ᠤᠰᠤᠨ ᠤ  ᠠᠰᠢᠭᠯᠠᠯᠲᠠ ᠶᠢᠨ ᠲᠢᠩᠬᠢᠮ ᠤᠨ ᠨᠠᠮ  ᠤᠨ ᠤᠳᠤᠷᠢᠳᠬᠤ ᠳᠤᠭᠤᠶᠢᠯᠠᠩ  ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ  ᠤ ᠠᠷᠪᠠᠨ ᠲᠠᠪᠤᠳᠤᠭᠠᠷ  ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/24
    8 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ ᠠᠷᠪᠠᠨ ᠲᠠᠪᠤᠳᠤᠭᠠᠷ  ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠰᠡᠴᠡᠨᠪᠢᠯᠢᠭ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠢ ᠢᠨᠵᠧᠨᠧᠷ᠂ ᠶᠡᠷᠦᠩᠬᠡᠢ ᠠᠵᠤ ᠠᠬᠤᠶᠢᠴᠢ᠂ ᠲᠢᠩᠬᠢᠮ ᠤᠨ ᠪᠠᠶᠢᠭᠤᠯᠤᠯᠭ᠎ᠠ ᠶᠢᠨ ᠨᠠᠮ ᠤᠨ ᠡᠭᠦᠷ ᠱᠦᠵᠢ᠂ ᠭᠠᠵᠠᠷ ᠤᠨ ᠲᠡᠰ ᠤᠨ ᠺᠠᠳ᠋ᠷ᠂ ᠲᠢᠩᠬᠢᠮ ᠤᠨ ᠬᠠᠷᠢᠶ᠎ᠠ ᠡᠯ᠎ᠡ  ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠤᠰᠤᠨ ᠠᠰᠢᠭᠯᠠᠯᠳᠠ ᠶᠢᠨ ᠶᠠᠮᠤᠨ  ᠤ ᠮᠠᠯ ᠠᠵᠤ ᠠᠬᠤᠢ ᠶᠢᠨ ᠰᠠᠯᠠᠭᠠᠨ ᠤ ᠭᠠᠵᠠᠷ ᠤᠨ ᠨᠠᠮ ᠤᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠨᠠᠮ ᠤᠨ ᠡᠭᠦᠷ  ᠤᠨ ᠱᠦᠵᠢ᠂ ᠳᠡᠳ᠋ ᠭᠠᠵᠠᠷ ᠤᠨ ᠲᠡᠰ ᠤᠨ ᠨᠠᠮ ᠤᠨ ᠭᠡᠰᠢᠭᠦᠨ ᠺᠠᠳ᠋ᠷ᠂ ᠤᠰᠤᠨ ᠠᠰᠢᠭᠯᠠᠯᠲᠠ ᠶᠢᠨ ᠲᠢᠩᠬᠢᠮ  ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠡᠠ ᠭᠡᠷ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ ︽ᠲᠤᠮᠳᠠᠳᠤ ᠤᠯᠤᠰ ᠤᠨ ᠡᠪ ᠬᠠᠮᠳᠤ ᠨᠠᠮ  ᠤᠨ ᠳᠦᠷᠢᠮ︾ ᠢ ᠬᠠᠮᠲᠤ ᠪᠠᠷ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠲᠥᠪᠡᠳ ᠲᠤ ᠠᠵᠢᠯ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠦᠯᠦᠯᠲᠡ︾᠂ ᠱᠢ ᠲᠠᠢ ᠹᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ‍‌ᠡᠶ᠎ᠡ ᠶᠢᠨ ᠠᠷᠪᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠪᠦᠬᠦ ᠭᠡᠰᠢᠬᠦᠠ ᠤ ᠬᠤᠷᠡᠯ᠂ ᠪᠦᠬᠦ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ  ᠤᠨ ᠶᠡᠭᠡ ᠬᠤᠷᠠᠯ ᠳᠡᠭᠡᠷᠡᠬᠢ ᠶᠠᠷᠢᠶ᠎ᠠ ᠵᠢᠴᠢ ᠰᠢᠯᠢ ᠶᠢᠨ ᠭᠤᠣᠯ ᠠᠶᠢᠮᠠᠭ ᠪᠣᠯᠤᠨ ᠤᠯᠠᠭᠠᠨᠴᠠᠪ ᠬᠤᠳᠠ ᠶᠢᠨ ᠰᠢᠨ᠎ᠡ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠬᠤ ᠦᠶ᠎ᠡ ᠶᠢᠨ ᠶᠠᠷᠢᠶ᠎ᠠ  ᠶᠢ ᠰᠣᠷᠣᠯᠴᠠᠪᠠ᠃ ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ‍‌ᠡᠶ᠎ᠡ ᠶᠢᠨ ᠪᠠᠶᠢᠩᠭᠤ ᠶᠢᠨ ᠬᠤᠷᠢ‍‌ᠡᠶ᠎ᠡ᠂ ᠵᠠᠰᠠᠭ ᠤᠨ ᠣᠷᠳᠣᠨ ᠤ ᠠᠵᠢᠯ ᠤᠨ ᠬᠤᠷᠠᠯᠳᠤᠭᠠᠨ  ᠤ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠨᠠᠮ ᠤᠨ ᠲᠦᠷᠢᠮ ᠤᠨ ᠨᠡᠬᠡᠬᠡᠯᠳᠡᠳᠠᠢ ᠬᠢᠴᠢᠶᠡᠯ — ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠬᠤ︾ ᠵᠡᠷᠭᠡ ᠠᠭᠤᠯᠭ᠎ᠠ ᠶᠢ ᠲᠥᠪᠯᠡᠷᠡᠩᠭᠦᠢ ᠦᠵᠡᠭᠰᠡᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ᠬᠤᠷᠠᠯ ᠠᠴᠠ  ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠡᠷᠬᠡᠪᠰᠢ ︽ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠶ᠂ ᠨᠡᠭᠡᠭᠡᠯᠲᠡᠲᠡᠶ᠂ ᠬᠠᠮᠲᠤ ᠪᠠᠷ ᠡᠳ᠋ᠯᠡᠬᠦ︾ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ  ᠡᠵᠡᠮᠰᠢᠨ᠂ ᠣᠨᠣᠪᠴᠢᠲᠠᠶ ᠣᠶᠢᠯᠠᠭᠠᠵᠤ᠂ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠨ᠂ ᠮᠠᠨ ᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠵᠢᠯ ᠤᠨ ᠣᠨᠣᠯᠵᠢᠬᠤᠨ ᠢᠶᠠᠨ ᠢᠳᠡᠪᠬᠢᠲᠡᠶ ᠪᠠᠷ ᠬᠤᠪᠢᠷᠠᠭᠤᠯᠵᠤ᠂ ᠠᠵᠢᠯ ᠤᠨ  ᠰᠡᠳᠭᠢᠬᠦᠢ ᠪᠠᠨ ᠰᠢᠨ᠎ᠡ ᠪᠠᠷ ᠡᠭᠦᠳᠦᠨ᠂ ᠠᠵᠢᠯ ᠤᠨ ᠠᠷᠭ᠎ᠠ︔ ᠠᠵᠢᠯ ᠢᠶᠠᠨ ᠬᠠᠯᠠᠨ ᠰᠠᠶᠢᠵᠢᠷᠠᠭᠤᠯᠵᠤ᠂ ᠦᠷᠭᠦᠯᠵᠢ ᠬᠦᠰᠦᠨᠦᠭᠲᠦ ᠪᠠ ᠪᠠᠷᠢᠮᠵᠢᠶ᠎ᠠ ᠪᠠᠨ ᠲᠠᠭᠠᠷᠠᠭᠤᠯᠵᠤ᠂ ᠵᠥᠷᠢᠶ᠎ᠡ ᠪᠠᠨ ᠴᠠᠭ ᠲᠤᠬᠠᠶ ᠳᠤᠨᠢ ᠬᠠᠷᠭᠤᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠯ᠎ᠡ ᠵᠦᠶᠯ ᠤᠨ ᠤᠰᠤᠨ ᠠᠰᠢᠭᠯᠠᠯᠲᠠ ᠶᠢᠨ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢᠨ ᠡᠯ᠎ᠡ ᠲᠠᠯ᠎ᠠ ᠳᠤ ᠦᠨᠡᠨᠬᠦ  ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠬᠤᠷᠠᠯ  ᠠᠴᠠ᠂ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠦᠶᠡᠷ  ᠢ ᠰᠡᠷᠭᠡᠶᠢᠯᠡᠬᠦ ᠠᠮᠤᠷ ᠲᠦᠪᠰᠢᠨ ᠤ ᠠᠵᠢᠯ  ᠢ ᠥᠴᠦᠬᠡᠨ ᠴᠦ ᠰᠤᠯᠠᠷᠠᠭᠤᠯᠤᠯ ᠥᠬᠡᠶ ᠪᠠᠷ ᠨᠠᠷᠢᠨ ᠠᠳᠬᠤᠵᠤ ᠪᠣᠳᠠᠲᠠᠶ ᠪᠠᠷ ᠠᠳᠬᠤᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠵᠡᠭᠦᠨ ᠬᠡᠰᠡᠭ  ᠤᠨ ᠭᠠᠵᠠᠷ ᠣᠷᠣᠨ  ᠤ ᠰᠢᠷᠦᠭᠦᠨ ᠪᠣᠷᠣᠭᠠᠨ᠂ ᠪᠠᠷᠠᠭᠤᠨ ᠬᠡᠰᠡᠭ  ᠤᠨ ᠭᠠᠵᠠᠷ ᠣᠷᠣᠨ  ᠤ ᠠᠭᠤᠯᠠᠨ ᠦᠶᠡᠷ  ᠤᠨ ᠭᠠᠮᠰᠢᠭ ᠵᠢᠴᠢ ᠤᠰᠤᠨ ᠴᠥᠭᠦᠷᠥᠮ ᠤᠨ  ᠠᠶᠤᠯᠭᠦᠢ ᠵᠡᠷᠭᠡ ᠠᠰᠠᠭᠤᠳᠠᠯ  ᠢ ᠴᠢᠩᠭ᠎ᠠ ᠠᠩᠬᠠᠷᠴᠤ᠂ ᠰᠡᠷᠭᠡᠶᠢᠯᠡᠯᠲᠡ ᠠᠴᠠ ᠳᠠᠪᠠᠭᠰᠠᠨ ᠦᠶᠡᠷ  ᠤᠨ  ᠰᠡᠷᠭᠡᠶᠢᠯᠡᠯᠲᠡ ᠶᠢᠨ ᠪᠡᠯᠡᠳᠬᠡᠯ ᠲᠥᠰᠦᠯ  ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠨᠠᠶᠢᠷᠠᠭᠤᠯᠤᠨ ᠵᠣᠬᠢᠶᠠᠬᠤ ᠶᠢᠨ ᠬᠠᠮᠲᠤ  ᠰᠡᠷᠭᠡᠶᠢᠯᠡᠯᠲᠡ ᠳᠤ ᠲᠤᠬᠢᠷᠠᠭᠤᠯᠤᠯᠳᠠ ᠬᠢᠵᠦ ᠰᠣᠷᠢᠯᠲᠠ ᠬᠢᠬᠦ ᠶᠢ ᠢᠳᠡᠪᠬᠢᠲᠡᠶ ᠥᠷᠨᠢᠭᠦᠯᠦᠨ᠎ᠡ᠃ ᠤᠰᠤᠨ ᠴᠥᠭᠦᠷᠥᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠪᠠ ᠮᠡᠳᠡᠭᠡ  ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠤᠰᠤᠨ ᠴᠥᠭᠦᠷᠥᠮ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ  ᠰᠢᠰᠲ᠋ᠧᠮ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠤᠰᠤᠨ ᠴᠥᠭᠦᠷᠥᠮ ᠤᠨ ᠦᠶᠡᠷ ᠢ  ᠠᠶᠤᠯᠭᠦᠢ ᠥᠩᠭᠡᠷᠡᠭᠦᠯᠬᠦ ᠡᠯ᠎ᠡ ᠵᠦᠶᠯ ᠤᠨ ᠬᠠᠷᠢᠭᠤᠴᠠᠯᠭ᠎ᠠ ᠶᠢᠨ ᠠᠷᠭ᠎ᠠ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ︽ᠭᠤᠷᠪᠠᠨ ᠬᠠᠷᠢᠭᠤᠴᠠᠯᠭᠠᠲᠠᠨ︾ ︽ᠭᠤᠷᠪᠠᠨ ᠭᠤᠤᠯᠳᠠᠯᠭ᠎ᠠ ᠲᠠᠢ ᠭᠤᠭᠴᠤᠭ᠎ᠠ︾ ᠶᠢᠨ  ᠪᠣᠯᠪᠠᠰᠤᠷᠠᠯ ᠤᠨ ᠠᠵᠢᠯ ᠢ  ᠡᠷᠲᠡ ᠳᠣᠭᠢᠷᠠᠭᠤᠯᠵᠤ᠂ ᠤᠰᠤᠨ ᠴᠥᠭᠦᠷᠥᠮ ᠤᠨ ᠲᠦᠷᠢᠮ ᠲᠣᠭᠲᠠᠭᠠᠯ ᠲᠣᠭᠲᠠᠭᠠᠬᠤ᠂ ᠡᠳᠦᠷ ᠲᠤᠲᠤᠮ ᠤᠨ ᠬᠠᠷᠠᠵᠤ ᠬᠠᠮᠠᠭᠠᠯᠠᠬᠤ ᠲᠣᠭᠤᠷᠢᠨ ᠪᠠᠶᠢᠴᠠᠭᠠᠬᠤ᠂ ᠠᠮᠤᠷ ᠲᠦᠪᠰᠢᠨ ᠤ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠵᠡᠷᠭᠡ ᠲᠠᠯ᠎ᠠ ᠪᠠᠷ ᠵᠢᠷᠤᠮᠵᠢᠯ ᠲᠠᠢ ᠠᠵᠢᠯᠯᠠᠬᠤ ᠶᠢ ᠠᠬᠢᠭᠤᠯᠵᠤ᠂ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃      ᠬᠤᠷᠠᠯ ᠠᠴᠠ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ  ᠬᠡᠷᠡᠭᠯᠡᠭᠰᠡᠨ ᠪᠠ ᠲᠠᠷᠢᠶᠠᠯᠠᠩ ᠤᠨ ᠤᠰᠤᠯᠠᠯᠲᠠ ᠶᠢᠨ ᠪᠦᠳᠦᠭᠦᠯᠢᠭ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ᠂ 33 ᠬᠡᠲᠦᠷᠡᠲᠡᠯ᠎ᠡ  ᠬᠡᠷᠡᠭᠯᠡᠭᠰᠡᠨ ᠣᠷᠣᠨ ᠢ ᠵᠠᠰᠠᠬᠤ ᠠᠰᠠᠭᠤᠳᠠᠯ ᠳᠡᠭᠡᠷ᠎ᠡ ᠦᠷᠭᠦᠯᠵᠢᠯᠡᠨ ᠬᠦᠴᠦ ᠪᠠᠨ ᠲᠥᠪᠯᠡᠷᠡᠭᠦᠯᠦᠨ ᠬᠦᠴᠦᠯᠡᠵᠦ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠤᠰᠤ ᠬᠡᠷᠡᠭᠯᠡᠬᠦ ᠶᠡᠷᠦᠩᠬᠡᠢ ᠬᠡᠮᠵᠢ‍‌ᠡᠶ᠎ᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠡᠭᠦᠷᠭᠡ ᠶᠢ ᠨᠠᠷᠢᠯᠢᠬᠵᠢᠭᠤᠯᠤᠨ ᠵᠠᠳᠠᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ︽ᠴᠠᠬᠢᠯᠭᠠᠨ ᠢᠶᠠᠷ ᠤᠰᠤ ᠶᠢ ᠨᠤᠭᠤᠯᠬᠤ︾ ᠠᠵᠢᠯ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠪᠦᠲᠦᠮᠵᠢᠲᠡᠶ ᠠᠬᠢᠭᠤᠯᠬᠤ ᠠᠷᠭ᠎ᠠ ᠶᠢ ᠰᠦᠪᠡᠭᠴᠢᠯᠡᠨ᠂ ᠤᠰᠤᠨ ᠤ ᠡᠬᠢ ᠪᠠᠶᠠᠯᠢᠭ ᠢ ᠪᠦᠲᠦᠮᠵᠢᠲᠡᠶ ᠬᠠᠮᠢᠶᠠᠷᠤᠨ ᠡᠵᠡᠮᠳᠡᠬᠦ ᠪᠠ ᠦᠷᠭᠦᠯᠵᠢᠯᠡᠨ ᠠᠰᠢᠭᠯᠠᠬᠤ ᠶᠢ ᠦᠨᠡᠨᠬᠦ ᠠᠬᠢᠭᠤᠯᠤᠨ᠎ᠠ︔ ᠮᠠᠯᠵᠢᠬᠤ ᠲᠠᠷᠢᠶᠠᠯᠠᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠭᠠᠴᠠᠭ᠎ᠠ ᠲᠣᠰᠬᠤᠨ  ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠳᠡᠭᠡᠳᠦ ᠬᠡᠮᠵᠢᠶᠡᠨ ᠳᠤ ᠦᠨᠡᠨᠬᠦ ᠲᠠᠯᠪᠢᠵᠤ ᠰᠠᠶᠢᠲᠤᠷ ᠲᠥᠯᠥᠪᠯᠡᠨ ᠰᠠᠶᠢᠲᠤᠷ ᠨᠠᠶᠢᠳᠠᠪᠤᠷᠢᠵᠢᠭᠤᠯᠵᠤ᠂ ᠤᠰᠤ ᠬᠠᠩᠭᠠᠬᠤ ᠢᠨᠵᠧᠨᠧᠷᠢᠩ ᠤᠨ ᠬᠡᠪ ᠤᠨ ᠠᠵᠢᠯᠯᠠᠭ᠎ᠠ ᠂  ᠪᠡᠯᠡᠳᠭᠡᠯ ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠢᠴᠢ ᠤᠰᠤᠨ ᠤ ᠰᠦᠶᠳᠬᠡᠯ ᠢ ᠬᠤᠷᠢᠶᠠᠵᠤ ᠬᠡᠷᠡᠭᠯᠡᠬᠦ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠪᠣᠳᠠᠲᠠᠶ ᠠᠷᠭ᠎ᠠ ᠬᠡᠮᠵᠢᠶ᠎ᠡ ᠲᠣᠭᠲᠠᠭᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ᠬᠤᠷᠠᠯ ᠠᠴᠠ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ︽ᠲᠦᠷᠪᠡᠨ  ᠰᠠᠮᠠᠭᠤᠷᠠᠯ︾  ᠤᠨ ᠠᠵᠢᠯ ᠢ ᠪᠠᠶᠢᠩᠭᠤᠵᠢᠭᠤᠯᠤᠨ ᠵᠢᠷᠤᠮᠵᠢᠭᠤᠯᠬᠤ ᠪᠠ ᠬᠠᠳᠤᠨ ᠭᠤᠣᠯ ᠤᠨ ᠭᠤᠣᠯ ᠤᠨ  ᠭᠤᠯᠲᠤᠷᠢᠯ ᠳᠤᠷ᠎ᠠ ᠪᠠᠷ ᠢᠶᠠᠨ ᠡᠵᠡᠯᠡᠵᠦ ᠳᠤᠷ᠎ᠠ ᠪᠠᠷ ᠢᠶᠠᠨ ᠪᠠᠶᠢᠭᠤᠯᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ ᠮᠡᠳᠡᠭᠡ  ᠵᠠᠩᠭᠢᠴᠢᠯᠠᠯᠲᠠ ᠶᠢᠨ ᠪᠠᠶᠢᠭᠤᠯᠤᠯᠲᠠ ᠲᠠᠢ ᠤᠶᠠᠯᠳᠤᠭᠤᠯᠤᠨ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠪᠦᠲᠦᠮᠵᠢᠲᠡᠶ ᠵᠠᠰᠠᠯᠲᠠ ᠬᠢᠨᠠᠯᠲᠠ ᠬᠠᠮᠢᠶᠠᠷᠤᠯᠲᠠ ᠶᠢ ᠳᠥᠯᠭᠢᠨ ᠠᠬᠢᠭᠤᠯᠤᠨ᠎ᠠ︔ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠠᠵᠢᠯ ᠤᠨ ᠡᠭᠦᠷᠭᠡ ᠶᠢ ᠨᠢᠭᠡᠳᠦᠯᠲᠡᠶ ᠲᠥᠯᠥᠪᠯᠡᠵᠦ᠂ ᠴᠢᠬᠤᠯᠠ ᠶᠡᠭᠡ ᠲᠥᠷᠥᠯ ᠵᠦᠶᠯ ᠢ ᠲᠥᠯᠥᠪᠵᠢᠭᠦᠯᠦᠨ ᠠᠬᠢᠭᠤᠯᠬᠤ᠂ ᠪᠠᠶᠢᠭᠤᠯᠵᠤ ᠪᠠᠶᠢᠭ᠎ᠠ ᠪᠠᠷᠢᠯᠭ᠎ᠠ ᠶᠢ ᠡᠮᠬᠢ ᠵᠢᠷᠤᠮ ᠲᠠᠢ ᠠᠬᠢᠭᠤᠯᠬᠤ ᠵᠢᠴᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠡᠭᠦᠯᠳᠡᠷᠵᠢᠭᠦᠯᠦᠨ ᠲᠣᠭᠲᠠᠭᠠᠬᠤ ᠵᠡᠷᠭᠡ ᠲᠠᠯ᠎ᠠ ᠪᠠᠷ᠂ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠪᠦᠬᠦ ᠲᠠᠯ᠎ᠠ ᠪᠠᠷ ᠵᠣᠬᠢᠴᠠᠭᠤᠯᠬᠤ᠂ ᠢᠷᠡᠬᠦ ᠵᠢᠯ ᠤᠨ ᠠᠵᠢᠯ ᠤᠨ ᠡᠭᠦᠷᠭᠡ ᠶᠢᠨ ᠲᠣᠬᠢᠷᠠᠭᠤᠯᠤᠯᠲᠠ ᠶᠢ ᠭᠦᠶᠴᠡᠳ ᠪᠣᠳᠣᠯᠬᠢᠯᠠᠨ ᠰᠦᠪᠡᠭᠴᠢᠯᠡᠵᠦ᠂ ᠡᠭᠦᠷᠭᠡ ᠶᠢᠨ ᠠᠭᠤᠯᠭ᠎ᠠ ᠪᠠ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠪᠠᠷ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ︔ ︽ᠨᠠᠮ ᠤᠨ ᠲᠥᠪ ᠬᠤᠷᠢᠶ᠎ᠠ  ᠶᠢ ᠰᠠᠨᠠᠭ᠎ᠠ ᠠᠮᠤᠷ ᠪᠠᠶᠢᠯᠭᠠᠵᠤ᠂ ᠠᠷᠠᠳ ᠣᠯᠠᠨ ᠢ ᠰᠡᠳᠬᠢᠯ ᠬᠠᠨᠤᠮᠵᠢᠲᠠᠶ ᠪᠣᠯᠭᠠᠬᠤ︾ ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ  ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠡᠭᠦᠳᠦᠨ ᠪᠠᠶᠢᠭᠤᠯᠬᠤ ᠠᠵᠢᠯ ᠢᠶᠠᠷ ᠤᠰᠤᠨ ᠠᠰᠢᠭᠯᠠᠯᠲᠠ ᠶᠢᠨ ᠲᠢᠩᠭᠢᠮ ᠤᠨ ᠰᠣᠶᠣᠯ ᠢ ᠬᠤᠪᠢᠷᠠᠭᠤᠯᠬᠤ᠂ ᠴᠢᠳᠠᠪᠤᠷᠢ ᠶᠢ ᠳᠡᠭᠡᠭᠰᠢᠯᠡᠭᠦᠯᠬᠦ ᠶᠢ ᠲᠥᠯᠬᠢᠨ ᠠᠬᠢᠭᠤᠯᠵᠤ᠂ ᠬᠡᠯᠪᠡᠷᠢᠴᠢ ᠦᠵᠡᠯ᠂ ᠨᠤᠶᠠᠨᠴᠢ ᠦᠵᠡᠯ  ᠢ ᠴᠢᠩᠭ᠎ᠠ ᠴᠡᠭᠡᠷᠯᠡᠵᠦ᠂ ︽ᠤᠯᠤᠰ ᠲᠥᠷᠥ ᠶᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ᠂ ᠬᠠᠷᠢᠭᠤᠴᠠᠯᠭ᠎ᠠ  ᠡᠭᠦᠷᠭᠡᠯᠡᠬᠦ᠂ ᠦᠷ᠎ᠡ ᠪᠦᠲᠦᠮᠵᠢ ᠲᠠᠢ ᠪᠠᠶᠢᠬᠤ︾ ᠵᠡᠷᠭᠡ ᠲᠠᠯ᠎ᠠ ᠪᠠᠷ ᠦᠨᠡᠨᠬᠦ  ᠲᠡᠷᠢᠭᠦᠯᠡᠨ᠂ ᠥᠯᠢᠭᠡᠷ ᠳᠠᠭᠤᠷᠢᠶᠠᠯ ᠪᠣᠯᠵᠥ᠂ ᠨᠠᠮ  ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ  ᠤᠨ ᠦᠷ᠎ᠡ ᠪᠦᠲᠦᠮᠵᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠣᠷᠣᠨ  ᠤ ᠤᠰᠤᠨ ᠠᠰᠢᠭᠯᠠᠯᠲᠠ ᠶᠢᠨ ᠠᠵᠢᠯ  ᠤᠨ ᠰᠢᠨ᠎ᠡ ᠪᠠᠶᠢᠳᠠᠯ ᠢ ᠪᠥᠬᠦ ᠲᠠᠯ᠎ᠠ ᠪᠠᠷ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号