ᠰᠠᠨ ᠱᠧᠩ ᠭᠦᠩ ᠤᠰᠤᠨ ᠴᠠᠬᠢᠯᠭᠠᠨ ᠤ ᠦᠷᠲᠡᠭᠡ ᠪᠣᠯᠤᠨ ᠦᠪᠦᠷ ᠮᠤᠩᠭᠤᠯ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠶᠡᠷᠦᠩᠬᠡᠢ ᠭᠤᠣᠯ ᠰᠤᠪᠠᠭ ᠤᠨ ᠬᠤᠶᠠᠳᠤᠭᠠᠷ ᠬᠤᠪᠢᠶᠠᠷᠢ ᠤᠰᠤᠨ ᠤ  ᠬᠦᠢᠰᠦ ᠤᠰᠤᠨ ᠴᠠᠬᠢᠯᠭᠠᠨ ᠤ ᠦᠷᠲᠡᠭᠡ ᠶᠢ ᠪᠣᠬᠢᠷᠲᠤᠯ ᠦᠭᠡᠢ ᠵᠢᠵᠢᠭ ᠤᠰᠤᠨ ᠴᠠᠬᠢᠯᠭᠠᠨ ᠤ ᠦᠷᠲᠡᠭᠡ ᠪᠣᠯᠭᠠᠬᠤ ᠪᠠᠷ ᠲᠠᠨᠢᠯᠴᠠᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2021/8/25
    ︽2021 ᠣᠨ ᠤ ᠪᠣᠬᠢᠷᠲᠤᠯ ᠥᠬᠡᠶ ᠵᠢᠵᠢᠭ ᠤᠰᠤᠨ ᠴᠠᠬᠢᠯᠭᠠᠨ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠶ ᠤᠰᠤᠨ ᠠᠰᠢᠭᠯᠠᠯᠳᠠ ᠶᠢᠨ ᠶᠠᠮᠤᠨ ᠮᠤᠵᠢ ᠶᠢᠨ ᠬᠥᠳᠡᠭᠡ ᠲᠣᠰᠬᠤᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠵᠤᠷᠭᠠᠨ ᠤ ᠮᠡᠳᠡᠭᠳᠡᠯ︾ ︵ᠲᠠᠷᠢᠶᠠᠯᠠᠩ ᠤᠰᠤ ᠤᠰᠤᠨ ᠴᠠᠬᠢᠯᠭᠠᠨ ᠤ ᠵᠠᠬᠢᠳᠠᠯ ︹ 2021 ︺ 7 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠠᠨ ᠱᠧᠩ ᠬᠥᠩ ᠤᠰᠤᠨ ᠴᠠᠬᠢᠯᠭᠠᠨ ᠤ ᠥᠷᠲᠡᠭᠡ ᠪᠣᠯᠤᠨ ᠦᠪᠦᠷ ᠮᠤᠩᠭᠤᠯ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠶᠡᠷᠦᠩᠬᠡᠶ ᠭᠤᠤᠯ ᠰᠤᠪᠠᠭ ᠤᠨ ᠬᠤᠶᠠᠳᠤᠭᠠᠷ ᠬᠤᠪᠢᠶᠠᠷᠢ ᠤᠰᠤᠨ ᠤ ᠬᠦᠶᠰᠦ ᠤᠰᠤᠨ ᠴᠠᠬᠢᠯᠭᠠᠨ ᠤ ᠥᠷᠲᠡᠭᠡ ᠱᠠᠭᠠᠷᠳᠠᠯᠭ᠎ᠠ ᠶᠣᠰᠣᠭᠠᠷ ︽ᠪᠣᠬᠢᠷᠲᠤᠯ ᠥᠬᠡᠶ ᠵᠢᠵᠢᠭ ᠤᠰᠤᠨ ᠴᠠᠬᠢᠯᠭᠠᠨ ᠤ ᠥᠷᠲᠡᠭᠡ ᠶᠢᠨ ᠮᠡᠳᠡᠭᠦᠯᠬᠦ ᠬᠦᠰᠦᠨᠦᠭᠲᠦ︾ ᠪᠣᠯᠤᠨ ︽ᠪᠣᠬᠢᠷᠲᠤᠯ ᠥᠬᠡᠶ ᠵᠢᠵᠢᠭ ᠤᠰᠤᠨ ᠴᠠᠬᠢᠯᠭᠠᠨ ᠤ ᠥᠷᠲᠡᠭᠡ ᠶᠢᠨ ᠥᠪᠡᠰᠦᠪᠡᠨ ᠪᠠᠶᠢᠴᠠᠭᠠᠬᠤ ᠬᠦᠰᠦᠨᠦᠭᠲᠦ︾ ᠶᠢ ᠲᠠᠭᠯᠠᠨ ᠮᠡᠳᠡᠭᠦᠯᠦᠭᠰᠡᠨ ᠤ ᠬᠠᠮᠲᠤ ᠵᠣᠬᠢᠬᠤ ᠭᠡᠷᠡᠴᠢᠯᠡᠬᠦ ᠮᠠᠲ᠋ᠧᠷᠢᠶᠠᠯ ᠢ ᠬᠠᠩᠭᠠᠭᠰᠠᠨ ᠪᠠᠶᠢᠨ᠎ᠠ᠃     ︽ᠪᠣᠬᠢᠷᠲᠤᠯ ᠦᠭᠡᠶ ᠵᠢᠵᠢᠭ ᠤᠰᠤᠨ ᠴᠠᠬᠢᠯᠭᠠᠨ ᠤ ᠦᠨᠡᠯᠡᠯᠲᠡ ᠶᠢᠨ ᠪᠠᠷᠢᠮᠵᠢᠶ᠎ᠠ ︵SL/T 752 — 2020︶︾ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ᠂ ᠳᠡᠭᠡᠷᠡᠬᠢ ᠬᠤᠶᠠᠷ ᠤᠰᠤᠨ ᠴᠠᠬᠢᠯᠭᠠᠨ ᠤ ᠥᠷᠲᠡᠭᠡ ᠶᠢᠨ ᠮᠡᠳᠡᠭᠦᠯᠦᠭᠰᠡᠨ ᠮᠠᠲ᠋ᠧᠷᠢᠶᠠᠯ ᠳᠤ ᠲᠣᠭᠲᠠᠭᠠᠯ ᠳᠤ ᠨᠡᠶᠢᠴᠡᠭᠰᠡᠨ ᠬᠢᠨᠠᠨ ᠪᠠᠶᠢᠴᠠᠭᠠᠯᠲᠠ ᠬᠢᠵᠦ᠂ ᠡᠭᠦᠨ ᠤ ᠬᠠᠮᠲᠤ ᠱᠠᠭᠠᠷᠳᠠᠯᠭ᠎ᠠ ᠶᠣᠰᠣᠭᠠᠷ ᠭᠤᠣᠯᠳᠠᠯᠭ᠎ᠠ ᠲᠠᠢ ᠪᠠᠷ ᠤᠰᠤᠨ ᠵᠦᠢ ᠶᠢᠨ  ᠬᠠᠨᠳᠤᠰᠢ᠂ ᠭᠤᠣᠯ ᠮᠥᠷᠡᠨ ᠤ ᠬᠡᠯᠪᠡᠷᠢ ᠪᠠᠶᠢᠳᠠᠯ᠂ ᠤᠰᠤᠨ ᠤ ᠴᠢᠨᠠᠷ᠂ ᠤᠰᠤᠨ ᠤ ᠪᠠ ᠬᠠᠭᠤᠷᠠᠶ ᠶᠢᠨ ᠠᠮᠢ ᠠᠬᠤᠶ᠂ ᠦᠵᠡᠮᠵᠢ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ  ᠶᠢ ᠪᠠᠭᠠᠰᠬᠠᠬᠤ᠂ ᠨᠡᠭᠦᠳᠡᠯ ᠠᠷᠠᠳ᠂ ᠠᠰᠢᠭ ᠲᠤᠰᠠ  ᠶᠢ ᠬᠠᠮᠲᠤ ᠪᠠᠷ ᠡᠳ᠋ᠯᠡᠬᠦ᠂ ᠶᠡᠷᠦᠩᠬᠡᠶᠢᠯᠡᠨ ᠠᠰᠢᠭᠯᠠᠬᠤ᠂ ᠦᠢᠯᠡᠳᠪᠦᠷᠢᠯᠡᠯ ᠵᠢᠴᠢ ᠠᠵᠢᠯᠯᠠᠭᠠᠨ ᠤ ᠬᠠᠮᠢᠶᠠᠷᠤᠯᠲᠠ᠂ ᠵᠢᠵᠢᠭ ᠤᠰᠤᠨ ᠴᠠᠬᠢᠯᠭᠠᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠮᠡᠷᠭᠡᠵᠢᠯ  ᠤᠨ ᠳᠠᠪᠱᠢᠯᠲᠠ᠂ ᠡᠳ᠋ ᠤᠨ ᠶᠠᠪᠤᠳᠠᠯ  ᠤᠨ ᠲᠣᠭᠲᠠᠭᠤᠨ ᠴᠢᠨᠠᠷ᠂ ᠣᠷᠣᠨ ᠪᠦᠰᠡ ᠶᠢᠨ ᠠᠵᠤ ᠠᠬᠤᠶ ᠶᠢᠨ ᠬᠤᠪᠢ ᠨᠡᠮᠡᠷᠢ ᠵᠡᠷᠭᠡ 14 ᠲᠠᠯ᠎ᠠ  ᠪᠠᠷ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ ᠳᠠᠬᠢᠨ ᠬᠢᠨᠠᠵᠠᠶ᠃ ᠪᠣᠬᠢᠷᠲᠤᠯ ᠥᠬᠡᠶ ᠵᠢᠵᠢᠭ ᠤᠰᠤᠨ ᠴᠠᠬᠢᠯᠭᠠᠨ ᠤ ᠦᠨᠡᠯᠡᠯᠲᠡ ᠶᠢᠨ ᠬᠤᠪᠢ ᠣᠯᠭᠤᠬᠤ ᠬᠦᠰᠦᠨᠦᠭᠲᠦ ᠶᠢ ᠵᠦᠶᠯ ᠳᠠᠷᠠᠭᠠᠯᠠᠨ ᠬᠠᠷᠭᠤᠭᠤᠯᠤᠨ ᠬᠤᠪᠢ ᠣᠯᠭᠤᠪᠠ᠃ ᠡᠭᠦᠨ ᠳᠤ ᠰᠠᠨ ᠱᠧᠩ ᠬᠥᠩ ᠤᠰᠤᠨ ᠴᠠᠬᠢᠯᠭᠠᠨ  ᠥᠷᠲᠡᠭᠡ ᠶᠢᠨ ᠮᠤᠵᠢ ᠶᠢᠨ ᠲᠠᠰ ᠤᠨ ᠠᠩᠬᠠᠨ ᠤ ᠰᠢᠯᠭᠠᠯᠲᠠ ᠶᠢᠨ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢᠨ ᠬᠤᠪᠢ᠂ ᠤᠰᠤᠨ ᠤ ᠬᠠᠨᠳᠤᠰᠢ ᠶᠢᠨ ᠪᠠᠶᠢᠳᠠᠯ ᠳᠤ 15 ᠬᠤᠪᠢ᠂ ᠶᠡᠷᠦᠩᠬᠡᠶ ᠬᠤᠪᠢ ᠨᠢ 89 ᠬᠤᠪᠢ︔ ᠦᠪᠦᠷ ᠮᠤᠩᠭᠤᠯ  ᠤᠨ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠶᠡᠷᠦᠩᠬᠡᠢ ᠭᠤᠣᠯ ᠰᠤᠪᠠᠭ ᠤᠨ ᠬᠤᠶᠠᠳᠤᠭᠠᠷ ᠬᠤᠪᠢᠶᠠᠷᠢ ᠤᠰᠤᠨ ᠤ  ᠬᠦᠢᠰᠦ ᠤᠰᠤᠨ ᠴᠠᠬᠢᠯᠭᠠᠨ ᠤ ᠦᠷᠳᠡᠭᠡ ᠶᠢᠨ ᠮᠤᠵᠢ ᠶᠢᠨ ᠲᠡᠰ ᠤᠨ ᠠᠩᠬ᠎ᠠ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠳᠤ ᠬᠤᠪᠢ ᠲᠣᠭᠲᠠᠭᠠᠵᠤ᠂ ᠤᠰᠤᠨ ᠵᠦᠢ ᠶᠢᠨ ᠬᠠᠨᠳᠤᠰᠢ15 ᠬᠤᠪᠢ᠂ ᠶᠡᠷᠦᠩᠬᠡᠢ ᠬᠤᠪᠢ 89 ᠬᠤᠪᠢ᠃ ᠰᠠᠨ ᠱᠧᠩ ᠬᠥᠩ ᠤᠰᠤᠨ ᠴᠠᠬᠢᠯᠭᠠᠨ ᠤ ᠥᠷᠲᠡᠭᠡ ᠪᠣᠯᠤᠨ ᠦᠪᠦᠷ ᠮᠤᠩᠭᠤᠯ  ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠶᠡᠷᠦᠩᠬᠡᠶ ᠭᠤᠤᠯ ᠰᠤᠪᠠᠭ ᠤᠨ ᠬᠤᠶᠠᠳᠤᠭᠠᠷ ᠬᠤᠪᠢᠶᠠᠷᠢ ᠤᠰᠤᠨ ᠤ ᠬᠦᠶᠰᠦ ᠤᠰᠤᠨ ᠴᠠᠬᠢᠯᠭᠠᠨ ᠤ ᠥᠷᠲᠡᠭᠡ ᠶᠢᠨ ᠪᠣᠬᠢᠷᠲᠤᠯ ᠥᠬᠡᠶ ᠵᠢᠵᠢᠭ ᠤᠰᠤᠨ ᠴᠠᠬᠢᠯᠭᠠᠨ ᠤ ᠦᠨᠡᠯᠡᠯᠲᠡ ᠳᠤ ᠴᠥᠮ ᠬᠠᠩᠭᠠᠭᠰᠠᠨ ᠶᠡᠷᠦᠩᠬᠡᠶ ᠬᠤᠪᠢ ᠨᠢ 85 ᠬᠤᠪᠢ ᠠᠴᠠ ᠶᠡᠭᠡ ᠪᠤᠶᠤ ᠲᠡᠭᠦᠨ ᠲᠠᠢ ᠲᠡᠩᠴᠡᠨ᠎ᠡ᠃ ᠲᠡᠷᠡᠴᠢᠯᠡᠨ ᠤᠰᠤᠨ ᠵᠦᠢ ᠶᠢᠨ  ᠬᠠᠨᠳᠤᠰᠢ ᠶᠢᠨ ᠣᠯᠤᠭᠰᠠᠨ ᠬᠤᠪᠢ ᠨᠢ 12 ᠬᠤᠪᠢ ᠠᠴᠠ ᠶᠡᠭᠡ ᠪᠤᠶᠤ ᠲᠡᠩᠴᠡᠭᠦᠦ ᠪᠠᠶᠢᠬᠤ ᠱᠠᠭᠠᠷᠳᠠᠯᠭ᠎ᠠ ᠪᠠᠷ ᠪᠣᠬᠢᠷᠲᠤᠯ ᠦᠭᠡᠢ ᠵᠢᠵᠢᠭ ᠤᠰᠤᠨ ᠴᠠᠬᠢᠯᠭᠠᠨ  ᠥᠷᠲᠡᠭᠡ ᠳᠤ ᠭᠤᠶᠤᠴᠢᠯᠠᠨ ᠮᠡᠳᠡᠭᠦᠯᠬᠦ ᠨᠥᠬᠦᠴᠡᠯ ᠢ ᠬᠠᠩᠭᠠᠪᠠ᠂ ᠮᠠᠨ ᠤ ᠲᠢᠩᠬᠢᠮ ᠠᠴᠠ ᠳᠡᠭᠡᠷᠡᠬᠢ ᠬᠤᠶᠠᠷ ᠰᠠᠭᠤᠷᠢ ᠤᠰᠤᠨ ᠴᠠᠬᠢᠯᠭᠠᠨ  ᠥᠷᠲᠡᠭᠡ ᠶᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠣᠬᠢᠷᠲᠤᠯ ᠦᠭᠡᠢ ᠵᠢᠵᠢᠭ ᠤᠰᠤᠨ ᠴᠠᠬᠢᠯᠭᠠᠨ  ᠥᠷᠲᠡᠭᠡᠶᠢ ᠡᠭᠦᠳᠦᠨ ᠪᠠᠶᠢᠭᠤᠯᠬᠤ ᠴᠠᠬᠢᠯᠭᠠᠨ  ᠥᠷᠲᠡᠭᠡ ᠶᠢᠨ ᠬᠤᠪᠢ ᠪᠠᠷ ᠤᠰᠤᠨ ᠠᠰᠢᠭᠯᠠᠯᠳᠠ ᠶᠢᠨ ᠶᠠᠮᠤᠨ ᠳᠤ ᠲᠠᠨᠢᠯᠴᠠᠭᠤᠯᠬᠤ ᠪᠠᠷ ᠪᠠᠶᠢᠨ᠎ᠠ᠂ ᠤᠳᠤ ᠵᠠᠷᠯᠠᠨ ᠨᠡᠶᠢᠲᠡᠯᠡᠶ᠎ᠡ᠃ᠵᠠᠷᠯᠠᠨ ᠨᠡᠶᠢᠲᠡᠯᠡᠬᠦ ᠡᠳᠦᠷ ᠬᠤᠭᠤᠴᠠᠭ᠎ᠠ ᠨᠢ 2021 ᠣᠨ ᠤ 8 ᠰᠠᠷ᠎ᠠ ᠶᠢᠨ 24 ᠤ ᠡᠳᠦᠷ ᠠᠴᠠ 8 ᠰᠠᠷ᠎ᠠ ᠶᠢᠨ 30 ᠤ ᠡᠳᠦᠷ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠵᠤ ᠦᠨᠡᠯᠡᠨ ᠶᠠᠷᠢᠯᠴᠠᠬᠤ ᠳᠤ ᠣᠷᠣᠯᠴᠠᠬᠤ ᠶᠢ ᠪᠠᠶᠠᠷᠯᠠᠨ ᠤᠭᠲᠤᠵᠤ᠂ ᠬᠡᠷᠪᠡ ᠰᠠᠨᠠᠯ ᠰᠠᠨᠠᠭᠤᠯᠭ᠎ᠠ ᠪᠠᠶᠢᠪᠠᠯ᠂ 8  ᠰᠠᠷ᠎ᠠ ᠶᠢᠨ 30 ᠤ ᠡᠳᠦᠷ ᠠᠴᠠ ᠡᠮᠦᠨ᠎ᠡ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤᠰᠤᠨ  ᠠᠰᠢᠭᠯᠠᠯᠲᠠ ᠶᠢᠨ ᠲᠢᠩᠬᠢᠮ  ᠳᠤ ᠲᠤᠰᠬᠠᠬᠤ ᠪᠣᠯᠪᠠᠤ᠃ᠬᠠᠶ᠋ᠢᠭ᠄ ᠬᠥᠬᠡᠬᠤᠲᠠ ᠶᠢᠨ ᠬᠥᠯᠥᠨ ᠡᠮᠦᠨ᠎ᠡ ᠵᠠᠮ ᠤᠨ 119  ᠨᠣᠮᠧᠷ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠠᠷᠢᠶᠠᠯᠠᠩ ᠮᠠᠯ ᠠᠵᠤ ᠠᠬᠤᠶ ᠶᠢᠨ ᠭᠠᠵᠠᠷᠰᠢᠦᠳᠠᠨ ᠳ᠋ᠤᠭᠠᠷ᠄ 010020ᠬᠠᠷᠢᠯᠴᠠᠬᠤ ᠬᠥᠮᠦᠨ᠄ ᠴᠢᠶᠣᠤ ᠶᠦᠩ ᠰᠢᠨᠬᠠᠷᠢᠯᠴᠠᠬᠤ ᠤᠲᠠᠰᠤ᠄ 0471-5254969
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号