ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ  ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ  ᠴᠤᠤᠯ ᠭᠤᠣᠯ ᠢ ᠲᠠᠲᠠᠵᠤ ᠯᠢᠶᠣᠤᠾᠧ ᠭᠤᠣᠯ ᠳᠤ ᠲᠤᠰᠠᠯᠠᠬᠤ ᠢᠨᠵᠧᠨᠧᠷᠢᠩ ᠤᠨ ᠥᠷᠲᠡᠭᠡᠨ ᠳᠤ  ᠬᠦᠷᠴᠦ  ᠠᠵᠢᠯ ᠳᠤ  ᠬᠢᠨᠠᠯᠲᠠ ᠲᠠᠯᠪᠢᠵᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤᠮᠳᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠪᠠ
ᠨᠡᠶᠢᠲᠡᠯᠡᠭᠰᠡᠨ ᠴᠠᠭ᠄
2021/8/20
      ᠣᠳᠣᠬᠠᠨ ᠳᠤ ᠮᠠᠨ ᠤ ᠣᠷᠣᠨ ᠶᠠᠭ ᠦᠶᠡᠷᠯᠡᠬᠦ ᠬᠤᠭᠤᠴᠠᠭᠠᠨ ᠳᠠᠭᠠᠨ ᠪᠠᠶᠢᠭ᠎ᠠ ᠪᠣᠯᠬᠤᠷ ᠦᠶᠡᠷ  ᠢ ᠰᠡᠷᠭᠡᠶᠢᠯᠡᠬᠦ ᠠᠵᠢᠯ  ᠢ ᠨᠢᠭᠡ ᠮᠥᠴᠡ ᠴᠦ ᠰᠤᠯᠠᠷᠠᠭᠤᠯᠵᠤ ᠪᠣᠯᠬᠤ ᠥᠬᠡᠶ᠃ ᠰᠢ ᠶᠢᠨ ᠫᠢᠩ ᠶᠡᠷᠦᠩᠬᠡᠶ ᠱᠦᠵᠢ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ  ᠡᠷᠬᠢᠮ ᠳᠡᠭᠡᠳᠦ᠂ ᠠᠮᠢ ᠨᠠᠰᠤ  ᠡᠷᠬᠢᠮ ᠳᠡᠭᠡᠳᠦ  ᠭᠡᠳᠡᠭ ᠢ ᠪᠠᠷᠢᠮᠲᠠᠯᠠᠬᠤ ᠶᠢᠨ ᠲᠥᠯᠥᠭᠡ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠵᠠᠭᠤᠨ ᠳᠠᠬᠢᠨ ᠢᠶᠠᠷ ᠰᠡᠷᠡᠮᠵᠢᠯᠡᠬᠦ ᠬᠡᠷᠡᠭᠲᠡᠶ᠃ ᠤᠰᠤᠨ  ᠠᠰᠢᠭᠯᠠᠯᠠᠲᠠ ᠶᠢᠨ ᠲᠢᠩᠬᠢᠮ  ᠤᠨ ︽ᠴᠤᠤᠯ ᠭᠤᠣᠯ  ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ  ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠬᠤ ᠬᠤᠷᠠᠯ︾ ᠤᠨ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠣᠰᠣᠭᠠᠷ᠂ ᠴᠤᠤᠯ ᠭᠤᠣᠯ  ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠢᠨᠵᠧᠨᠧᠷᠢᠩ ᠤᠨ ᠶᠠᠰᠤ ᠴᠢᠨᠠᠷ ᠬᠢᠭᠡᠳ  ᠠᠶᠤᠯᠭᠦᠢ ᠶᠢᠨ ᠬᠢᠨᠠᠯᠲᠠ ᠲᠠᠯᠪᠢᠬᠤ ᠠᠵᠢᠯ  ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠴᠤᠤᠯ ᠭᠤᠣᠯ  ᠢ ᠲᠠᠲᠠᠵᠤ ᠯᠢᠶᠣᠤ ᠾᠧ ᠭᠤᠣᠯ  ᠳᠤ ᠲᠤᠰᠠᠯᠠᠬᠤ ᠢᠨᠵᠧᠨᠧᠷᠢᠩ  ᠤᠨ ᠥᠷᠲᠡᠭᠡᠨ ᠳᠤ  ᠬᠦᠷᠴᠦ ᠬᠢᠨᠠᠯᠲᠠ ᠲᠠᠯᠪᠢᠬᠤ ᠠᠷᠭ᠎ᠠ ᠮᠠᠶ᠋ᠢᠭ ᠢ ᠠᠪᠴᠤ ᠠᠵᠢᠯ ᠢᠶᠠᠨ  ᠥᠷᠨᠢᠭᠦᠯᠪᠡ᠃      ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠳᠲᠡᠷ ᠲᠦᠷᠭᠡᠨ ᠪᠠᠶᠢᠷᠢᠯᠠᠭᠤᠯᠬᠤ ᠬᠡᠷᠡᠭᠲᠡᠶ      ᠬᠤᠷᠠᠯ ᠤᠨ ᠲᠠᠷᠠᠭ᠎ᠠ᠂ ᠮᠠᠨ ᠤ ᠪᠠᠶᠢᠭᠤᠯᠤᠯᠭ᠎ᠠ ᠨᠠᠮ ᠤᠨ ᠡᠭᠦᠷ ᠦᠳᠲᠡᠷ ᠲᠦᠷᠭᠡᠨ ᠬᠤᠷᠠᠯ ᠬᠤᠷᠠᠯᠳᠤᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠴᠤᠤᠯ ᠭᠤᠣᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠢᠨᠵᠧᠨᠧᠷᠢᠩ ᠤᠨ ᠥᠷᠲᠡᠭᠡᠨ ᠳᠤ  ᠬᠦᠷᠴᠦ ᠬᠢᠨᠠᠯᠲᠠ ᠲᠠᠯᠪᠢᠬᠤ ᠠᠵᠢᠯ ᠤᠨ ᠲᠥᠰᠦᠯ︾  ᠢ ᠰᠤᠳᠤᠯᠤᠨ ᠲᠣᠭᠲᠠᠭᠠᠪᠠ᠃ ᠨᠠᠮ ᠤᠨ ᠭᠡᠰᠢᠭᠦᠨ ᠤᠳᠤᠷᠢᠳᠬᠤ ᠺᠠᠳ᠋ᠷ  ᠡᠮᠦᠨᠡᠭᠦᠷ ᠵᠢᠯᠣᠭᠤᠳᠴᠤ᠂ ᠪᠦᠬᠦ ᠨᠠᠮ ᠤᠨ ᠭᠡᠰᠢᠭᠦᠨ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ 2021 ᠣᠨ ᠤ 7 ᠰᠠᠷ᠎ᠠ ᠶᠢᠨ 23  ᠤ ᠡᠳᠦᠷ ᠴᠤᠤᠯ ᠭᠤᠣᠯ ᠢ ᠲᠠᠲᠠᠵᠤ ᠯᠢᠶᠣᠤ ᠾᠧ ᠭᠤᠣᠯ  ᠳᠤ ᠲᠤᠰᠠᠯᠠᠬᠤ ᠢᠨᠵᠧᠨᠧᠷᠢᠩ  ᠤᠨ ᠥᠷᠲᠡᠭᠡᠨ ᠳᠤ ᠬᠦᠷᠴᠦ  ᠠᠵᠢᠯ  ᠢᠶᠠᠨ ᠡᠬᠢᠯᠡᠭᠦᠯᠪᠡ᠂ ᠴᠤᠤᠯ ᠭᠤᠣᠯ ᠢ ᠲᠠᠲᠠᠵᠤ ᠯᠢᠶᠣᠤ ᠾᠧ ᠭᠤᠣᠯ  ᠳᠤ ᠲᠤᠰᠠᠯᠠᠬᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠵᠣᠯᠭᠠᠭᠤᠯᠬᠤ ᠬᠤᠷᠠᠯ ᠬᠢᠵᠦ᠂ ᠦᠷᠳᠡᠭᠡ ᠳᠤ ᠰᠠᠭᠤᠬᠤ ᠠᠵᠢᠯ ᠤᠨ ᠠᠭᠤᠯᠭ᠎ᠠ᠂ ᠠᠵᠢᠯ ᠤᠨ ᠳᠡᠰ ᠳᠠᠷᠠᠭ᠎ᠠ ᠵᠡᠷᠭᠡ ᠲᠠᠯ᠎ᠠ ᠪᠠᠷ ᠨᠠᠷᠢᠨ ᠨᠢᠭᠲᠠ ᠰᠣᠯᠢᠯᠴᠠᠵᠤ᠂ ᠴᠤᠤᠯ ᠭᠤᠣᠯ ᠢ ᠲᠠᠲᠠᠵᠤ ᠯᠢᠶᠣᠤ ᠾᠧ ᠭᠤᠣᠯ  ᠳᠤ ᠲᠤᠰᠠᠯᠠᠬᠤ ᠢᠨᠵᠧᠨᠧᠷᠢᠩ ᠤᠨ    2021 ᠣᠨ ᠤ   ᠸᠧᠨ ᠳ᠋ᠧ ᠭᠧᠨ ᠤᠰᠤᠨ ᠠᠰᠢᠭᠯᠠᠯᠲᠠ ᠶᠢᠨ ᠬᠦᠢᠰᠦ ᠶᠢᠨ ᠦᠶᠡᠷ ᠢ ᠥᠩᠭᠡᠷᠡᠭᠦᠯᠬᠦ ᠪᠡᠯᠡᠳᠬᠡᠯ ᠪᠠᠶᠢᠳᠠᠯ ᠢ ᠭᠦᠨᠵᠡᠭᠡᠢ ᠣᠶᠢᠯᠠᠭᠠᠵᠤ᠂ ︽ᠴᠤᠤᠯ ᠭᠤᠣᠯ ᠢ ᠲᠠᠲᠠᠵᠤ ᠯᠢᠶᠣᠤ ᠾᠧ ᠭᠤᠣᠯ  ᠳᠤ ᠲᠤᠰᠠᠯᠠᠬᠤ ᠢᠨᠵᠧᠨᠧᠷᠢᠩ ᠤᠨ 2021 ᠣᠨ ᠤ ᠦᠶᠡᠷ ᠢ ᠲᠤᠭᠤᠯᠬᠤ ᠲᠥᠰᠦᠯ︾ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠪᠡ᠃      ᠬᠤᠶᠠᠷ᠂  ᠱᠠᠯᠠᠪᠳᠠᠭᠤᠯᠤᠨ ᠪᠠᠶᠢᠴᠠᠭᠠᠵᠤ᠂ ᠰᠠᠭᠤᠷᠢ ᠶᠢ ᠪᠠᠲᠤᠳᠬᠠᠬᠤ ᠬᠡᠷᠡᠭᠲᠡᠶ      ᠨᠢᠭᠡ  ᠳᠤ ᠪᠠᠶᠢᠭᠤᠯᠵᠤ ᠪᠠᠶᠢᠭ᠎ᠠ ᠪᠠᠷᠢᠯᠭ᠎ᠠ  ᠶᠢᠨ ᠦᠶᠡᠷ ᠤᠨ ᠰᠡᠷᠭᠡᠶᠢᠯᠡᠯᠲᠡ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ 7 ᠰᠠᠷ᠎ᠠ ᠶᠢᠨ 24 ᠤ ᠡᠳᠦᠷ᠂ ᠥᠷᠲᠡᠭᠡᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠬᠢᠨ  ᠭᠦᠢᠰᠦ  ᠪᠠᠷᠢᠯᠭ᠎ᠠ ᠳᠤ ᠦᠶᠡᠷ ᠢ ᠰᠡᠷᠭᠡᠶᠢᠯᠡᠬᠦ ᠪᠠᠶᠢᠴᠠᠭᠠᠯᠲᠠ ᠬᠢᠵᠦ᠂ ᠲᠤᠬᠠᠶ ᠶᠢᠨ ᠲᠠᠯᠠᠪᠠᠶ ᠳᠤ ᠢᠨᠵᠧᠨᠧᠷᠢᠩ ᠤᠨ ᠦᠶᠡᠷ ᠢ  ᠲᠤᠭᠤᠯᠬᠤ ᠪᠡᠯᠡᠳᠬᠡᠯ ᠪᠠᠶᠢᠳᠠᠯ ᠢ ᠵᠠᠩᠭᠢᠯᠠᠭ᠎ᠠ ᠶᠢᠨ ᠬᠤᠪᠢᠶᠠᠷᠢ ᠺᠣᠮᠫᠠᠨᠢ  ᠶᠢᠨ ᠦᠶᠡᠷ ᠢ ᠰᠡᠷᠭᠡᠶᠢᠯᠡᠬᠦ ᠦᠶᠡᠷ ᠢ ᠲᠤᠭᠤᠯᠬᠤ ᠵᠢᠵᠢᠭᠦᠷᠯᠡᠬᠦ ᠵᠡᠷᠭᠡ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂  ᠬᠦᠢᠰᠦ ᠪᠠᠷᠢᠯᠭ᠎ᠠ ᠶᠢᠨ ᠣᠷᠣᠨ ᠪᠣᠯᠴᠤᠤᠯ ᠭᠤᠣᠯ ᠢ ᠲᠠᠲᠠᠵᠤ ᠯᠢᠶᠣᠤ ᠾᠧ ᠭᠤᠣᠯ  ᠳᠤ ᠲᠤᠰᠠᠯᠠᠬᠤ ᠢᠨᠵᠧᠨᠧᠷᠢᠩ ᠤᠨ ᠦᠶᠡᠷ ᠢ ᠰᠡᠷᠭᠡᠶᠢᠯᠡᠬᠦ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠦᠶᠡᠷ ᠢ  ᠲᠤᠭᠤᠯᠬᠤ ᠲᠥᠰᠦᠯ ᠪᠣᠯᠤᠨ ᠪᠠᠷᠢᠮᠵᠢᠶ᠎ᠠ ᠠᠴᠠ ᠳᠠᠪᠠᠭᠰᠠᠨ ᠦᠶᠡᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠲᠠᠯᠳᠠ ᠭᠡᠮ ᠢ ᠴᠢᠩᠭ᠎ᠠ ᠪᠠᠶᠢᠴᠠᠭᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠶᠠᠷ ᠲᠤ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠥᠷᠨᠢᠭᠦᠯᠦᠨ᠎ᠡ᠃ ᠲᠤᠬᠠᠶ ᠶᠢᠨ  ᠲᠠᠯᠠᠪᠤᠷ ᠲᠤ ᠥᠷᠲᠡᠭᠡᠨ ᠳᠤ ᠰᠠᠭᠤᠵᠤ ᠠᠵᠢᠯᠯᠠᠬᠤ ᠳᠤᠭᠤᠶᠢᠯᠠᠩ ᠤᠨ ᠬᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢᠯᠠᠩᠭᠤᠶ᠎ᠠ ᠵᠠᠩᠭᠢᠯᠠᠭ᠎ᠠ ᠶᠢᠨ ᠱᠤᠭᠤᠮ ᠪᠣᠯᠤᠨ ᠴᠢᠬᠤᠯᠠ ᠭᠤᠭᠴᠤᠭ᠎ᠠ ᠶᠢᠨ ᠴᠡᠭ ᠤᠨ ᠪᠠᠷᠢᠯᠭ᠎ᠠ ᠶᠢᠨ ᠠᠬᠢᠴᠠ ᠶᠢ ᠴᠠᠭ ᠲᠤᠬᠠᠢ ᠳᠤ ᠨᠢ  ᠡᠵᠡᠮᠰᠢᠬᠦ ᠶᠢᠨ ᠬᠠᠮᠲᠤ ᠸᠤᠨ ᠳᠤ ᠭᠦ᠋ᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠳᠤ ᠬᠢᠨᠠᠯᠲᠠ  ᠲᠠᠯᠪᠢᠨ ᠪᠠᠶᠢᠴᠠᠭᠠᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠥᠷᠲᠡᠭᠡᠨ ᠳᠤ ᠰᠠᠭᠤᠭ᠎ᠠ ᠬᠢᠨᠠᠯᠲᠠ ᠲᠠᠯᠪᠢᠬᠤ ᠠᠵᠢᠯᠲᠠᠳ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠦᠨᠳᠦᠰᠦᠯᠡᠨ ᠴᠠᠭ ᠲᠤᠬᠠᠶ ᠳᠤᠨᠢ ᠲᠡᠮᠳᠡᠭᠯᠡᠬᠦ ᠶᠢᠨ ᠬᠠᠮᠲᠤ ᠬᠢᠨᠠᠯᠲᠠ ᠲᠠᠯᠪᠢᠬᠤ ᠡᠳᠦᠷ ᠤᠨ ᠲᠡᠮᠳᠡᠭᠯᠡᠯ ᠬᠢᠵᠦ᠂ ᠶᠠᠰᠤ ᠴᠢᠨᠠᠷ ᠵᠢᠴᠢ  ᠠᠶᠤᠯᠭᠦᠢ ᠦᠢᠯᠡᠳᠪᠦᠷᠢᠯᠡᠯ᠂ ᠶᠠᠰᠤ ᠴᠢᠨᠠᠷ ᠢ ᠦᠨᠡᠯᠡᠨ ᠲᠣᠭᠲᠠᠭᠠᠬᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠲᠡᠮᠳᠡᠭᠯᠡᠬᠦ ᠶᠢᠨ ᠬᠠᠮᠲᠤ᠂ ᠲᠣᠭᠲᠠᠭᠰᠠᠨ ᠬᠤᠭᠤᠴᠠᠭᠠᠨ ᠳᠤ  ᠬᠤᠷᠢᠶᠠᠩᠭᠤᠶᠢᠯᠠᠭᠰᠠᠨ ᠲᠣᠪᠴᠢ ᠮᠡᠳᠡᠭᠡ ᠶᠢ ᠤᠰᠤᠨ ᠡᠰᠢᠭᠯᠠᠯᠲᠠ ᠶᠢᠨ ᠲᠢᠩᠬᠢᠮ  ᠳᠤ ᠮᠡᠳᠡᠭᠦᠯᠦᠨ ᠬᠦᠷᠭᠡᠬᠦ ᠬᠡᠷᠡᠭᠲᠡᠶ᠃      ᠭᠤᠷᠪᠠ᠂ ᠨᠠᠮ ᠤᠨ ᠭᠡᠰᠢᠭᠦᠨ  ᠭᠠᠪᠰᠢᠭᠠᠶᠢᠯᠠᠨ᠂ ᠵᠣᠷᠢᠭᠲᠠᠢ ᠪᠠᠷ ᠬᠠᠷᠢᠭᠤᠴᠠᠯᠭ᠎ᠠ  ᠡᠭᠦᠷᠭᠡᠯᠡᠨ᠎ᠡᠨᠠᠮ ᠤᠨ ᠭᠡᠰᠢᠭᠦᠨ ᠤᠳᠤᠷᠢᠳᠬᠤ ᠺᠠᠳ᠋ᠷ  ᠡᠮᠦᠨᠡᠭᠦᠷ ᠵᠢᠯᠣᠭᠤᠳᠴᠤ᠂ ᠠᠵᠢᠯ ᠤᠨ ᠨᠢᠭᠡᠳᠦᠭᠡᠷ ᠹᠷᠣᠨᠲ  ᠢ ᠪᠠᠲᠤ ᠰᠠᠬᠢᠵᠤ᠂ ᠥᠷᠭᠡᠨ ᠤᠯᠠᠨ ᠨᠠᠮ ᠤᠨ ᠭᠡᠰᠢᠭᠦᠨ ᠬᠤᠰᠢᠭᠤᠴᠢ  ᠦᠢᠯᠡᠳᠦᠯ ᠢᠶᠠᠨ ᠪᠠᠳᠠᠷᠠᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠳᠤ ᠢᠳᠡᠪᠬᠢᠲᠡᠢ  ᠣᠷᠣᠯᠴᠠᠨ᠂ ᠦᠷᠳᠡᠭᠡ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠬᠢᠨ ᠢᠨᠵᠧᠨᠧᠷᠢᠩ ᠤᠨ ᠪᠠᠶᠢᠭ᠎ᠠ ᠭᠠᠵᠠᠷ ᠣᠷᠣᠨ ᠤ ᠤᠰᠤ ᠪᠣᠷᠣᠭᠠᠨ ᠤ ᠪᠠᠶᠢᠳᠠᠯ᠂ ᠦᠶᠡᠷ ᠤᠨ ᠪᠠᠶᠢᠳᠠᠯ ᠪᠣᠯᠤᠨ ᠬ᠋ᠠᠵᠠᠷ ᠰᠢᠨᠵᠢᠯᠡᠭᠡ᠂ ᠭᠸᠤᠯᠤᠭᠢ  ᠶᠢᠨ ᠭᠡᠮ ᠰᠣᠭᠤᠭ ᠤᠨ ᠬᠤᠪᠢᠷᠠᠯᠲᠠ ᠵᠡᠷᠭᠡ ᠶᠢ ᠨᠢᠭᠲᠠ ᠠᠩᠬᠠᠷᠴᠤ᠂ ᠦᠨᠳᠦᠰᠦᠨ ᠱᠠᠳᠤ ᠶᠢ ᠬᠠᠮᠵᠢᠨ ᠲᠣᠭᠤᠷᠢᠨ ᠪᠠᠶᠢᠴᠠᠭᠠᠵᠤ ᠠᠶᠤᠯ ᠢ ᠠᠷᠢᠯᠭᠠᠬᠤ ᠵᠡᠷᠭᠡ ᠠᠵᠢᠯ ᠢ ᠰᠠᠶᠢᠲᠤᠷ ᠬᠢᠵᠦ᠂ ᠦᠶᠡᠷ ᠤᠨ ᠭᠠᠮᠰᠢᠭ ᠢ ᠡᠰᠡᠷᠭᠦᠴᠡᠬᠦ ᠶᠠᠪᠤᠴᠠ ᠳᠤ ᠤᠬ ᠰᠠᠨᠠᠭ᠎ᠠ  ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃     ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ  ᠳᠤ ᠲᠤᠰᠠᠯᠠᠬᠤ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠪᠣᠯᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠮᠠᠨ ᠤ ᠲᠥᠪ᠂ ᠦᠷᠳᠡᠭᠡ ᠳᠤ ᠰᠠᠭᠤᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠢᠨᠵᠧᠨᠧᠷᠢᠩ ᠤᠨ ᠪᠣᠳᠠᠲᠤ ᠴᠣᠭᠴᠠ ᠶᠢᠨ ᠶᠠᠰᠤ ᠴᠢᠨᠠᠷ ᠤᠨ ᠬᠢᠨᠠᠯᠲᠠ ᠪᠠᠶᠢᠴᠠᠭᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ  ᠳᠤ ᠲᠤᠰᠠᠯᠠᠬᠤ ᠢᠨᠵᠧᠨᠧᠷᠢᠩ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠦᠷᠭᠦᠯᠵᠢᠯᠡᠨ ᠠᠩᠬᠠᠷᠴᠤ᠂ ᠪᠠᠶᠢᠴᠠᠭᠠᠯᠲᠠ ᠶᠢ ᠪᠦᠬᠦᠨ ᠢ  ᠬᠠᠮᠤᠷᠠᠨ᠂ ᠭᠡᠮ ᠰᠣᠭᠤᠭ ᠢ ᠥᠴᠦᠬᠡᠨ ᠴᠦ ᠬᠦᠯᠢᠴᠡᠬᠦ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠠᠵᠢᠯ ᠢᠶᠠᠨ ᠦᠨᠡᠨᠬᠦ ᠴᠢᠩᠭ᠎ᠠ ᠠᠳᠬᠤᠵᠤ᠂ ᠪᠣᠳᠠᠲᠠᠢ ᠠᠳᠬᠤᠵᠤ᠂ ᠰᠠᠶᠢᠲᠤᠷ  ᠠᠳᠬᠤᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号