ᠰᠡᠴᠡᠨᠪᠢᠯᠢᠭ ᠡᠩ ᠤᠨ ᠨᠠᠮ ᠤᠨ ᠭᠡᠰᠢᠭᠦᠨ ᠤ ᠬᠤᠪᠢ ᠪᠠᠷ ᠲᠢᠩᠬᠢᠮ ᠤᠨ ᠠᠯᠪᠡᠠ ᠭᠡᠷ ᠤᠨ ᠨᠠᠮ ᠤᠨ ᠡᠭᠦᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/8/6
     8 ᠰᠠᠷ᠎ᠠ ᠶᠢᠨ 4 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠯᠪᠡᠠ ᠭᠡᠷ ᠤᠨ ᠨᠠᠮ ᠤᠨ ᠡᠭᠦᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠢᠵᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠰᠡᠴᠡᠨᠪᠢᠯᠢᠭ ᠡᠩ ᠤᠨ ᠨᠠᠮ ᠤᠨ ᠭᠡᠰᠢᠭᠦᠨ ᠤ ᠬᠤᠪᠢ ᠪᠠᠷ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠬᠠᠮᠲᠤ᠂ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ︽ᠨᠠᠮ ᠤᠨ ᠲᠡᠤᠬᠡ ᠶᠢ ᠰᠤᠷᠤᠯᠴᠠᠵᠤ᠂ ᠦᠵᠡᠯ ᠰᠠᠨᠠᠭ᠎ᠠ ᠶᠢ ᠣᠶᠢᠯᠠᠭᠠᠵᠤ᠂ ᠪᠤᠳᠡᠳᠡᠢ ᠠᠵᠢᠯ ᠬᠢᠬᠦ᠂ ᠰᠢᠨ᠎ᠡ ᠪᠠᠶᠢᠳᠠᠯ ᠢ ᠨᠡᠭᠡᠭᠡᠬᠦ︾ ᠭᠤᠤᠯ ᠰᠡᠳᠦᠪ ᠤᠨ ᠲᠣᠭᠤᠷᠢᠨ ᠳᠤ ᠰᠤᠷᠤᠯᠴᠠᠭᠰᠠᠨ ᠣᠯᠤᠯᠲᠠ ᠪᠠᠨ ᠶᠠᠷᠢᠯᠴᠠᠵᠤ᠂ ᠣᠯᠤᠯᠲᠠ ᠲᠥᠷᠥᠭᠳᠡᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠣᠯᠣᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠵᠢᠶᠦ᠋ᠨ ᠹᠧᠩ᠂ ᠪᠦᠷᠢᠯᠳᠦᠬᠦᠨ ᠭᠠᠩᠪᠣᠯᠣᠳ᠂ ᠲᠢᠩᠬᠢᠮ ᠤᠨ ᠪᠠᠶᠢᠭᠤᠯᠠᠭ᠎ᠠ ᠶᠢᠨ ᠨᠠᠮ ‍ᠤᠨ‌ᠬᠤᠷᠢᠶ᠎ᠠ ᠶᠢᠨ ᠲᠤᠰᠬᠠᠢ ᠲᠤᠰᠢᠶᠠᠯᠲᠤ ᠳᠡᠳ᠋ ᠱᠦᠵᠢ ᠸᠠᠩ ᠴᠠᠩ ᠵᠢᠦ ᠨᠡᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
     ᠬᠤᠷᠠᠯ ᠳᠡᠭᠡᠷ᠎ᠡ᠂ ᠠᠯᠪᠡᠠ ᠭᠡᠷ ᠤᠨ ᠨᠠᠮ ᠤᠨ ᠡᠭᠦᠷ ᠤ ᠱᠦᠵᠢ ᠸᠠᠩ ᠱᠦᠨ ᠨᠠᠮ ᠤᠨ ᠡᠭᠦᠷ ᠤᠨ ᠵᠥᠪᠯᠡᠯ ᠢ ᠲᠥᠯᠥᠭᠡᠯᠡᠵᠦ ᠬᠠᠭᠠᠰ ᠵᠢᠯ ᠤᠨ ᠲᠤᠷᠰᠢᠬᠢ ᠨᠠᠮ ᠤᠨ ᠡᠭᠦᠷ ᠤᠨ ᠠᠵᠢᠯ ᠤᠨ ᠪᠠᠶᠢᠳᠠᠯ ᠣᠨᠴᠠᠭᠠᠶᠢᠯᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠦᠯᠵᠦ᠂ ᠨᠠᠮ ᠤᠨ ᠡᠭᠦᠷ ᠤ ᠵᠥᠪᠯᠡᠯ ᠤᠨ ᠠᠰᠠᠭᠤᠳᠠᠯ ᠢ ᠪᠠᠶᠢᠴᠠᠭᠠᠨ ᠦᠵᠡᠭᠰᠡᠨ ᠪᠠᠶᠢᠳᠠᠯ ᠢ ᠨᠡᠢᠲᠡᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ  ᠬᠡᠮᠵᠢᠶ᠎ᠡ ᠶᠢ ᠳᠤᠷᠠᠳᠴᠠᠢ᠃ ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠨᠢᠭᠡᠳ ᠨᠢᠭᠡ ᠪᠠᠷ ᠶᠠᠷᠢᠶ᠎ᠠ ᠲᠠᠯᠪᠢᠵᠤ᠂ ᠣᠯᠤᠯᠲᠠ ᠳᠡᠭᠡᠭᠰᠢᠯᠡᠭᠰᠡᠨ ᠢᠶᠠᠨ ᠶᠠᠷᠢᠵᠤ᠂ ᠢᠯᠭᠠᠭ᠎ᠠ  ᠵᠦᠷᠢᠶ᠎ᠡ ᠪᠠᠨ ᠶᠠᠷᠢᠵᠤ᠂ ᠬᠠᠯᠠᠨ ᠰᠠᠶᠢᠵᠢᠷᠠᠭᠤᠯᠬᠤ ᠠᠷᠭ᠎ᠠ  ᠬᠡᠮᠵᠢᠶ᠎ᠡ ᠶᠢ ᠶᠠᠷᠢᠪᠠ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠨᠠᠮᠴᠢ ᠴᠢᠨᠠᠷ ᠤᠨ ᠭᠦᠨ ᠭᠦᠨᠵᠡᠭᠡᠢ ᠪᠣᠯᠪᠠᠰᠤᠷᠠᠯ ᠪᠠ ᠦᠵᠡᠯ ᠰᠠᠨᠠᠭᠠᠨ ᠤ ᠬᠥᠮᠦᠵᠢᠯ ᠢ ᠬᠠᠮᠲᠤᠪᠠᠷ ᠬᠦᠯᠢᠶᠡᠨ ᠠᠪᠤᠪᠠ᠃      ᠰᠡᠴᠡᠨᠪᠢᠯᠢᠭ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠬᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ ᠤᠰᠤᠨ ᠠᠰᠢᠭᠯᠠᠯᠲᠠ ᠶᠢᠨ ᠠᠵᠢᠯ ᠢ ᠰᠠᠶᠢᠲᠤᠷ ᠬᠢᠬᠦ ᠵᠡᠷᠭᠡ ᠲᠠᠯ᠎ᠠ ᠪᠠᠷ ᠣᠯᠠᠨ ᠲᠠᠢ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠪᠠ᠃ ᠲᠡᠷᠡ᠂ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶ᠎ᠠ ᠪᠣᠯ ᠮᠠᠷᠺᠰ ᠤᠨ ᠦᠵᠡᠯ ᠤᠨ ᠬᠥᠲᠦᠯᠪᠦᠷᠢ ᠶᠢᠨ ᠴᠢᠨᠠᠷ ᠲᠠᠢ ᠲᠤᠯᠭᠤᠷ ᠪᠢᠴᠢᠭ ᠮᠥᠨ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠤᠯᠤᠰ ᠲᠥᠷᠥ ᠶᠢᠨ ᠲᠤᠩᠬᠠᠭ ᠮᠥᠨ᠂ ᠮᠠᠨ ᠤ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠲᠡᠤᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ ᠨᠡᠭᠡᠭᠡᠬᠦ ᠠᠵᠢᠯᠯᠠᠭᠠᠨ ᠤ ᠵᠦᠭᠯᠡᠭᠦᠷ ᠮᠥᠨ ᠭᠡᠵᠦ ᠵᠢᠭᠠᠵᠤ       ᠭᠠᠷᠭᠠᠪᠠ᠃ ᠲᠡᠷᠡ ︽ᠪᠢ ᠬᠡᠨ ᠪᠤᠢ᠂ ᠬᠡᠨ ᠤ ᠲᠥᠯᠥᠭᠡ᠂ ᠬᠡᠨ ᠢ ᠲᠦᠰᠢᠭᠯᠡᠬᠦ︾ ᠶᠢᠨ ᠲᠣᠭᠤᠷᠢᠨ ᠳᠤ᠂ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ ᠢᠶᠠᠨ ᠶᠠᠷᠢᠪᠠ᠃ ᠶᠡᠷᠦᠩᠬᠡᠢ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠢ ᠤᠢᠢᠯᠠᠭᠠᠨ ᠡᠵᠡᠮᠰᠢᠬᠦ᠂ ᠰᠢ ᠶᠢᠨ ᠫᠢᠩ ᠤᠨ ᠰᠢᠨ᠎ᠡ ᠴᠠ᠊ ‍ᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠢᠯᠠᠩᠭᠤᠶ᠎ᠠ ︽ᠠᠷᠪᠠᠨ ᠵᠢᠷᠭᠤᠭᠠᠨ ᠦᠰᠦᠭ︾ ᠤᠨ ᠤᠰᠤ ᠵᠠᠰᠠᠬᠤ ᠰᠡᠳᠬᠢᠴᠡ ᠶᠢ ᠰᠤᠷᠤᠯᠴᠠᠨ  ᠲᠤᠭᠤᠰᠢᠯᠠᠭᠤᠯᠬᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ᠂ ᠰᠤᠷᠲᠠᠯ ᠤᠨ ᠪᠠᠶᠢᠭᠤᠯᠤᠯᠲᠠ ᠶᠢ ᠦᠢᠯᠡᠳᠦᠯᠭᠡᠵᠢᠭᠦᠯᠬᠦ ᠵᠡᠷᠭᠡ ᠲᠦᠷᠪᠡᠨ ᠲᠠᠯ᠎ᠠ ᠠᠴᠠ  ᠵᠦᠷᠢᠶ᠎ᠡ  ᠪᠠ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠳᠡᠯᠭᠡᠵᠡᠢ᠃
         ᠰᠡᠴᠡᠨᠪᠢᠯᠢᠭ ᠠᠯᠪᠡᠠ ᠭᠡᠷ  ᠨᠢ ᠤᠰᠤᠨ ᠠᠰᠢᠭᠯᠠᠯᠲᠠ ᠶᠢᠨ ᠲᠢᠩᠬᠢᠮ ᠤᠨ ᠳᠡᠭᠡᠳᠦ ᠲᠤᠤᠷᠠᠳᠤ ᠱᠠᠳᠤ ᠲᠠᠢ ᠣᠢᠯᠠᠭᠠᠯᠴᠠᠬᠤ᠂ ᠵᠡᠭᠦᠨ ᠪᠠᠷᠠᠭᠤᠨ ᠲᠠᠯ᠎ᠠ ᠲᠠᠢ ᠬᠠᠷᠢᠯᠴᠠᠬᠤ᠂ ᠳᠣᠲᠣᠭᠠᠳᠤ ᠭᠠᠳᠠᠭᠠᠳᠤ ᠶᠢ ᠵᠣᠬᠢᠴᠠᠭᠤᠯᠬᠤ ᠭᠤᠣᠯ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠲᠤᠰ ᠤᠳᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠤᠰᠤᠨ ᠠᠰᠢᠭᠯᠠᠯᠲᠠ ᠶᠢᠨ ᠠᠵᠢᠯ ᠤᠨ ᠪᠦᠬᠦ ᠲᠠᠯ᠎ᠠ ᠶᠢᠨ ᠲᠣᠭᠤᠷᠢᠨ ᠳᠤ ᠡᠭᠦᠷᠭᠡ ᠴᠢᠳᠠᠪᠬᠢ ᠶᠢᠨ ᠦᠢᠯᠡᠳᠦᠯ ᠢᠶᠠᠨ ᠦᠨᠡᠨᠬᠦ ᠴᠢᠩᠭᠠᠳᠬᠠᠨ ᠪᠠᠳᠠᠷᠠᠭᠤᠯᠵᠤ᠂ ᠲᠡᠭᠦᠯᠳᠡᠷ ᠤᠶᠤᠨ ᠰᠠᠨᠠᠭᠠᠨ ᠤ ᠪᠠᠶᠢᠳᠠᠯ ᠪᠣᠯᠤᠨ ᠰᠠᠶᠢᠨ ᠰᠠᠶᠢᠬᠠᠨ ᠰᠠᠬᠢᠯᠭ᠎ᠠ ᠶᠢᠨ ᠣᠪᠣᠷ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠤᠬ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠬᠦ ᠬᠡᠷᠡᠭᠲᠡᠢ᠃ ᠵᠣᠷᠢᠯᠲᠠ ᠶᠢᠨ ᠤᠬᠠᠮᠰᠠᠷ ᠢᠶᠠᠨ ᠪᠠᠲᠤ ᠴᠡᠭᠡᠵᠢᠯᠡᠵᠦ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠬᠦᠴᠦᠨ ᠴᠢᠳᠠᠯ ᠢᠶᠠᠨ ᠰᠢᠪᠬᠠᠨ ᠠᠷᠠᠳ ᠲᠦᠮᠡᠨ ᠳᠤ ᠪᠤᠶᠠᠨ ᠦᠢᠯᠡᠳᠬᠦ ᠤᠰᠤᠨ ᠠᠰᠢᠭᠯᠠᠯᠲᠠ ᠶᠢᠨ ᠦᠢᠯᠡᠰ ᠢ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠢ᠃ ᠬᠤᠶᠠᠷ ᠲᠤ᠂ ᠢᠲᠡᠭᠡᠯ ᠵᠣᠷᠢᠭ ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠬᠦ ᠬᠡᠷᠡᠭᠲᠡᠢ᠃ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ ᠢᠶᠠᠨ ᠲᠠᠰᠤᠷᠠᠯᠲᠠ ᠦᠭᠡᠢ ᠪᠠᠲᠤᠳᠬᠠᠵᠤ᠂ ᠨᠡᠶᠢᠭᠡᠮ ᠵᠢᠷᠤᠮ ᠪᠣᠯᠤᠨ ᠡᠪ ᠬᠠᠮᠲᠦ ᠶᠣᠰᠣᠨ ᠤ ᠲᠤᠬᠠᠢ ᠢᠲᠡᠭᠡᠯ ᠪᠢᠰᠢᠷᠡᠯ ᠢᠶᠠᠨ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠯᠪᠡᠠ ᠭᠡᠷ ᠤᠨ ᠠᠵᠢᠯ ᠢ ᠰᠠᠶᠢᠲᠤᠷ ᠬᠢᠬᠦ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠠᠵᠢᠯ ᠤᠨ ᠪᠤᠳᠠᠳᠤ ᠦᠢᠯᠡᠳᠦᠯ ᠢ ᠠᠩᠬᠠᠷᠬᠤ ᠬᠡᠷᠡᠭᠲᠡᠢ᠃ ᠪᠣᠳᠠᠲᠠᠢ ᠠᠵᠢᠯᠯᠠᠬᠤ ᠶᠢ ᠡᠷᠬᠢᠮᠯᠡᠬᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠰᠠᠭᠤᠳᠠᠯ ᠢ ᠦᠨᠡᠨᠬᠦ ᠢᠯᠡᠷᠡᠭᠦᠯᠦᠨ ᠰᠢᠢᠳᠪᠦᠷᠢᠯᠡᠵᠦ᠂ ᠬᠡᠯᠪᠡᠷᠢ ᠶᠢᠨ ᠦᠵᠡᠯ ᠨᠤᠶᠠᠨᠴᠢ ᠦᠵᠡᠯ ᠢ ᠴᠢᠩᠭ᠎ᠠ ᠴᠡᠭᠡᠷᠯᠡᠬᠦ ᠬᠡᠷᠡᠭᠲᠡᠢ︔ ᠭᠤᠤᠯᠳᠠᠯᠭ᠎ᠠ ᠶᠢᠨ ᠲᠣᠭᠤᠷᠢᠨ ᠳᠤ᠂ ᠭᠤᠤᠯᠳᠠᠯᠭ᠎ᠠ ᠶᠢ ᠳᠣᠪᠤᠶᠢᠯᠭᠠᠨ᠂ ᠰᠡᠳᠬᠢᠴᠡ ᠪᠠ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠠᠭᠠᠭᠠᠯᠭᠠᠭᠰᠠᠨ ᠡᠯ᠎ᠡ  ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠵᠦ ᠴᠢᠩᠭᠠᠳᠬᠠᠪᠠ᠃
          ᠵᠢᠶᠦ᠋ᠨ ᠹᠤᠩ ᠬᠠᠮᠤᠭ ᠤᠨ ᠰᠡᠭᠦᠯ ᠳᠤ ᠦᠨᠡᠯᠡᠯᠲᠡ ᠬᠢᠵᠦ᠂ ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠬᠤᠷᠠᠯ ᠠᠴᠠ ᠡᠮᠦᠨ᠎ᠡ ᠪᠡᠯᠡᠳᠬᠡᠯ  ᠭᠦᠢᠴᠡᠳ᠂ ᠬᠠᠷᠢᠴᠠᠭᠤᠯᠤᠨ ᠪᠠᠢᠴᠠᠭᠠᠭᠰᠠᠨ ᠨᠢ ᠬᠢᠨᠠᠮᠠᠭᠠᠶ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠳᠤ ᠦᠨᠡᠨᠴᠢ ᠪᠠᠷ ᠬᠠᠨᠳᠤᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠨᠡᠨ ᠬᠦ ᠬᠡᠷᠡᠭᠵᠢᠭᠦᠯᠵᠦ ᠪᠣᠯᠤᠨ᠎ᠠ ᠭᠡᠵᠦ ᠵᠢᠭᠠᠵᠤ ᠭᠠᠷᠭᠠᠪᠠ︔ ᠰᠡᠴᠡᠨᠪᠢᠯᠢᠭ ᠨᠥᠬᠦᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠲᠦᠷᠦᠭᠦᠯᠡᠨ ᠣᠯᠤᠯᠲᠠ ᠪᠠᠨ ᠪᠦᠷᠢᠳᠬᠡᠵᠦ᠂ ᠲᠦᠷᠦᠭᠦᠯᠡᠨ ᠠᠰᠠᠭᠤᠳᠠᠯ ᠢ ᠪᠠᠶᠢᠴᠠᠭᠠᠨ ᠦᠵᠡᠵᠦ᠂ ᠲᠦᠷᠦᠭᠦᠯᠡᠨ ᠭᠦᠨᠵᠡᠭᠡᠢ ᠵᠠᠳᠠᠯᠤᠨ ᠰᠢᠨᠵᠢᠯᠡᠵᠦ᠂  ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠵᠢᠶᠦ᠋ᠨ ᠹᠤᠩ ᠲᠠᠷᠠᠭᠠᠴᠢ ᠶᠢᠨ ᠠᠯᠬᠤᠮ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠳᠥᠯᠭᠢᠨ ᠠᠬᠢᠭᠤᠯᠬᠤ ᠲᠤᠬᠠᠶ ᠱᠠᠭᠠᠷᠳᠠᠯᠭ᠎ᠠ ᠳᠤᠷᠠᠳᠴᠤ᠂ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠶᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠪᠥᠬᠦ ᠲᠠᠯ᠎ᠠ ᠪᠠᠷ ᠭᠦᠨᠵᠡᠭᠡᠶ ᠰᠤᠷᠤᠯᠴᠠᠨ᠂ ᠨᠡᠪᠲᠡᠷᠡᠲᠡᠯ᠎ᠡ ᠣᠶᠢᠯᠠᠭᠠᠵᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠵᠤ᠂ ᠵᠣᠷᠢᠭ ᠰᠠᠨᠠᠭᠠᠨ ᠤ ᠮᠥᠨ ᠴᠢᠨᠠᠷ ᠢ ᠨᠡᠪᠲᠡᠷᠡᠲᠡᠯ᠎ᠡ ᠣᠶᠢᠯᠠᠭᠠᠵᠤ᠂ ᠭᠤᠤᠯᠯᠠᠬᠤ ᠴᠢᠬᠤᠯᠠ ᠠᠭᠤᠯᠭ᠎ᠠ ᠶᠢ ᠡᠵᠡᠮᠳᠡᠬᠦ ᠬᠡᠷᠡᠭᠲᠡᠶ ᠭᠡᠵᠦ ᠵᠢᠭᠠᠵᠤ ᠭᠠᠷᠭᠠᠪᠠ︔ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠢᠨᠠᠮᠠᠭᠠᠶ ᠰᠠᠶᠢᠲᠤᠷ ᠵᠣᠬᠢᠶᠠᠨ ᠪᠠᠶᠢᠭᠤᠯᠵᠤ᠂ ︽ᠪᠢ ᠣᠯᠠᠨ ᠲᠦᠮᠡᠨ ᠤ ᠲᠥᠯᠥᠭᠡ ᠪᠤᠳᠡᠳᠡᠢ ᠠᠵᠢᠯ ᠬᠢᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠠᠷᠠᠳ ᠤᠨ ᠪᠤᠳᠡᠳᠡᠢ ᠠᠵᠢᠯ ᠬᠢᠬᠦ ᠪᠣᠯᠭᠠᠨ ᠬᠤᠪᠢᠷᠠᠭᠤᠯᠵᠤ ᠬᠦᠴᠢᠷ ᠠᠰᠠᠭᠤᠳᠠᠯ ᠢ  ᠰᠢᠳᠪᠥᠷᠢᠯᠡᠬᠦ  ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠤᠰᠤᠨ ᠠᠰᠢᠭᠯᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号