ᠠᠷᠤ ᠭᠠᠵᠠᠷ ᠤᠨ ᠭᠡᠷᠡᠯᠲᠦ ᠰᠤᠪᠤᠳ ------- ᠤᠯᠠᠭᠠᠨᠰᠤᠬᠠᠢ
ᠨᠡᠶᠢᠲᠡᠯᠡᠭᠰᠡᠨ ᠴᠠᠭ᠄
2021/7/14
    ᠡᠪᠦᠯ ᠤᠨ ᠠᠭᠤᠷ ᠣᠷᠣᠬᠤ ᠦᠶ᠎ᠡ ᠪᠠᠷ ᠤᠯᠠᠭᠠᠨᠰᠤᠬᠠᠢ ᠨᠠᠭᠤᠷ ᠲᠤ ᠢᠷᠡᠬᠦ ᠳᠤ᠂ ᠵᠤᠨ ᠤ ᠤᠯᠠᠷᠢᠯ ᠤᠨ ᠬᠢ ᠰᠢᠭ᠋ ᠬᠥᠮᠦᠰ  ᠨᠠᠭᠠᠰᠢ ᠴᠠᠭᠠᠰᠢ  ᠰᠦᠯᠵᠢᠯᠳᠦᠬᠦ ᠨᠠᠷᠭᠢᠶᠠᠨ ᠲᠠᠢ ᠪᠠᠶᠢᠳᠠᠯ ᠢ ᠣᠯᠵᠤ ᠦᠵᠡᠬᠦ ᠦᠭᠡᠢ ᠪᠣᠯᠪᠠ᠃ ᠨᠠᠭᠤᠷ ᠤᠨ ᠬᠥᠪᠡᠭᠡᠨ ᠳᠤ ᠵᠣᠭᠰᠣᠨ ᠡᠷᠬᠢᠨ ᠲᠣᠭᠤᠷᠢᠨ ᠢᠶᠠᠨ ᠪᠠᠷᠠᠯᠠᠬᠤᠶ᠎ᠠ᠂ ᠬᠥᠮᠦᠨ ᠢ ᠰᠣᠭᠲᠣᠭᠤᠷᠠᠭᠤᠯᠤᠮ᠎ᠠ ᠬᠥᠬᠡ ᠣᠭᠲᠠᠷᠭᠤᠶ ᠪᠣᠯᠤᠨ ᠨᠣᠮᠢᠨ ᠳᠣᠯᠭᠢᠶᠠᠨ ᠳᠣᠯᠭᠢᠶᠠᠯᠠᠭᠰᠠᠨ ᠨᠠᠭᠤᠷ ᠤᠨ ᠤᠰᠤ ᠪᠦᠬᠦᠯᠢ ᠨᠢᠭᠡ ᠴᠣᠭᠴᠠ ᠪᠤᠯᠵᠤ᠂ ᠵᠠᠭᠤᠨ ᠮᠧᠲᠷ ᠤᠨ ᠴᠠᠭᠠᠨᠠᠬᠢ ᠨᠠᠭᠤᠷ ᠤᠨ ᠭᠠᠳᠠᠷᠭᠤ ᠳᠡᠭᠡᠷ᠎ᠡ᠂ 10 ᠭᠠᠷᠤᠶ ᠬᠤᠷᠤᠭᠤᠲᠤ ᠬᠤᠨ ᠱᠤᠩᠪᠠᠨ ᠲᠤᠭᠯᠠᠵᠤ᠂ ᠰᠦᠷᠦᠭ ᠰᠦᠷᠦᠭ ᠴᠠᠭᠠᠨ ᠰᠡᠭᠦᠯᠲᠦ ᠵᠠᠭᠠᠯᠠᠢ᠂ ᠲᠣᠮᠣ ᠴᠠᠭᠠᠨ ᠳᠡᠭᠡᠯᠡᠶ᠂ ᠬᠠᠯᠪᠠᠭᠠᠨ ᠬᠤᠰᠢᠭᠤᠳᠤ ᠵᠠᠷᠢᠮ ᠳᠠᠭᠠᠨ ᠨᠠᠭᠤᠷ ᠤᠨ ᠨᠢᠭᠤᠷ ᠳᠡᠭᠡᠷ᠎ᠡ ᠬᠦᠪᠦᠵᠦ᠂ ᠵᠠᠷᠢᠮ ᠳᠠᠭᠠᠨ ᠬᠤᠯᠤᠰᠤᠨ ᠳᠤᠮᠳᠠ ᠨᠢᠰᠦᠨ ᠣᠷᠣᠨ᠎ᠠ᠃      ᠤᠯᠠᠭᠠᠨᠰᠤᠬᠠᠢ ᠪᠣᠯ ᠤᠯᠠᠭᠠᠨ ᠪᠤᠷᠭᠠᠰᠤᠨ ᠤ ᠨᠠᠭᠤᠷ ᠭᠡᠰᠡᠨ ᠤᠳᠬ᠎ᠠ ᠲᠠᠢ᠂ 1850 ᠣᠨ ᠳᠤ ᠬᠠᠳᠤᠨ ᠭᠤᠣᠯ ᠤᠨ ᠵᠠᠮ ᠢ ᠥᠭᠡᠷᠡᠴᠢᠯᠡᠭᠰᠡᠨ ᠠᠴᠠ ᠪᠦᠷᠢᠯᠳᠦᠭᠰᠡᠨ ᠨᠠᠭᠤᠷ ᠪᠣᠯᠤᠨ᠎ᠠ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠠᠶᠠᠨᠨᠠᠭᠤᠷ ᠬᠤᠳᠠ ᠶᠢᠨ ᠤᠷᠠᠳ ᠤᠨ ᠡᠮᠦᠨᠡᠲᠦ ᠬᠤᠰᠢᠭᠤᠨ ᠤ ᠬᠢᠯᠢ ᠳᠤ ᠪᠠᠶᠢᠷᠢᠯᠠᠵᠤ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠤᠰᠤᠯᠠᠯᠲᠠ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃      ᠬᠠᠲᠤᠨ ᠭᠤᠤᠯ ᠤᠨ ᠤᠰᠤ ᠨᠢ ᠪᠠᠷᠠᠭᠤᠨ ᠲᠠᠯ᠎ᠠ ᠶᠢᠨ ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠶᠰᠦ ᠠᠴᠠ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠣᠷᠣᠭᠤᠯᠤᠭᠰᠠᠨ ᠤ ᠳᠠᠷᠠᠭ᠎ᠠ᠂ ᠳᠣᠯᠣᠳᠤᠭᠠᠷ ᠳᠡᠰ ᠤᠨ ᠤᠰᠤᠯᠠᠯᠲᠠ ᠶᠢᠨ ᠰᠢᠰᠲ᠋ᠧᠮ ᠢᠶᠠᠷ ᠳᠡᠮᠵᠢᠨ ᠲᠠᠷᠢᠶᠠᠨ ᠭᠠᠵᠠᠷ ᠲᠤ ᠴᠢᠳᠬᠤᠭᠰᠠᠨ ᠤ ᠳᠠᠷᠠᠭ᠎ᠠ᠂ ᠪᠠᠰᠠ ᠤᠰᠤ ᠲᠠᠲᠠᠷᠠᠭᠤᠯᠬᠤ ᠰᠤᠪᠠᠭ᠂ ᠶᠡᠷᠦᠩᠬᠡᠶ ᠤᠰᠤ ᠲᠠᠲᠠᠷᠠᠭᠤᠯᠬᠤ ᠰᠤᠪᠠᠭ ᠢᠶᠠᠷ ᠳᠡᠮᠵᠢᠨ ᠤᠯᠠᠭᠠᠨᠰᠤᠬᠠᠶ ᠲᠠᠢ ᠵᠠᠯᠭᠠᠯᠳᠤᠭᠰᠠᠨ ᠬᠤᠩ ᠭᠧ ᠪᠥᠸᠧ ᠶᠢᠨ ᠤᠰᠤ ᠲᠠᠲᠠᠷᠠᠭᠤᠯᠬᠤ ᠥᠷᠲᠡᠭᠡ ᠳᠤ ᠬᠦᠷᠴᠦ᠂ ᠤᠯᠠᠭᠠᠨᠰᠤᠬᠠᠶ ᠳᠤ ᠴᠢᠳᠬᠤᠨ ᠣᠷᠣᠭᠤᠯᠵᠤ᠂ ᠲᠤᠨᠳᠠᠰᠤᠵᠢᠭᠤᠯᠬᠤ᠂ ᠰᠣᠷᠣᠨ ᠨᠠᠭᠠᠯᠳᠤᠭᠤᠯᠬᠤ᠂ ᠠᠮᠢᠳᠤ ᠪᠣᠳᠠᠰ ᠤᠨ ᠠᠷᠭᠠᠴᠠᠭᠠᠯᠲᠠ ᠬᠢᠬᠦ ᠵᠡᠷᠭᠡ ᠪᠠᠷ ᠳᠡᠮᠵᠢᠨ ᠴᠡᠪᠡᠷᠰᠢᠭᠦᠯᠦᠭᠰᠡᠨ ᠤ ᠳᠠᠷᠠᠭ᠎ᠠ᠂ ᠵᠡᠭᠦᠨ ᠡᠮᠦᠨᠡᠲᠦ ᠶᠢᠨ ᠠᠷᠪᠠᠳᠤᠭᠠᠷ ᠤᠰᠤ ᠲᠠᠳᠠᠷᠠᠭᠤᠯᠬᠤ ᠭᠤᠤᠯ ᠰᠤᠪᠠᠭ ᠤᠨ ᠤᠰᠤ ᠲᠠᠳᠠᠬᠤ ᠥᠷᠲᠡᠭᠡ ᠠᠴᠠ ᠬᠠᠲᠤᠨ ᠭᠤᠤᠯ ᠳᠤ ᠴᠢᠳᠬᠤᠨ᠎ᠠ᠃ ᠬᠠᠲᠤᠨ ᠭᠤᠤᠯ ᠤᠨ ᠬᠠᠯᠢᠶ᠎ᠠ ᠦᠶᠡᠷ ᠤᠨ ᠬᠤᠭᠤᠴᠠᠭᠠᠨ ᠳᠤ᠂ ᠭᠤᠤᠯ ᠤᠰᠤ ᠵᠠᠯᠠᠬᠤ ᠰᠢᠰᠲ᠋ᠧᠮ ᠢᠶᠠᠷ ᠳᠡᠮᠵᠢᠨ᠂ ᠤᠯᠠᠭᠠᠨᠰᠤᠬᠠᠶ ᠦᠶᠡᠷ ᠤᠨ ᠤᠰᠤ ᠶᠢ ᠰᠢᠩᠭᠡᠭᠡᠨ ᠠᠪᠴᠤ᠂ ᠬᠠᠲᠤᠨ ᠭᠤᠤᠯ ᠤᠨ ᠦᠶᠡᠷ ᠶᠠᠪᠤᠭᠤᠯᠬᠤ ᠳᠠᠷᠤᠯᠲᠠ ᠶᠢ ᠬᠥᠩᠭᠡᠷᠡᠭᠦᠯᠦᠨ᠎ᠡ᠃ ᠬᠠᠲᠤᠨ ᠭᠤᠣᠯ ᠤᠨ ᠤᠰᠤ ᠰᠢᠷᠭᠢᠬᠦ ᠬᠤᠭᠤᠴᠠᠭᠠᠨ ᠳᠤ ᠬᠠᠲᠤᠨ ᠭᠤᠣᠯ ᠢ ᠭᠡᠳᠡᠷᠭᠦ ᠨᠥᠬᠦᠪᠥᠷᠢᠯᠡᠨ᠎ᠡ᠃ ᠤᠯᠠᠭᠠᠨᠰᠤᠬᠠᠢ ᠨᠢ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠭᠠᠵᠠᠷ ᠰᠢᠷᠣᠢ ᠶᠢᠨ ᠬᠤᠵᠢᠷᠰᠢᠯ ᠢ ᠡᠵᠡᠮᠳᠡᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠠᠲᠤᠨ ᠭᠤᠣᠯ ᠤᠨ ᠤᠰᠤᠨ ᠤ ᠴᠢᠨᠠᠷ ᠤᠨ ᠠᠮᠤᠷ ᠲᠦᠪᠰᠢᠨ ᠢ ᠬᠠᠮᠠᠭᠠᠯᠠᠬᠤ᠂ ᠬᠠᠲᠤᠨ ᠭᠤᠣᠯ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠳᠤ ᠣᠷᠣᠯᠠᠭᠤᠯᠵᠤ ᠪᠣᠯᠤᠰᠢ ᠦᠭᠡᠢ ᠴᠢᠬᠤᠯᠠ ᠦᠢᠯᠡᠳᠦᠯ ᠲᠠᠢ ᠭᠡᠵᠦ ᠬᠡᠯᠡᠵᠦ ᠪᠣᠯᠤᠨ᠎ᠠ᠃      ᠲᠡᠤᠬᠡᠨ ᠳᠡᠭᠡᠷ᠎ᠡ ᠪᠤᠷᠤᠲᠤᠬᠤᠢ ᠶᠢᠨ ᠣᠷᠤᠨ ᠬᠠᠰᠢᠯᠭ᠎ᠠ ᠥᠬᠡᠶ ᠪᠠᠷ ᠬᠠᠲᠤᠨ ᠭᠤᠤᠯ ᠤᠨ ᠤᠰᠤ ᠶᠢ ᠲᠠᠲᠠᠵᠤ ᠤᠰᠤᠯᠠᠭᠰᠠᠨ  ᠠᠴᠠ ᠤᠰᠤ ᠶᠢ ᠡᠵᠡᠮᠳᠡᠬᠦ ᠳᠤ ᠪᠡᠷᠬᠡ ᠪᠣᠯᠵᠣ᠂ ᠤᠯᠠᠭᠠᠨᠰᠤᠬᠠᠢ ᠨᠠᠭᠤᠷ ᠤᠨ ᠤᠰᠤᠨ ᠤ ᠭᠠᠳᠠᠷᠭᠤ ᠨᠢ ᠬᠠᠮᠤᠭ ᠠᠩᠬᠠᠨ ᠤ 2 ᠺᠦᠸᠠᠳ᠋ ᠺᠢᠯᠣᠮᠧᠳ᠋ᠷ ᠠᠴᠠ ᠪᠠᠨ ᠠᠭᠠᠵᠢᠮ ᠢᠶᠠᠷ ᠥᠷᠭᠡᠳᠴᠦ᠂ ᠬᠠᠮᠤᠭ ᠶᠡᠭᠡ ᠳᠡᠭᠡᠨ 1200 ᠺᠦᠸᠠᠳ᠋ ᠺᠢᠯᠤᠮᠧᠲᠷ ᠲᠤ ᠭᠦᠷᠦᠭᠰᠡᠨ ᠪᠠᠶᠢᠨ᠎ᠠ᠃ ᠰᠢᠨ᠎ᠡ ᠪᠤᠷᠤᠲᠤᠬᠤᠢ ᠶᠢᠨ ᠣᠷᠤᠨ ᠪᠠᠶᠢᠭᠤᠯᠤᠭᠳᠠᠭᠰᠠᠨ ᠤ ᠲᠠᠷᠠᠭ᠎ᠠ᠂ ᠤᠯᠤᠰ ᠠᠴᠠ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠣᠷᠣᠭᠤᠯᠤᠯᠲᠠ ᠪᠠ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠶᠢ ᠳᠠᠭᠠᠯᠳᠤᠨ᠂ ᠤᠰᠤᠯᠠᠬᠤ ᠪᠠ ᠲᠠᠳᠠᠷᠠᠭᠤᠯᠬᠤ ᠶᠢ ᠢᠵᠢ ᠪᠦᠷᠢᠳᠦᠭᠦᠯᠦᠭᠰᠡᠨ᠂ ᠤᠰᠤᠨ ᠤ ᠬᠡᠮᠵᠢᠶ᠎ᠡ ᠶᠢ ᠡᠵᠡᠮᠳᠡᠵᠦ ᠪᠣᠯᠬᠤ ᠠᠵᠢᠯᠯᠠᠭᠠᠨ ᠤ ᠬᠠᠮᠢᠶᠠᠷᠤᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠤᠯᠠᠭᠠᠨᠰᠤᠬᠠᠢ ᠨᠠᠭᠤᠷ ᠤᠨ ᠤᠰᠤᠨ ᠤ ᠭᠠᠳᠠᠷᠭᠤ ᠶᠢᠨ ᠲᠠᠯᠠᠪᠠᠢ ᠶᠢ ᠦᠨᠳᠦᠰᠦᠨ ᠳᠡᠭᠡᠨ ᠬᠢᠵᠠᠭᠠᠷᠯᠠᠵᠤ᠂ 20 ᠳ᠋ᠤᠭᠠᠷ ᠵᠠᠭᠤᠨ ᠤ ᠶᠡᠷᠡᠭᠡᠳ ᠣᠨ ᠠᠴᠠ ᠨᠠᠭᠠᠰᠢ ᠤᠳᠤ ᠶᠢᠨ ᠲᠠᠯᠠᠪᠠᠢ ᠳᠤ ᠲᠣᠭᠲᠠᠪᠤᠷᠢᠵᠢᠭᠤᠯᠤᠭᠰᠠᠭᠠᠷ ᠢᠷᠡᠵᠡᠢ᠃ᠭᠡᠲᠡᠯ᠎ᠡ᠂ 10 ᠵᠢᠯ ᠤᠨ ᠡᠮᠦᠨᠡᠬᠢ ᠤᠯᠠᠭᠠᠨᠰᠤᠬᠠᠢ ᠪᠣᠯ ᠬᠠᠷᠢᠨ ᠥᠭᠡᠷ᠎ᠡ ᠨᠢᠭᠡ ᠵᠦᠢᠯ ᠤᠨ ᠥᠩᠭᠡ ᠦᠵᠡᠮᠵᠢ ᠲᠠᠢ ᠪᠠᠶᠢᠭᠰᠠᠨ ᠶᠤᠮ᠃      ︽ᠪᠣᠬᠢᠷᠲᠤᠯ ᠬᠠᠮᠤᠭ ᠤᠨ ᠬᠦᠨᠳᠦ ᠨᠣᠴᠢᠲᠠᠶ ᠪᠠᠶᠢᠭᠰᠠᠨ ᠶᠡᠷᠡᠭᠡᠳ ᠣᠨ ᠤ ᠦᠶ᠎ᠡ ᠳᠤ᠂ ᠣᠩᠭᠤᠴᠠ ᠨᠠᠭᠤᠷ ᠤᠨ ᠳᠤᠮᠳᠠᠭᠤᠷ ᠶᠠᠪᠤᠬᠤ ᠳᠤ ᠴᠠᠯᠭᠢᠶᠠᠳᠠᠰᠤ ᠴᠥᠮ ᠦᠮᠡᠬᠡᠶ ᠦᠨᠦᠷ ᠬᠠᠩᠬᠤᠯᠵᠤ ᠪᠠᠶᠢᠪᠠ᠃︾ ᠭᠡᠵᠦ ᠤᠯᠠᠭᠠᠨᠰᠤᠬᠠᠢ ᠨᠠᠭᠤᠷ ᠤᠨ ᠲᠣᠭᠤᠷᠢᠭ ᠤᠨ ᠬᠠᠮᠢᠶᠠᠷᠤᠯᠲᠠ ᠶᠢᠨ ᠶᠡᠭᠡ ᠠᠩᠬᠢ ᠶᠢᠨ ᠳᠡᠳ᠋ ᠳᠠᠷᠤᠭ᠎ᠠ ᠯᠢᠦ ᠸᠤᠨ ᠪᠢᠨ ᠬᠡᠯᠡᠪᠡ᠃      2008 ᠣᠨ ᠤ 5 ᠰᠠᠷ᠎ᠠ ᠳᠤ᠂ ᠤᠯᠠᠭᠠᠨᠰᠤᠬᠠᠢ  ᠳᠤ 8 ᠲᠦᠮᠡ ᠭᠠᠷᠤᠢ ᠮᠦ ᠲᠠᠯᠠᠪᠠᠢ ᠲᠠᠢ᠂ 5 ᠰᠠᠷ᠎ᠠ ᠦᠷᠭᠦᠯᠵᠢᠯᠡᠭᠰᠡᠨ ᠰᠢᠷ᠎ᠠ ᠵᠠᠮᠠᠭ ᠢᠯᠡᠷᠡᠵᠦ᠂ ᠭᠤᠣᠯ ᠪᠣᠯᠬᠤ ᠣᠷᠣᠨ ᠤ ᠤᠰᠤᠨ ᠤ ᠭᠠᠳᠠᠷᠭᠤ ᠶᠢ ᠪᠦᠷᠬᠦᠵᠦ᠂ ᠤᠰᠤᠨ ᠴᠣᠭᠴᠠ ᠶᠢ ᠬᠦᠨᠳᠦ ᠨᠣᠴᠢᠲᠠᠢ ᠪᠣᠬᠢᠷᠲᠤᠭᠤᠯᠵᠠᠢ᠃ ᠤᠷᠢᠳ ᠤᠨ ᠦᠵᠡᠰᠬᠦᠯᠡᠩᠲᠦ ᠰᠠᠶᠢᠬᠠᠨ ᠥᠨᠢᠷ ᠪᠠᠶᠠᠯᠢᠭ᠂ ᠪᠣᠯᠵᠣᠮᠣᠷ ᠰᠢᠪᠠᠭᠤ ᠵᠢᠷᠭᠢᠵᠦ ᠴᠡᠴᠡᠭ ᠳᠡᠯᠭᠡᠷᠡᠭᠰᠡᠨ ᠤᠯᠠᠭᠠᠨᠰᠤᠬᠠᠢ ᠨᠢ ᠠᠵᠤ ᠦᠶᠯᠡᠳᠪᠦᠷᠢ ᠶᠢᠨ ᠪᠣᠬᠢᠷ ᠤᠰᠤ ᠪᠠ ᠠᠮᠢᠳᠤᠷᠠᠯ ᠤᠨ ᠪᠣᠬᠢᠷ ᠤᠰᠤ ᠶᠢ ᠴᠤᠭᠯᠠᠷᠠᠭᠤᠯᠤᠭᠰᠠᠨ ︽ᠪᠤᠵᠠᠷ ᠤᠰᠤᠨ ᠤ ᠲᠠᠲᠠᠭᠠᠯ︾ ᠪᠣᠯᠤᠭᠰᠠᠨ ᠪᠠᠶᠢᠨ᠎ᠠ᠂ ᠡᠭᠦᠨ ᠢ ᠲᠡᠤᠬᠡᠨ ᠳᠤ ︽ᠤᠯᠠᠭᠠᠨᠰᠤᠬᠠᠢ ᠨᠠᠭᠤᠷ ᠤᠨ ᠪᠣᠬᠢᠷᠲᠤᠯ ᠤᠨ ᠬᠡᠷᠡᠭ︾ ᠭᠡᠳᠡᠭ᠃      ᠤᠯᠠᠭᠠᠨᠰᠤᠬᠠᠢ ᠨᠠᠭᠤᠷ ᠤᠨ ᠪᠣᠬᠢᠷᠲᠤᠯ ᠢ ᠬᠦᠨᠳᠦ ᠨᠣᠴᠢᠲᠠᠢ ᠪᠣᠯᠭᠠᠭᠰᠠᠨ ᠰᠢᠯᠲᠠᠭᠠᠨ ᠨᠢ ᠭᠤᠣᠯᠳᠠᠭᠤ ᠭᠤᠷᠪᠠᠨ ᠲᠠᠯ᠎ᠠ ᠪᠤᠢ᠄ ᠨᠢᠭᠡ ᠳᠤ᠂ ᠪᠣᠷᠣ ᠲᠣᠬᠤᠢ ᠶᠢᠨ ᠤᠰᠤᠯᠠᠯᠲᠠ ᠶᠢᠨ ᠣᠷᠣᠨ ᠳᠤ ᠲᠠᠷᠢᠶᠠᠨ ᠭᠠᠵᠠᠷ ᠢ ᠤᠰᠤᠯᠠᠵᠤ᠂ ᠲᠠᠷᠢᠶᠠᠨ ᠭᠠᠵᠠᠷ ᠤᠨ ᠲᠠᠳᠠᠷᠠᠭᠤᠯᠤᠭᠰᠠᠨ ᠤᠰᠤ ᠶᠢ ᠦᠨᠳᠦᠰᠦᠨ ᠳᠡᠭᠡᠨ ᠪᠦᠷ ᠨᠠᠭᠤᠷ ᠲᠤ ᠴᠢᠳᠬᠤᠵᠤ᠂ ᠲᠠᠷᠢᠶᠠᠨ ᠭᠠᠵᠠᠷ ᠤᠨ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠦᠯᠡᠳᠡᠭᠳᠡᠯ ᠨᠢ ᠴᠦ ᠤᠰᠤ ᠲᠠᠲᠠᠷᠠᠭᠤᠯᠬᠤ ᠶᠢ ᠳᠠᠭᠠᠯᠳᠤᠨ ᠨᠠᠭᠤᠷ ᠲᠤ ᠣᠷᠣᠵᠠᠢ︔ ᠬᠤᠶᠠᠷ ᠲᠤ ᠲᠤᠬᠠᠶ ᠶᠢᠨ ᠭᠠᠵᠠᠷ ᠤᠨ ᠠᠵᠤ ᠦᠶᠯᠡᠳᠪᠦᠷᠢ ᠳᠤ ᠬᠡᠷᠡᠭᠯᠡᠬᠦ ᠤᠰᠤ᠂ ᠬᠤᠲᠠ ᠬᠥᠳᠡᠭᠡ ᠶᠢᠨ ᠠᠮᠢᠳᠤᠷᠠᠯ ᠤᠨ ᠬᠠᠶᠠᠭᠳᠠᠮᠠᠯ ᠤᠰᠤ ᠶᠢ ᠰᠢᠶᠳᠪᠦᠷᠢᠯᠡᠭᠰᠡᠨ ᠥᠬᠡᠶ ᠪᠠᠷ ᠰᠢᠭᠤᠳ ᠨᠠᠭᠤᠷ ᠲᠤ ᠭᠠᠳᠠᠭᠰᠢᠯᠠᠭᠤᠯᠤᠭᠰᠠᠨ ᠠᠴᠠ ᠪᠣᠯᠵᠠᠢ︔ ᠭᠤᠷᠪᠠ ᠳᠤ᠂ ᠪᠤᠷᠤᠲᠤᠬᠤᠢ ᠶᠢᠨ ᠣᠷᠤᠨ ᠤ ᠠᠭᠤᠷ ᠠᠮᠢᠰᠬᠤᠯ ᠭᠠᠩ ᠬᠠᠭᠤᠷᠠᠶ᠂ ᠲᠤᠨᠳᠠᠰᠤᠨ ᠤ ᠬᠡᠮᠵᠢᠶ᠎ᠡ ᠨᠢ ᠪᠠᠭ᠎ᠠ᠂ ᠨᠠᠭᠤᠷ ᠤᠨ ᠤᠰᠤ ᠨᠢ ᠤᠰᠤᠨ ᠰᠤᠪᠠᠭ ᠢᠶᠠᠷ ᠳᠠᠮᠵᠢᠨ ᠣᠷᠣᠵᠤ ᠭᠠᠷᠬᠤ ᠪᠠ ᠭᠠᠳᠠᠭᠰᠢᠯᠠᠵᠤ᠂ ᠣᠷᠣᠭᠤᠯᠵᠤ ᠭᠠᠷᠭᠠᠬᠤ ᠬᠡᠮᠵᠢᠶ᠎ᠡ ᠨᠢ ᠪᠠᠭ᠎ᠠ᠂ ᠤᠷᠴᠢᠯ ᠴᠢᠨᠠᠷ ᠨᠢ ᠠᠨᠠᠶ᠂ ᠪᠣᠬᠢᠷᠲᠤᠯ ᠪᠣᠳᠠᠰ ᠨᠢ ᠨᠠᠭᠤᠷ ᠤᠨ ᠳᠣᠲᠣᠷ᠎ᠠ ᠬᠤᠷᠠᠮᠳᠤᠵᠤ᠂ ᠪᠣᠬᠢᠷᠲᠤᠯ ᠢ ᠠᠭᠠᠵᠢᠮ ᠢᠶᠠᠷ ᠬᠦᠨᠳᠦᠷᠡᠭᠦᠯᠦᠭᠰᠡᠨ ᠠᠴᠠ ᠪᠣᠯᠵᠠᠢ᠃      ᠲᠤᠭ᠎ᠠ ᠪᠠᠷᠢᠮᠲᠠ ᠠᠴᠠ ᠦᠵᠡᠪᠡᠯ᠂ 2008 ᠣᠨ ᠳᠤ ᠲᠤᠰ ᠣᠷᠣᠨ ᠪᠦᠰᠡ ᠶᠢᠨ ᠠᠵᠤ ᠦᠢᠯᠡᠳᠪᠦᠷᠢ ᠶᠢᠨ ᠬᠠᠶᠠᠭᠳᠠᠯ ᠤᠰᠤ 2331.2 ᠲᠦᠮᠡᠨ ᠲᠣᠨ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ 2256.4 ᠲᠦᠮᠡᠨ ᠲᠣᠨ᠂ ᠲᠠᠷᠢᠶᠠᠨ ᠭᠠᠵᠠᠷ ᠤᠨ ᠤᠰᠤ ᠭᠠᠳᠠᠭᠰᠢᠯᠠᠭᠤᠯᠬᠤ ᠬᠡᠮᠵᠢᠶ᠎ᠡ 26700 ᠲᠦᠮᠡᠨ ᠲᠣᠨ᠂ ᠲᠡᠵᠢᠭᠡᠨ ᠦᠷᠡᠵᠢᠭᠦᠯᠬᠦ ᠬᠠᠶᠠᠭᠳᠠᠮᠠᠯ ᠤᠰᠤ 2670.1 ᠲᠦᠮᠡᠨ ᠲᠣᠨ ᠭᠠᠳᠠᠭᠰᠢᠯᠠᠭᠤᠯᠪᠠ᠃ ᠣᠷᠣᠨ ᠪᠦᠰᠡ ᠶᠢᠨ ᠳᠣᠲᠣᠷᠠᠬᠢ COD ︵ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ︶ ᠶᠢᠨ ᠭᠠᠳᠠᠭᠰᠢᠯᠠᠭᠤᠯᠤᠯᠲᠠ ᠪᠠᠷ ᠬᠠᠮᠤᠭ ᠤᠨ ᠥᠨᠳᠥᠷ ᠪᠣᠬᠢᠷᠲᠤᠯ ᠤᠨ ᠡᠬᠢ ᠰᠤᠷᠪᠤᠯᠵᠢ ᠪᠣᠯ ᠠᠵᠤ ᠦᠢᠯᠡᠳᠪᠦᠷᠢ ᠶᠢᠨ ᠬᠠᠶᠠᠭᠳᠠᠯ ᠤᠰᠤ ᠪᠠᠶᠢᠵᠤ᠂ ᠶᠡᠷᠦᠩᠬᠡᠶ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢᠨ 34.5% ᠶᠢ ᠡᠵᠡᠯᠡᠨ᠎ᠡ︔ ᠤᠰᠤᠲᠦ᠋ᠷᠦᠭᠴᠢ ᠠᠮᠮᠤᠨᠢ ᠭᠠᠳᠠᠭᠰᠢᠯᠠᠭᠤᠯᠬᠤ ᠬᠡᠮᠵᠢᠶ᠎ᠡ ᠪᠠᠷ ᠬᠠᠮᠤᠭ ᠤᠨ ᠥᠨᠳᠥᠷ ᠪᠣᠬᠢᠷᠲᠤᠯ ᠤᠨ ᠡᠬᠢ ᠰᠤᠷᠪᠤᠯᠵᠢ ᠪᠣᠯ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠪᠠᠶᠢᠵᠤ᠂ ᠶᠡᠷᠦᠩᠬᠡᠶ ᠭᠠᠳᠠᠭᠰᠢᠯᠠᠭᠤᠯᠬᠤ ᠬᠡᠮᠵᠢᠶ᠎ᠡ ᠶᠢᠨ 57.4% ᠶᠢ ᠡᠵᠡᠯᠡᠨ᠎ᠡ︔ ᠳᠠᠷᠠᠭᠠᠯᠠᠪᠠᠯ ᠠᠵᠤ ᠦᠢᠯᠡᠳᠪᠦᠷᠢ ᠶᠢᠨ  ᠬᠠᠶᠠᠭᠳᠠᠮᠠᠯ ᠤᠰᠤ ᠪᠠ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠭᠠᠳᠠᠭᠰᠢᠯᠠᠭᠤᠯᠤᠭᠰᠠᠨ ᠬᠠᠶᠠᠭᠳᠠᠮᠠᠯ ᠤᠰᠤ ᠪᠣᠯᠤᠨ᠎ᠠ᠃ ᠬᠡᠯᠡᠯᠭᠡᠨ ᠥᠬᠡᠶ᠂ ᠣᠷᠣᠨ ᠪᠦᠰᠡ ᠶᠢᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠨᠢ ᠤᠯᠠᠭᠠᠨᠰᠤᠬᠠᠢ ᠨᠠᠭᠤᠷ ᠤᠨ ᠤᠰᠤᠨ ᠤ ᠣᠷᠴᠢᠨ ᠲᠣᠭᠤᠷᠢᠨ ᠤ ᠳᠠᠭᠠᠭᠠᠴᠠ ᠠᠴᠠ ᠬᠤᠯᠠ ᠳᠠᠪᠠᠭᠰᠠᠨ ᠪᠠᠶᠢᠨ᠎ᠠ᠃      ᠣᠷᠴᠢᠨ ᠲᠣᠭᠤᠷᠢᠨ ᠤ ᠪᠣᠬᠢᠷᠲᠤᠯ  ᠤᠨ ᠪᠠᠶᠢᠳᠠᠯ ᠤᠨ  ᠳᠣᠣᠷ᠎ᠠ᠂ ᠠᠮᠢ ᠠᠬᠤᠶ ᠶᠢᠨ ᠴᠢᠳᠠᠪᠬᠢ ᠮᠠᠭᠤᠳᠠᠵᠤ᠂ ᠠᠮᠢᠳᠤ ᠪᠣᠳᠠᠰ᠂ ᠤᠷᠭᠤᠮᠠᠯ ᠤᠨ ᠲᠦᠷᠦᠯ ᠵᠦᠢᠯ ᠶᠡᠭᠡ ᠬᠡᠮᠵᠢᠶ᠎ᠡ ᠪᠠᠷ ᠪᠠᠭᠠᠰᠴᠤ᠂ ᠴᠡᠩᠭᠡᠭ ᠤᠰᠤᠨ ᠤ ᠵᠢᠭᠠᠰᠤᠨ ᠠᠵᠤ ᠠᠬᠤᠶ ᠶᠢᠨ ᠰᠠᠭᠤᠷᠢᠨ ᠭᠠᠵᠠᠷ ᠤᠨ ᠴᠢᠳᠠᠪᠬᠢ ᠠᠭᠠᠵᠢᠮ ᠢᠶᠠᠷ ᠠᠯᠳᠠᠭᠳᠠᠵᠤ᠂ ᠲᠤᠬᠠᠶ ᠶᠢᠨ ᠭᠠᠵᠠᠷ ᠤᠨ ᠤᠯᠠᠨ ᠲᠦᠮᠡᠨ ᠪᠠ ᠬᠠᠳᠤᠨ ᠭᠤᠣᠯ ᠤᠨ ᠳᠤᠤᠷᠠᠳᠤ ᠤᠷᠤᠰᠬᠠᠯ ᠤᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠬᠤᠣᠷ ᠬᠥᠨᠥᠭᠡᠯ ᠪᠠ ᠮᠠᠭᠤ ᠨᠥᠯᠥᠭᠡ ᠤᠴᠠᠷᠠᠭᠤᠯᠤᠭᠰᠠᠨ ᠪᠣᠳᠠᠲᠤ ᠪᠠᠶᠢᠳᠠᠯ ᠤᠨ ᠡᠮᠦᠨ᠎ᠡ ᠶᠠᠭᠠᠬᠢᠪᠠᠯ ᠵᠣᠬᠢᠬᠤ ᠪᠤᠢ︖      ᠡᠪᠡᠳᠬᠦ ᠨᠢ ᠵᠤᠬᠰᠤᠪᠠᠴᠦ ᠡᠪᠡᠷᠡᠰᠢᠶᠡᠯ ᠢᠶᠠᠨ ᠰᠠᠨᠠᠭᠠᠯᠵᠠᠬᠤ ᠭᠡᠵᠦ᠂ ᠣᠶᠢᠷ᠎ᠠ ᠶᠢᠨ 10 ᠵᠢᠯ ᠤᠨ ᠲᠤᠷᠰᠢ᠂ ᠪᠠᠶᠠᠨᠨᠠᠭᠤᠷ ᠬᠤᠲᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ︽ᠠᠮᠢ ᠠᠬᠤᠶ ᠪᠠᠷ ᠤᠰᠤ ᠨᠥᠬᠦᠪᠥᠷᠢᠯᠡᠬᠦ᠂ ᠡᠬᠢ ᠰᠤᠷᠪᠤᠯᠵᠢ ᠶᠢ ᠬᠢᠵᠠᠭᠠᠷᠯᠠᠨ ᠪᠣᠬᠢᠷᠲᠤᠯ ᠢ ᠪᠠᠭᠠᠰᠬᠠᠬᠤ᠂ ᠰᠡᠷᠭᠦᠭᠡᠨ ᠵᠠᠰᠠᠬᠤ᠂ ᠡᠬᠢ ᠪᠠᠶᠠᠯᠢᠭ ᠢ ᠠᠰᠢᠭᠯᠠᠬᠤ᠂  ᠦᠷᠬᠦᠯᠵᠢᠯᠡᠬᠦᠶᠢᠢᠴᠡ ᠬᠦᠭᠵᠢᠯᠲᠡ︾ ᠶᠢᠨ ᠰᠡᠳᠬᠢᠴᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠤᠯᠠᠭᠠᠨᠰᠤᠬᠠᠢ  ᠶᠢᠨ ᠶᠡᠷᠦᠩᠬᠡᠶᠢᠯᠡᠨ ᠵᠠᠰᠠᠬᠤ ᠲᠥᠯᠥᠪᠵᠢᠭᠦᠯᠭᠡ︾ ᠶᠢ ᠲᠣᠭᠲᠠᠭᠠᠵᠤ᠂ ᠲᠣᠣᠷᠯᠢᠭ ᠤᠰᠤᠨ ᠵᠠᠮ᠂ ᠠᠵᠤ ᠦᠢᠯᠡᠳᠪᠦᠷᠢ ᠶᠢᠨ ᠬᠦᠷᠢᠶᠡᠯᠡᠩ  ᠤᠨ ᠪᠣᠬᠢᠷ ᠤᠰᠤ  ᠶᠢ ᠰᠢᠶᠳᠪᠦᠷᠢᠯᠡᠬᠦ ᠦᠢᠯᠡᠳᠪᠦᠷᠢ᠂ ᠠᠮᠢ ᠠᠬᠤᠶ ᠶᠢᠨ ᠰᠢᠯᠵᠢᠯᠳᠡ ᠶᠢᠨ ᠪᠦᠰᠡ ᠶᠢᠨ ᠲᠠᠷᠢᠮᠠᠯ ᠴᠢᠭᠢᠭᠯᠢᠭ ᠭᠠᠵᠠᠷ ᠵᠢᠴᠢ ᠤᠯᠠᠨ ᠡᠬᠢᠳᠤ ᠪᠣᠬᠢᠷᠲᠤᠯ  ᠢ ᠬᠢᠵᠠᠭᠠᠷᠯᠠᠬᠤ ᠲᠦᠷᠦᠯ ᠵᠦᠢᠯ ᠵᠡᠷᠭᠡ ᠵᠠᠰᠠᠬᠤ ᠢᠨᠵᠧᠨᠧᠷᠢᠩ  ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠢᠳᠡ 37 ᠲᠦᠷᠦᠯ ᠵᠦᠢᠯ  ᠢ ᠬᠡᠷᠡᠭᠵᠢᠭᠦᠯᠵᠦ᠂ 32.7  ᠲᠥᠭᠦᠷᠢᠭ ᠳ᠋ᠦᠩᠰᠢᠭᠤᠷ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠣᠬᠢᠬᠤ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ 2003 ᠣᠨ  ᠠᠴᠠ 2018 ᠣᠨ ᠪᠣᠯᠲᠠᠯ᠎ᠠ᠂ ᠤᠯᠠᠭᠠᠨᠰᠤᠬᠠᠢ ᠨᠠᠭᠤᠷ ᠤᠨ ᠠᠮᠢ ᠠᠬᠤᠶ ᠳᠤ ᠨᠡᠶᠢᠲᠡ 22.95 ᠳ᠋ᠦᠩᠰᠢᠭᠤᠷ ᠺᠦᠪ  ᠮᠧᠲᠷ ᠤᠰᠤ ᠨᠥᠬᠦᠪᠥᠷᠢᠯᠡᠪᠡ᠃ 2015 ᠣᠨ ᠳᠤ ᠤᠯᠠᠭᠠᠨᠰᠤᠬᠠᠢ ᠨᠠᠭᠤᠷ ᠤᠨ ᠤᠰᠤᠨ ᠤ ᠴᠢᠨᠠᠷ ᠮᠠᠭᠤ 5 ᠲᠦᠷᠦᠯ ᠪᠠᠶᠢᠭᠰᠠᠨ ᠠᠴᠠ ᠶᠡᠷᠦᠩᠬᠡᠢ ᠳᠡᠭᠡᠨ 5 ᠲᠦᠷᠦᠯ ᠪᠤᠯᠵᠤ ᠬᠤᠪᠢᠷᠠᠪᠠ᠃      ᠤᠯᠠᠭᠠᠨᠰᠤᠬᠠᠢ ᠨᠠᠭᠤᠷ ᠤᠨ ᠪᠣᠬᠢᠷᠲᠤᠯ ᠤᠨ ᠠᠰᠠᠭᠤᠳᠠᠯ ᠢ ᠦᠷᠭᠦᠯᠵᠢᠯᠡᠨ ᠰᠢᠨᠵᠢᠯᠡᠬᠦ ᠤᠬᠠᠭᠠᠨᠴᠢ ᠪᠠᠷ ᠵᠠᠰᠠᠬᠤ ᠶᠢᠨ ᠲᠥᠯᠥᠭᠡ᠂ ᠤᠶᠢᠢᠷ᠎ᠠ ᠶᠢᠨ ᠵᠢᠯ ᠳᠤ᠂ ᠪᠠᠶᠠᠨᠨᠠᠭᠤᠷ ᠬᠤᠳᠠ ᠶᠢᠨ ᠬᠢᠨ ᠪᠠᠰᠠ ᠳᠤᠮᠳᠠᠳᠤ ᠤᠯᠤᠰ ᠤᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠬᠦᠷᠢᠶᠡᠯᠡᠩ ᠳᠤ ᠨᠠᠶᠢᠳᠠᠵᠤ ᠶᠡᠷᠦᠩᠬᠡᠶᠢᠯᠡᠨ ᠵᠠᠰᠠᠬᠤ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠵᠤ ᠲᠡᠭᠦᠯᠳᠡᠷᠵᠢᠭᠦᠯᠪᠡ᠃  ᠡᠳᠦᠭᠡ ᠪᠣᠯᠲᠠᠯ᠎ᠠ᠂ ᠲᠥᠯᠥᠪᠵᠢᠭᠦᠯᠦᠭᠰᠡᠨ 34 ᠲᠥᠷᠥᠯ ᠵᠦᠶᠯ  ᠤᠨ 31 ᠶᠢ ᠪᠠᠶᠢᠭᠤᠯᠵᠤ᠂ ᠦᠯᠡᠳᠡᠭᠰᠡᠨ 3 ᠲᠥᠷᠥᠯ ᠵᠦᠶᠯ ᠢ ᠨᠢ ᠵᠢᠯ ᠤᠨ ᠳᠣᠲᠣᠷ᠎ᠠ ᠠᠵᠢᠯ ᠡᠬᠢᠯᠡᠭᠦᠯᠬᠦ ᠪᠠᠷ ᠴᠢᠷᠮᠠᠶᠢᠨ᠎ᠠ᠃      ᠡᠨᠡ ᠵᠢᠯ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠳᠡᠮᠵᠢᠯᠭᠡ ᠳᠣᠤᠷ᠎ᠠ᠂ ᠪᠠᠶᠠᠨᠨᠠᠭᠤᠷ ᠬᠤᠲᠠ ᠪᠠᠰᠠ 50.86 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ᠂ ᠣᠶ ᠰᠢᠭᠤᠶ᠂ ᠲᠠᠷᠢᠶᠠᠨ ᠭᠠᠵᠠᠷ᠂ ᠨᠠᠭᠤᠷ ᠪᠦᠷᠢᠳᠦ᠂ ᠡᠪᠡᠰᠦ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠲᠤᠷᠰᠢᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠪᠡ᠃ ᠣᠳᠣᠬᠠᠨ ᠳᠤ ᠨᠢᠭᠡᠨᠲᠡ 10 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠶ᠃      ᠡᠭᠦᠨ ᠤ ᠬᠠᠮᠲᠤ ᠠᠮᠢ ᠠᠬᠤᠶ ᠶᠢᠨ ᠤᠰᠤ ᠨᠥᠬᠦᠪᠥᠷᠢᠯᠡᠬᠦ ᠬᠦᠴᠦᠯᠡᠴᠡ  ᠪᠠᠨ ᠴᠢᠩᠭᠠᠷᠠᠭᠤᠯᠪᠠ᠃ ᠬᠠᠲᠤᠨ ᠭᠤᠤᠯ ᠤᠨ ᠬᠠᠯᠢᠶ᠎ᠠ ᠦᠶᠡᠷ ᠤᠨ ᠬᠤᠭᠤᠴᠠᠭ᠎ᠠ ᠪᠠ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤᠯᠠᠯᠲᠠ ᠶᠢᠨ ᠵᠠᠪᠰᠠᠷ ᠤᠨ ᠬᠤᠭᠤᠴᠠᠭ᠎ᠠ ᠶᠢ ᠭᠦᠶᠴᠡᠳ ᠠᠰᠢᠭᠯᠠᠨ᠂ ᠤᠯᠠᠭᠠᠨᠰᠤᠬᠠᠶ  ᠶᠢᠨ ᠠᠮᠢ ᠠᠬᠤᠶ ᠶᠢᠨ ᠤᠰᠤ ᠨᠥᠬᠦᠪᠥᠷᠢᠯᠡᠬᠦ ᠬᠦᠴᠦᠯᠡᠴᠡ ᠪᠠᠨ ᠴᠢᠩᠭᠠᠷᠠᠭᠤᠯᠪᠠ᠃ 2019 ᠣᠨ ᠳᠤ 5.65 ᠳ᠋ᠦᠩᠰᠢᠭᠤᠷ ᠺᠦᠪ ᠮᠧᠲᠷ‌ᠤᠰᠤ ᠨᠥᠬᠦᠪᠥᠷᠢᠯᠡᠬᠦ ᠪᠠᠷ ᠲᠥᠯᠥᠪᠯᠡᠵᠦ᠂ ᠬᠠᠪᠤᠷ ᠤᠨ ᠤᠯᠠᠷᠢᠯ ᠳᠤ ᠬᠠᠯᠢᠶ᠎ᠠ ᠦᠶᠡᠷ ᠤᠨ ᠤᠰᠤ ᠶᠢ ᠠᠰᠢᠭᠯᠠᠨ ᠤᠯᠠᠭᠠᠨᠰᠤᠬᠠᠢ  ᠳᠤ 1.81 ᠳ᠋ᠦᠩᠰᠢᠭᠤᠷ ᠺᠦᠪ ᠮᠧᠲᠷ ᠤᠰᠤ ᠨᠥᠬᠦᠪᠥᠷᠢᠯᠡᠵᠦ᠂ ᠤᠰᠤᠯᠠᠯᠲᠠ ᠶᠢᠨ ᠵᠠᠪᠰᠠᠷ ᠤᠨ ᠬᠤᠭᠤᠴᠠᠭ᠎ᠠ ᠶᠢ ᠠᠰᠢᠭᠯᠠᠨ 3.21 ᠳ᠋ᠦᠩᠰᠢᠭᠤᠷ ᠺᠦᠪ ᠮᠧᠳ᠋ᠷ ᠤᠰᠤ ᠨᠥᠬᠦᠪᠥᠷᠢᠯᠡᠬᠦ ᠪᠠᠷ ᠲᠥᠯᠥᠪᠯᠡᠵᠦ᠂ ᠣᠲᠣ ᠪᠣᠯᠲᠠᠯ᠎ᠠ᠂ ᠠᠮᠢ ᠠᠬᠤᠶ ᠶᠢᠨ ᠤᠰᠤ ᠨᠥᠬᠦᠪᠥᠷᠢᠯᠡᠬᠦ ᠶᠢ ᠨᠡᠶᠢᠲᠡ 5.02 ᠳ᠋ᠦᠩᠰᠢᠭᠤᠷ ᠺᠦᠪ ᠮᠧᠲᠷ       ᠪᠡᠶᠡᠯᠡᠭᠦᠯᠦᠨ᠎ᠡ᠃      ᠪᠤᠵᠠᠷᠲᠠᠯ ᠤᠨ ᠣᠷᠣᠨ ᠠᠴᠠ ᠢᠷᠡᠯᠲᠡ ᠲᠠᠢ ᠪᠣᠬᠢᠷᠲᠤᠯ ᠢ ᠵᠠᠰᠠᠬᠤ ᠲᠠᠯ᠎ᠠ ᠪᠠᠷ᠂ ᠡᠭᠦᠰᠦᠮᠡᠯ ᠤᠰᠤ ᠶᠢ ᠡᠭᠡᠭᠦᠯᠦᠨ ᠬᠡᠷᠡᠭᠯᠡᠬᠦ ᠠᠵᠢᠯ ᠢ ᠠᠬᠢᠭᠤᠯᠪᠠ᠃ 2018 ᠣᠨ ᠠᠴᠠ 2019 ᠣᠨ ᠤ 9 ᠰᠠᠷ᠎ᠠ ᠪᠣᠯᠲᠠᠯ᠎ᠠ ᠪᠦᠬᠦ ᠬᠤᠳᠠ ᠳᠤ 4 ᠰᠠᠭᠤᠷᠢ ᠪᠣᠬᠢᠷ ᠤᠰᠤᠨ ᠤ ᠦᠢᠯᠡᠳᠪᠦᠷᠢ ᠪᠣᠯᠭᠠᠨ ᠥᠷᠭᠡᠳᠬᠡᠨ ᠪᠠᠶᠢᠭᠤᠯᠵᠤ᠂ ᠤᠳᠤ ᠶᠠᠭ 2 ᠰᠠᠭᠤᠷᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠵᠤ ᠪᠤᠢ︔ ᠰᠢᠨ᠎ᠡ ᠪᠠᠷ 3 ᠡᠭᠦᠰᠦᠮᠡᠯ ᠤᠰᠤᠨ ᠤ ᠦᠶᠯᠡᠳᠪᠦᠷᠢ ᠶᠢ ᠪᠠᠶᠢᠭᠤᠯᠵᠤ᠂ ᠣᠲᠣ ᠶᠠᠭ 1 ᠡᠭᠦᠰᠦᠮᠡᠯ ᠤᠰᠤᠨ ᠤ ᠦᠶᠯᠡᠳᠪᠦᠷᠢ ︵ᠬᠠᠩᠭᠢᠨ ᠬᠤᠰᠢᠭᠤ︶ ᠶᠢ ᠪᠠᠶᠢᠭᠤᠯᠵᠤ ᠪᠣᠶ︔ ᠡᠭᠦᠰᠦᠮᠡᠯ ᠤᠰᠤ  ᠶᠢ ᠡᠭᠡᠭᠦᠯᠦᠨ ᠬᠡᠷᠡᠭᠯᠡᠬᠦ ᠬᠤᠭᠤᠯᠠᠶ ᠶᠢᠨ ᠲᠣᠣᠷ ᠢ ᠨᠡᠶᠢᠲᠡ 229.5 ᠺᠢᠯᠣᠮᠧᠲᠷ ᠲᠡᠪᠢᠰᠪᠡ᠃ 2019 ᠣᠨ ᠤ 1 ᠰᠠᠷ᠎ᠠ  ᠠᠴᠠ 10 ᠰᠠᠷ᠎ᠠ ᠶᠢᠨ 23 ᠤ ᠡᠳᠦᠷ ᠪᠣᠯᠲᠠᠯ᠎ᠠ᠂ ᠪᠥᠬᠦ ᠬᠤᠲᠠ ᠶᠢᠨ ᠡᠭᠦᠰᠦᠮᠡᠯ ᠤᠰᠤᠨ ᠤ ᠡᠭᠡᠭᠦᠯᠦᠨ ᠬᠡᠷᠡᠭᠯᠡᠬᠦ ᠬᠡᠮᠵᠢᠶ᠎ᠡ 3030.37 ᠲᠦᠮᠡᠨ ᠲᠣᠨ ᠳᠤ       ᠬᠦᠷᠴᠦ᠂ ᠳᠠᠬᠢᠯᠲᠠ ᠤᠰᠤᠨ ᠤ ᠡᠭᠡᠭᠦᠯᠦᠨ ᠬᠡᠷᠡᠭᠯᠡᠬᠦ ᠨᠣᠷᠮ᠎ᠠ 46.43% ᠳᠤ ᠬᠦᠷᠴᠡᠶ᠃      ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠲᠦᠯᠬᠢᠨ ᠠᠬᠢᠭᠤᠯᠬᠤ ᠲᠠᠯ᠎ᠠ ᠪᠠᠷ᠂ ᠪᠤᠷᠳᠤᠭᠤᠷ ᠣᠷᠣᠭᠤᠯᠬᠤ ᠪᠦᠲᠦᠴᠡ ᠶᠢ ᠶᠡᠭᠡ ᠪᠠᠷ ᠲᠣᠬᠢᠷᠠᠭᠤᠯᠵᠤ᠂ ᠪᠤᠷᠳᠤᠭᠤᠷ ᠣᠷᠣᠭᠤᠯᠬᠤ ᠠᠷᠭ᠎ᠠ ᠮᠠᠶ᠋ᠢᠭ᠂ ᠣᠷᠭᠠᠨᠢᠭ ᠪᠤᠷᠳᠤᠭᠤᠷ ᠢᠶᠠᠷ ᠬᠢᠮᠢ ᠶᠢᠨ ᠪᠤᠷᠳᠤᠭᠤᠷ ᠢ ᠣᠷᠣᠯᠠᠭᠤᠯᠬᠤ ᠵᠡᠷᠭᠡ ᠠᠷᠭ᠎ᠠ ᠬᠡᠮᠵᠢᠶ᠎ᠡ ᠶᠢ ᠰᠠᠶᠢᠵᠢᠷᠠᠭᠤᠯᠵᠤ᠂ 7100 ᠲᠣᠨ ᠪᠤᠷᠳᠤᠭᠤᠷ ᠢ ᠬᠢᠵᠠᠭᠠᠷᠯᠠᠵᠤ᠂ 65 ᠲᠣᠨ ᠲᠠᠷᠢᠶᠠᠨ ᠡᠮ ᠢ ᠬᠢᠵᠠᠭᠠᠷᠯᠠᠪᠠ᠃ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ᠂ ᠰᠦᠯᠢᠶᠣᠣ ᠪᠦᠷᠬᠦᠪᠴᠢ ᠶᠢᠨ ᠦᠯᠡᠳᠡᠭᠳᠡᠯ ᠢ ᠬᠤᠷᠢᠶᠠᠨ ᠠᠪᠬᠤ ᠶᠢ ᠬᠢᠨᠠᠨ ᠬᠡᠮᠵᠢᠬᠦ ᠵᠡᠷᠭᠡ ᠠᠷᠭ᠎ᠠ ᠬᠡᠮᠵᠢᠶ᠎ᠡ  ᠠᠪᠴᠤ᠂ 498 ᠲᠦᠮᠡᠨ ᠮᠦ ᠲᠠᠷᠢᠶᠠᠨ ᠭᠠᠵᠠᠷ ᠤᠨ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠶᠢ ᠪᠡᠶᠡᠯᠡᠭᠦᠯᠪᠡ᠃ ᠤᠰᠤ ᠪᠤᠷᠳᠤᠭᠤᠷ ᠶᠡᠬᠡᠲᠡᠶ ᠲᠠᠷᠢᠮᠠᠯ ᠤᠨ ᠲᠠᠷᠢᠬᠤ ᠲᠠᠯᠠᠪᠠᠢ ᠶᠢ ᠲᠣᠬᠢᠷᠠᠭᠤᠯᠤᠨ ᠪᠠᠭᠠᠰᠬᠠᠬᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ᠂ ᠬᠥᠷᠥᠰᠥ ᠰᠢᠷᠣᠶ ᠶᠢᠨ ᠤᠰᠤ ᠬᠠᠳᠠᠭᠠᠯᠠᠬᠤ ᠴᠢᠳᠠᠮᠵᠢ ᠶᠢ ᠨᠡᠮᠡᠭᠳᠡᠭᠦᠯᠬᠦ᠂ ᠤᠰᠤ ᠲᠣᠬᠢᠷᠠᠭᠤᠯᠬᠤ ᠶᠢ ᠣᠶᠤᠨᠴᠢ ᠪᠠᠷ ᠬᠢᠨᠠᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ  ᠠᠪᠴᠤ᠂ 1.1 ᠳ᠋ᠦᠩᠰᠢᠭᠤᠷ ᠺᠦᠪ ᠮᠧᠲᠷ ᠤᠰᠤ ᠠᠷᠪᠢᠯᠠᠬᠤ ᠶᠢ ᠪᠡᠶᠡᠯᠡᠬᠦᠯᠵᠡᠢ᠃ ︽ᠲᠠᠷᠢᠶᠠᠯᠠᠩ ᠮᠠᠯ ᠠᠵᠤ ᠠᠬᠤᠶ ᠶᠢ ᠤᠷᠴᠢᠯᠳᠤᠭᠤᠯᠬᠤ︾ ᠵᠠᠷᠴᠢᠮ ᠶᠣᠰᠣᠭᠠᠷ᠂ ᠪᠥᠬᠦ ᠬᠤᠲᠠ ᠶᠢᠨ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠨᠢᠭᠡᠨᠲᠡ 83.16% ᠳᠤ ᠬᠦᠷᠴᠦ᠂ ᠬᠡᠪᠴᠢᠶᠡᠵᠢᠭᠰᠡᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠢᠯᠭᠠᠳᠠᠰᠤ  ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠣᠨᠤᠭ ᠲᠥᠬᠦᠭᠡᠷᠦᠮᠵᠢ ᠶᠢᠨ ᠢᠵᠢ ᠪᠥᠷᠢᠳᠦᠭᠰᠡᠨ ᠨᠣᠷᠮ᠎ᠠ 98.83% ᠳᠤ ᠬᠥᠷᠪᠡ᠃      ᠳᠣᠲᠣᠭᠠᠳᠤ ᠢᠷᠡᠯᠳᠡ ᠶᠢᠨ ᠪᠣᠬᠢᠷᠲᠤᠯ ᠢ ᠵᠠᠰᠠᠬᠤ ᠠᠵᠢᠯ ᠢ ᠲᠦᠯᠬᠢᠨ ᠠᠬᠢᠭᠤᠯᠬᠤ ᠲᠠᠯ᠎ᠠ ᠪᠠᠷ᠂ ᠢᠷᠣᠭᠠᠷ  ᠤᠨ ᠰᠢᠪᠠᠷ ᠤᠨ ᠤᠭ ᠪᠠᠶᠢᠷᠢ ᠶᠢ ᠵᠠᠰᠠᠨ ᠰᠡᠷᠭᠦᠭᠡᠬᠦ ᠲᠤᠷᠰᠢᠯᠲᠠ ᠶᠢ ᠥᠷᠨᠢᠭᠦᠯᠦᠭᠡᠳ ᠮᠠᠰᠢ ᠰᠠᠶᠢᠢᠨ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠡᠨᠡ ᠵᠢᠯ ᠤᠨ ᠳᠣᠲᠣᠷ᠎ᠠ ᠤᠰᠤᠨ ᠤ ᠤᠷᠭᠤᠮᠠᠯ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠰᠢᠶᠳᠪᠦᠷᠢᠯᠡᠬᠦ ᠢᠨᠵᠧᠨᠧᠷᠢᠩ᠂  ᠢᠷᠤᠭᠠᠷ ᠤᠨ ᠰᠢᠪᠠᠷ ᠢ ᠰᠢᠶᠳᠪᠦᠷᠢᠯᠡᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ᠂ ᠨᠤᠭᠤ ᠭᠠᠵᠠᠷ ᠢ ᠵᠠᠰᠠᠬᠤ ᠪᠠ ᠤᠷᠤᠰᠬᠠᠯ ᠵᠰᠢᠯᠤᠭᠤᠳᠬᠠᠬᠤ ᠢᠨᠵᠧᠨᠧᠷᠢᠩ ᠢ ᠡᠬᠢᠯᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃      ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠂ ᠪᠠᠶᠠᠨᠨᠠᠭᠤᠷ ᠬᠤᠲᠠ ᠨᠠᠮ ᠵᠠᠰᠠᠭ ᠤᠨ ᠤᠳᠤᠷᠢᠳᠤᠯᠭ᠎ᠠ ᠪᠠᠷ ᠭᠤᠤᠯ ᠴᠣᠭᠴᠠ ᠪᠣᠯᠭᠠᠭᠰᠠᠨ ᠬᠤᠲᠠ᠂ ᠬᠤᠰᠢᠭᠤ᠂ ᠰᠢᠶᠠᠩ ᠪᠠᠯᠭᠠᠰᠤ᠂ ᠲᠣᠰᠬᠤᠨ ᠳᠥᠷᠪᠡᠨ ᠱᠠᠲᠤᠨ ᠤ ᠭᠤᠤᠯ ᠨᠠᠭᠤᠷ ᠤᠨ ᠳᠠᠷᠤᠭ᠎ᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠪᠠ᠃ ᠪᠥᠬᠦ ᠬᠤᠲᠠ ᠳᠤ ᠨᠡᠶᠢᠲᠡ 937 ᠭᠤᠤᠯ ᠤᠨ ᠳᠠᠷᠤᠭ᠎ᠠ ᠭᠠᠷᠭᠠᠵᠤ᠂ 57 ᠨᠠᠭᠤᠷ ᠤᠨ ᠳᠠᠷᠤᠭ᠎ᠠ ᠭᠠᠷᠭᠠᠵᠠᠶ᠃ ᠡᠭᠦᠨ ᠤ ᠬᠠᠮᠲᠤ ᠭᠤᠣᠯ  ᠤᠨ ᠳᠠᠷᠤᠭ᠎ᠠ ᠶᠢᠨ ᠲᠥᠷᠢᠮ ᠤᠨ ᠲᠠᠪᠴᠠᠩ  ᠤᠨ ᠳᠠᠪᠠᠭᠤᠯᠢᠭ ᠲᠤ ᠲᠦᠰᠢᠭᠯᠡᠨ᠂ ᠪᠣᠷᠣᠲᠣᠬᠤᠶ  ᠶᠢᠨ ᠤᠰᠤᠯᠠᠯᠲᠠ ᠶᠢᠨ ᠣᠷᠣᠨ  ᠤ 770 ᠵᠤᠷᠪᠤᠰ ᠠᠴᠠ ᠳᠡᠭᠡᠭᠰᠢᠬᠢ ᠰᠤᠪᠠᠭ ᠂ ᠠᠭᠤᠯᠠ ᠳᠠᠭᠠᠤ ᠶᠢᠨ 177 ᠵᠤᠷᠪᠤᠰ ᠠᠭᠤᠯᠠᠨ ᠦᠶᠡᠷ  ᠤᠨ ᠰᠤᠪᠠᠭ᠂ 82 ᠨᠠᠭᠤᠷ ᠲᠣᠭᠤᠷᠢᠮ ᠢ ᠪᠥᠬᠦᠨ  ᠢ ᠭᠤᠣᠯ  ᠤᠨ ᠳᠠᠷᠤᠭ᠎ᠠ ᠶᠢᠨ ᠲᠥᠷᠢᠮ  ᠢ ᠬᠡᠷᠡᠭᠵᠢᠭᠦᠯᠬᠦ ᠬᠡᠪᠴᠢᠶ᠎ᠡ ᠪᠣᠯᠤᠨ ᠬᠠᠮᠢᠶᠠᠷᠤᠯᠲᠠ ᠶᠢᠨ ᠲᠣᠭᠲᠠᠯᠴᠠᠭ᠎ᠠ ᠳᠤ ᠣᠷᠣᠭᠤᠯᠵᠤ᠂ ᠭᠤᠣᠯ ᠮᠥᠷᠡᠨ ᠨᠢᠭᠡᠪᠦᠷᠢ᠂ ᠨᠠᠭᠤᠷ ᠪᠦᠷᠢᠳᠦ᠂ ᠰᠤᠪᠠᠭ ᠭᠤᠤ ᠵᠠᠮ ᠨᠢᠭᠡᠪᠦᠷᠢ  ᠳᠤ ᠴᠥᠮ ᠪᠣᠳᠠᠲᠠᠶ ᠬᠠᠷᠢᠭᠤᠴᠠᠯᠭᠠᠲᠠᠨ ᠲᠠᠢ᠂ ᠠᠵᠢᠯ  ᠤᠨ ᠬᠠᠷᠢᠭᠤᠴᠠᠯᠭ᠎ᠠ ᠲᠠᠢ᠂ ᠬᠢᠨᠠᠨ ᠰᠢᠯᠭᠠᠬᠤ ᠪᠠᠷᠢᠮᠵᠢᠶ᠎ᠠ ᠪᠠᠶᠢᠬᠤ ᠶᠢ ᠦᠨᠡᠨ ᠬᠦ ᠪᠠᠳᠤᠯᠠᠵᠠᠢ᠃      ᠰᠢᠰᠲ᠋ᠧᠮ ᠲᠠᠢ ᠪᠠᠷ ᠵᠠᠰᠠᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠦᠷᠭᠦᠯᠵᠢᠯᠡᠨ ᠬᠦᠴᠦᠯᠡᠬᠦ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠯᠠᠭᠠᠨᠰᠤᠬᠠᠢ ᠨᠠᠭᠤᠷ ᠤᠨ ᠣᠷᠣᠨ ᠤ ᠪᠣᠬᠢᠷᠲᠤᠯ ᠤᠨ ᠬᠡᠮᠵᠢᠶ᠎ᠡ ᠪᠠᠭᠠᠰᠴᠤ᠂ ᠤᠰᠤᠨ ᠤ ᠴᠢᠨᠠᠷ ᠰᠠᠶᠢᠵᠢᠷᠠᠯᠲᠠ ᠲᠠᠢ ᠪᠣᠯᠤᠭᠰᠠᠨ ᠢ ᠪᠢᠳᠡ ᠮᠠᠰᠢ ᠪᠠᠶᠠᠰᠤᠯ  ᠲᠠᠢ ᠪᠠᠷ ᠣᠯᠵᠤ ᠬᠠᠷᠠᠵᠠᠶ᠃ ᠤᠰᠤᠨ ᠤ ᠴᠢᠨᠠᠷ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠣᠳᠣᠬᠠᠨ ᠤ ᠶᠡᠷᠦᠩᠬᠡᠶ ᠤᠰᠤᠨ ᠤ ᠴᠢᠨᠠᠷ ᠨᠢ ᠲᠠᠪᠤᠨ ᠲᠥᠷᠥᠯ ᠪᠠᠶᠢᠵᠤ᠂ ᠰᠢᠪᠠᠭᠤᠨ ᠤ ᠲᠥᠷᠥᠯ ᠤᠨ ᠲᠤᠭ᠎ᠠ ᠬᠡᠮᠵᠢᠶ᠎ᠡ ᠡᠳᠦᠶ ᠲᠣᠲᠤᠮ ᠨᠡᠮᠡᠭᠳᠡᠨ᠂ ᠨᠠᠭᠤᠷ ᠤᠨ ᠠᠮᠢ ᠠᠬᠤᠶ ᠶᠢᠨ ᠴᠢᠳᠠᠮᠵᠢ ᠠᠯᠬᠤᠮ ᠠᠯᠬᠤᠮ ᠢᠶᠠᠷ ᠰᠡᠷᠭᠦᠵᠦ ᠪᠠᠶᠢᠨ᠎ᠠ᠃      2019 ᠣᠨ ᠤ 9 ᠰᠠᠷ᠎ᠠ ᠶᠢᠨ 18 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷ᠎ᠡ᠄ ︽ᠣᠳᠣᠬᠠᠨ ᠳᠤ ᠬᠠᠲᠤᠨ ᠭᠤᠣᠯ ᠤᠨ ᠰᠠᠪᠠ ᠭᠠᠵᠠᠷ ᠲᠤ ᠮᠥᠨ ᠬᠦ ᠡᠳᠦᠶ ᠲᠡᠳᠦᠶ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠨ᠎ᠠ᠂ ᠰᠠᠪᠠ ᠭᠠᠵᠠᠷ ᠤᠨ ᠠᠮᠢ ᠠᠬᠤᠶ ᠶᠢᠨ ᠣᠷᠴᠢᠨ  ᠲᠣᠭᠤᠷᠢᠨ ᠬᠡᠪᠡᠷᠡᠭ᠂ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠪᠠᠶᠢᠳᠠᠯ ᠬᠦᠨᠳᠦ ᠬᠡᠴᠡᠭᠦᠤ ᠪᠠᠶᠢᠵᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠂ ᠡᠲᠡᠭᠡᠷ ᠠᠰᠠᠭᠤᠳᠠᠯ ᠤᠨ ᠦᠵᠡᠭᠳᠡᠯ ᠨᠢ ᠬᠠᠲᠤᠨ ᠭᠤᠤᠯ ᠳᠤ ᠪᠠᠶᠢᠵᠤ᠂ ᠦᠨᠳᠦᠰᠦ ᠨᠢ ᠰᠠᠪᠠ ᠭᠠᠵᠠᠷ ᠲᠤ ᠪᠠᠶᠢᠨ᠎ᠠ︾ ᠭᠡᠵᠦ ᠴᠢᠬᠤᠯᠠᠴᠢᠯᠠᠪᠠ᠃      ᠤᠯᠠᠭᠠᠨᠰᠤᠬᠠᠢ ᠪᠣᠯ ᠬᠠᠲᠤᠨ ᠭᠤᠣᠯ ᠤᠨ ᠳᠡᠭᠡᠳᠦ ᠤᠷᠤᠰᠬᠠᠯ ᠤᠨ ᠰᠠᠪᠠ ᠭᠠᠵᠠᠷ ᠤᠨ ᠥᠨᠳᠦᠷᠯᠢᠭ ᠤᠨ ᠨᠠᠭᠤᠷ ᠴᠥᠭᠦᠷᠥᠮ ᠪᠣᠯᠤᠨ᠎ᠠ᠂ ᠤᠯᠠᠭᠠᠨᠰᠤᠬᠠᠢ ᠳᠠᠬᠢ ᠪᠣᠬᠢᠷᠲᠤᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠨᠢ ᠬᠠᠲᠤᠨ ᠭᠤᠣᠯ ᠢ ᠬᠠᠮᠠᠭᠠᠯᠠᠬᠤ᠂ ᠬᠠᠲᠤᠨ ᠭᠤᠣᠯ ᠤᠨ ᠠᠮᠢ ᠠᠬᠤᠢ ᠶᠢ ᠰᠡᠷᠭᠦᠭᠡᠬᠦ᠂ ᠬᠠᠲᠤᠨ ᠭᠤᠣᠯ ᠤᠨ ᠳᠤᠤᠷᠠᠳᠤ ᠤᠷᠤᠰᠬᠠᠯ ᠤᠨ ᠡᠷᠭᠢ ᠳᠠᠭᠠᠤ ᠶᠢᠨ ᠠᠷᠠᠳ ᠲᠦᠮᠡᠨ ᠳᠤ ᠪᠤᠶᠠᠨ ᠦᠢᠯᠡᠳᠬᠦ ᠳᠤ ᠮᠠᠰᠢ ᠴᠢᠬᠤᠯᠠ ᠦᠢᠯᠡᠳᠦᠯ ᠲᠠᠢ ᠶᠤᠮ᠃      ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠳᠠᠭᠠᠭᠤᠯᠭ᠎ᠠ ᠳᠣᠣᠷ᠎ᠠ᠂  ᠤᠯᠠᠭᠠᠨᠰᠤᠬᠠᠢ ᠶᠢ ᠦᠨᠳᠦᠰᠦᠨ ᠠᠴᠠ ᠨᠢ ᠵᠠᠰᠠᠬᠤ ᠡᠯ᠎ᠡ ᠵᠦᠢᠯ ᠤᠨ ᠠᠷᠭ᠎ᠠ ᠬᠡᠮᠵᠢ‍‌ᠡᠶ᠎ᠡ ᠶᠢ ᠨᠠᠶᠢᠳᠠᠪᠤᠷᠢᠵᠢᠭᠤᠯᠬᠤ ᠶᠢ ᠲᠠᠭᠠᠯᠳᠤᠨ᠂ ᠮᠠᠨ ᠤ ᠤᠯᠤᠰ ᠤᠨ ᠪᠠᠷᠠᠭᠤᠨ ᠬᠤᠶᠢᠲᠤ ᠣᠷᠣᠨ ᠤ ᠡᠨᠡᠬᠦ ᠴᠠᠶᠢᠵᠠ ᠶᠢᠨ ᠳᠡᠭᠡᠷᠡᠬᠢ ᠭᠡᠷᠡᠯᠲᠦ ᠰᠤᠪᠤᠳ ᠨᠡᠩ ᠭᠡᠷᠡᠯ ᠰᠠᠴᠤᠷᠠᠩᠭᠤᠢ ᠪᠣᠯᠬᠤ ᠶᠢ ᠪᠢᠳᠡ ᠪᠠᠲᠤ ᠢᠲᠡᠭᠡᠵᠦ ᠪᠠᠶᠢᠨ᠎ᠠ︕ᠬᠤᠨ ᠭᠠᠯᠠᠭᠤ ᠡᠮᠦᠨᠡᠰᠢ ᠨᠢᠰᠦᠨ᠎ᠡ᠂ ᠬᠤᠯᠤᠰᠤ ᠵᠡᠭᠡᠰᠦ ᠪᠠᠷ ᠦᠡᠭᠭᠡᠷᠡᠨ᠎ᠡ᠂ ᠬᠦᠬᠡ ᠲᠡᠭᠷᠢ ᠠᠭᠤᠳᠠᠮ ᠲᠡᠨᠢᠭᠡᠷ᠂ ᠬᠤᠨ ᠭᠠᠯᠠᠭᠤ ᠬᠠᠮᠢᠭᠠᠰᠢ ᠤᠳᠬᠤ ᠪᠤᠢ᠂ ᠰᠡᠳᠬᠢᠯ ᠵᠢᠷᠦᠬᠡᠨ ᠳᠡᠭᠡᠨ ᠤᠮᠠᠷᠠᠲᠤ ᠶᠢᠨ ᠨᠤᠲᠤᠭ ᠪᠤᠢ᠃      ᠢᠷᠡᠬᠦ ᠵᠢᠯ ᠤᠨ ᠬᠠᠪᠤᠷ ᠤᠨ ᠰᠡᠭᠦᠯᠴᠢ ᠪᠠᠷ᠂ ᠬᠤᠨ ᠭᠠᠯᠠᠭᠤ ᠨᠤᠲᠤᠭ ᠲᠠᠭᠠᠨ ᠬᠠᠷᠢᠬᠤ ᠦᠶ᠎ᠡ ᠳᠤ᠂ ᠤᠯᠠᠭᠠᠨᠰᠤᠬᠠᠢ ᠪᠠᠰᠠ ᠨᠢᠭᠡ ᠵᠦᠢᠯ ᠤᠨ ᠣᠨᠳᠣᠣ ᠦᠵᠡᠮᠵᠢ ᠲᠠᠢ ᠪᠣᠯᠬᠤ ᠶᠢ ᠢᠲᠡᠭᠡᠵᠦ ᠪᠠᠶᠢᠨ᠎ᠠ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号