠭᠤᠯᠬᠤ ᠬᠡᠷᠡᠭᠲᠡᠶ᠃ ᠤᠰᠤᠨ ᠠᠰᠢᠬᠯᠠᠯᠲᠠ ᠶᠢᠨ ᠲᠢᠩᠬᠢᠮ ᠳᠠᠶᠢᠴᠢᠯᠠᠨ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠬᠠᠮᠵᠢᠯᠴᠠᠨ᠂ ᠣᠳᠣᠬᠠᠨ ᠤ ᠴᠢᠬᠤᠯᠠ ᠶᠡᠭᠡ ᠤᠰᠤᠨ ᠠᠰᠢᠬᠯᠠᠯᠲᠠ ᠶᠢᠨ ᠢᠨᠵᠧᠨᠧᠷᠢᠩ ᠢ ᠠᠬᠢᠭᠤᠯᠬᠤ ᠳᠤᠬᠠᠢ ᠪᠣᠳᠠᠲᠠᠶ ᠰᠠᠨᠠᠯ᠂ ᠠᠷᠭ᠎ᠠ ᠬᠡᠮᠵᠢᠶ᠎ᠡ ᠶᠢ ᠱᠠᠯᠠᠪᠳᠠᠨ ᠰᠤᠳᠤᠯᠵᠤ ᠪᠤᠢ ᠪᠣᠯᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠵᠦ ᠰᠤᠳᠤᠯᠤᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃    ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠬᠯᠠᠯᠲᠠ ᠶᠢᠨ ᠲᠢᠩᠬᠢᠮ ᠤᠨ ᠤᠰᠤᠨ ᠠᠰᠢᠬᠯᠠᠯᠲᠠ ᠶᠢᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ᠂ ᠰᠦᠯᠵᠢᠶᠡᠵᠢᠯᠳᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠂ ᠯᠢ ᠪᠢᠩ ᠷᠦᠩ᠂ ᠪᠣᠳᠠᠲᠠᠢ ᠠᠵᠢᠯ ᠤᠨ ᠬᠡᠷᠡᠭᠴᠡᠭᠡ ᠪᠠᠷ ᠵᠢᠯᠤᠭᠤᠳᠤᠮᠵᠢ ᠪᠣᠯᠭᠠᠵᠤ᠂ ᠰᠠᠭᠤᠷᠢ ᠶᠢᠨ ᠴᠢᠨᠠᠷᠲᠠᠢ᠂ ᠬᠡᠷᠡᠭᠯᠡᠭᠡᠨ ᠤ ᠴᠢᠨᠠᠷᠲᠠᠢ ᠳᠡᠭᠡᠷ᠎ᠡ ᠬᠦᠴᠦ ᠲᠠᠯᠪᠢᠵᠤ᠂ ᠪᠦᠬᠦ ᠣᠷᠣᠨ ᠤ ᠤᠰᠤᠨ ᠠᠰᠢᠬᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠠᠴᠢᠯᠠᠬᠤ᠂ ᠪᠠᠶᠢᠩᠭᠤᠵᠢᠯᠬᠤ᠂ ᠣᠨᠣᠴᠠᠳᠠᠢ ᠴᠢᠨᠠᠷ ᠢ ᠦᠨᠡᠨ ᠬᠦ ᠪᠡᠶᠡᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠪᠠᠯ ᠪᠦᠬᠦ ᠲᠠᠯ᠎ᠠ ᠶᠢ ᠬᠠᠮᠤᠷᠬᠤ ᠪᠢᠰᠢ᠂ ᠭᠤᠣᠯ ᠮᠥᠷᠡᠨ ᠨᠠᠭᠤᠷ ᠴᠥᠭᠦᠷᠥᠮ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ᠂ ᠭᠠᠵᠠᠷ ᠳᠣᠣᠷᠠᠬᠢ ᠤᠰᠤᠨ ᠤ ᠠᠮᠢ ᠠᠬᠤᠢ ᠶᠢᠨ ᠬᠢᠨᠠᠯᠲᠠ ᠬᠠᠮᠢᠶᠠᠷᠤᠯᠲᠠ ᠵᠡᠷᠭᠡ ᠰᠢᠰᠲᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠪᠦᠲᠦᠮᠵᠢᠲᠡᠢ ᠲᠣᠭᠠᠴᠢᠯᠠᠭᠰᠠᠨ ᠠᠷᠭ᠎ᠠ ᠪᠠᠷᠢᠯ ᠢᠶᠠᠷ ᠣᠳᠣᠬᠠᠨ ᠤ ᠤᠰᠤᠨ ᠤ ᠠᠮᠢ ᠠᠬᠤᠢ ᠶᠢᠨ ᠵᠠᠰᠠᠯᠲᠠ ᠶᠢᠨ ᠭᠤᠣᠯᠳᠠᠯᠭ᠎ᠠ ᠲᠠᠢ ᠠᠵᠢᠯ ᠳᠤ ᠴᠢᠳᠠᠪᠬᠢ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃ ᠴᠢ ᠳ᠋ᠢ ᠬᠤᠪᠢ ᠡᠵᠡᠮᠳᠡᠭᠰᠡᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠰᠤᠳᠤᠯᠤᠨ ᠶᠠᠷᠢᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号