ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠭᠦᠨᠵᠡᠭᠡᠶᠢᠷᠡᠭᠦᠯᠬᠦ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/8/6
     8 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠰᠡᠴᠡᠨᠪᠢᠯᠢᠭ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠥᠬᠦᠶ ᠲᠠᠯ᠎ᠠ ᠶᠢᠨ ᠬᠢᠨ ᠤ ᠰᠢ ᠶᠢᠨ ᠫᠢᠩ ᠶᠡᠷᠦᠩᠬᠡᠶ ᠱᠦᠵᠢ ᠶᠢᠨ ᠦᠪᠦᠷ ᠮᠤᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠭᠰᠠᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠠᠵᠢᠯ ᠢ ᠤᠯᠠᠮ ᠨᠢᠭᠡ ᠠᠯᠬᠤᠮ ᠰᠤᠳᠤᠯᠤᠨ ᠪᠠᠶᠢᠷᠢᠯᠠᠭᠤᠯᠪᠠ᠃
     ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠹᠠᠨ ᠵᠥᠩ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠵᠥᠩ ᠦ᠋᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠢᠦᠶ ᠲᠢᠶᠤ ᠵᠤ᠂ ᠰᠦ ᠰᠦᠤᠤ ᠯᠦᠩ᠂ ᠶᠡᠷᠦᠩᠬᠡᠶ ᠢᠨᠵᠧᠨᠧᠷ ᠵᠣᠣ ᠬᠠᠶ ᠴᠦᠨ᠂ ᠶᠡᠷᠦᠩᠬᠡᠶ ᠠᠵᠤ ᠠᠬᠤᠶᠢᠴᠢ ᠭᠤᠤ ᠬᠠᠶ ᠮᠢᠩ᠂ ᠦᠪᠦᠷ ᠮᠤᠩᠭᠤᠯ ᠶᠢᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢᠨ ᠰᠤᠳᠤᠯᠤᠨ ᠲᠦᠰᠦᠪᠯᠡᠬᠦ ᠬᠦᠷᠢᠶᠡᠯᠡᠩ ᠤᠨ ᠳᠠᠷᠤᠭ᠎ᠠ ᠸᠠᠩ ᠶᠠ ᠳ᠋ᠦᠩ᠂ ᠥᠪᠡᠷᠲᠡᠭᠡᠨ ᠵᠠᠰᠠᠬᠤ ᠣᠷᠣᠨ ᠤ ᠤᠰᠤᠨ ᠵᠦᠶ ᠤᠰᠤᠨ ᠤ ᠡᠬᠢ ᠪᠠᠶᠠᠯᠢᠭ ᠤᠨ ᠲᠥᠪ ᠤᠨ ᠡᠷᠬᠢᠯᠡᠭᠴᠢ ᠸᠠᠩ ᠨᠠᠨ ᠹᠤᠩ᠂ ᠲᠢᠩᠬᠢᠮ ᠤᠨ ᠪᠠᠶᠢᠭᠤᠯᠠᠭ᠎ᠠ ᠶᠢᠨ ᠡᠯ᠎ᠡ ᠭᠠᠵᠠᠷ ᠬᠡᠷ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠦᠪᠦᠷ ᠮᠤᠩᠭᠤᠯ ᠤᠨ ᠬᠥᠭᠵᠢᠯᠲᠡ ᠳᠤ ᠶᠡᠭᠡ ᠬᠦᠰᠡᠯ ᠨᠠᠶᠢᠳᠠᠯᠭ᠎ᠠ ᠲᠠᠯᠪᠢᠵᠤ᠂ ᠦᠪᠦᠷ ᠮᠤᠩᠭᠤᠯ ᠤᠨ ᠠᠵᠢᠯ ᠢ ᠰᠠᠶᠢᠲᠤᠷ ᠬᠢᠬᠦ ᠳᠤ ᠨᠢᠮᠪᠠᠢ ᠵᠢᠯᠤᠭᠤᠳᠤᠯᠭ᠎ᠠ ᠥᠭᠴᠦ᠂ ᠦᠪᠦᠷ ᠮᠤᠩᠭᠤᠯ ᠤᠨ ᠡᠯ᠎ᠡ ᠵᠦᠢᠯ ᠤᠨ ᠠᠵᠢᠯ ᠳᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠣᠳᠣᠬᠠᠨ ᠳᠤ᠂ ᠪᠦᠬᠦ ᠣᠷᠣᠨ ᠤ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠯ᠎ᠡ ᠵᠦᠢᠯ ᠤᠨ ᠠᠵᠢᠯ ᠲᠠᠰᠤᠷᠠᠯᠳᠠ ᠥᠭᠡᠢ ᠭᠦᠨᠵᠡᠭᠡᠶᠢᠷᠡᠵᠦ᠂ ᠵᠠᠷᠢᠮ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠤᠭᠰᠠᠨ ᠪᠣᠯᠪᠠᠴᠤ ᠪᠠᠰᠠ ᠵᠠᠷᠢᠮ ᠠᠰᠠᠭᠤᠳᠠᠯ ᠣᠷᠣᠰᠢᠵᠤ ᠪᠠᠶᠢᠭ᠎ᠠ ᠪᠣᠯᠬᠤᠷ᠂ ᠡᠷᠬᠡᠪᠰᠢ ᠡᠷᠴᠢᠮ ᠢᠶᠠᠨ ᠴᠢᠩᠭᠠᠷᠠᠭᠤᠯᠵᠤ ᠪᠠᠶᠢᠭᠠᠳ ᠰᠢᠳᠪᠥᠷᠢᠯᠠᠬᠦ ᠶᠢ ᠲᠥᠯᠬᠢᠨ ᠠᠬᠢᠭᠤᠯᠬᠤ ᠬᠡᠷᠡᠭᠲᠡᠶ᠃ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠠᠰᠤᠷᠠᠯᠲᠠ ᠦᠭᠡᠶ ᠪᠣᠳᠠᠲᠠᠶᠢᠵᠢᠭᠤᠯᠵᠤ᠂ ᠭᠦᠨᠵᠡᠭᠡᠶᠢᠷᠡᠭᠦᠯᠬᠦ ᠶᠢ ᠬᠦᠴᠦᠯᠡᠨ ᠠᠬᠢᠭᠤᠯᠵᠤ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠠᠵᠢᠯ ᠢᠶᠠᠨ ᠠᠬᠢᠭᠤᠯᠬᠤ᠂ ᠰᠢᠨ᠎ᠡ ᠪᠠᠶᠢᠳᠠᠯ ᠢ ᠪᠤᠢ ᠪᠣᠯᠭᠠᠬᠤ ᠦᠨᠳᠦᠷᠴᠡ ᠠᠴᠠ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠠᠷᠢᠨ ᠨᠢᠮᠪᠠᠢ ᠰᠤᠳᠤᠯᠵᠤ᠂ ᠡᠭᠦᠨ ᠤ ᠳᠤᠮᠳᠠ ᠠᠴᠠ ᠤᠯᠤᠰ ᠲᠦᠷᠦ ᠶᠢᠨ ᠴᠢᠭᠯᠡᠯ ᠢ ᠨᠡᠩ ᠰᠠᠶᠢᠲᠤᠷ ᠡᠵᠡᠮᠳᠡᠵᠦ᠂ ᠠᠵᠢᠯ ᠤᠨ ᠱᠠᠭᠠᠷᠳᠠᠯᠭ᠎ᠠ ᠶᠢ ᠣᠶᠢᠯᠠᠭᠠᠵᠤ᠂ ᠦᠢᠯᠡᠳᠦᠯᠭᠡ ᠶᠢᠨ ᠬᠠᠷᠢᠭᠤᠯᠲᠠ ᠶᠢ ᠡᠷᠢᠵᠦ᠂ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢ ᠶᠢᠨ ᠫᠢᠩ ᠶᠡᠷᠦᠩᠬᠡᠶ ᠱᠦᠵᠢ ᠶᠢᠨ ᠦᠪᠦᠷ ᠮᠤᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠷᠬᠡᠪᠰᠢ ᠪᠦᠬᠦ ᠲᠠᠯ᠎ᠠ ᠪᠠᠷ ᠣᠨᠣᠪᠴᠢᠲᠠᠢ᠂ ᠰᠢᠨᠵᠢᠯᠡᠬᠦ ᠤᠬᠠᠭᠠᠨᠴᠢ ᠰᠢᠰᠲ᠋ᠧᠮ ᠲᠠᠢ ᠪᠠᠶᠢᠬᠤ ᠶᠢ ᠪᠡᠶᠡᠯᠡᠭᠦᠯᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠴᠦ᠂ ᠤᠰᠤ ᠶᠢ ᠵᠠᠰᠠᠵᠤ ᠤᠰᠤ ᠶᠢ ᠮᠠᠨᠳᠤᠭᠤᠯᠬᠤ ᠠᠵᠢᠯ ᠤᠨ ᠦᠢᠯᠡᠳᠦᠯᠭᠡ ᠠᠵᠢᠯ ᠲᠠᠢ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠳᠡᠭᠡᠨ ᠴᠢᠳᠠᠮᠠᠭᠠᠢ ᠪᠠᠶᠢᠵᠤ᠂ ᠵᠠᠩᠭᠢᠯᠠᠭ᠎ᠠ ᠶᠢ ᠡᠵᠡᠮᠳᠡᠵᠦ᠂ ᠭᠤᠣᠯᠳᠠᠯᠭ᠎ᠠ ᠶᠢ ᠠᠳᠬᠤᠨ᠂ ᠭᠤᠣᠯ ᠳᠡᠳ᠋ ᠢ ᠲᠣᠳᠣᠷᠬᠠᠢ ᠢᠯᠭᠠᠵᠤ᠂ ᠨᠡᠩ ᠶᠡᠭᠡ ᠡᠷᠡᠰ ᠵᠣᠷᠢᠭ᠂ ᠨᠡᠩ ᠬᠦᠴᠦᠲᠡᠢ ᠠᠷᠭ᠎ᠠ  ᠬᠡᠮᠵᠢᠶ᠎ᠡ ᠪᠠᠷ ᠬᠦᠴᠦᠨ ᠢᠶᠠᠨ ᠲᠥᠪᠯᠡᠷᠡᠭᠦᠯᠦᠨ ᠬᠦᠴᠢᠷ ᠢ ᠲᠤᠭᠤᠯᠤᠨ ᠪᠡᠷᠬᠡ ᠶᠢ       ᠳᠠᠪᠠᠵᠤ᠂ ᠡᠷᠬᠡᠪᠰᠢ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠬᠤ ᠪᠠᠷ ᠴᠢᠷᠮᠠᠶᠢᠵᠤ᠂ ᠪᠦᠬᠦ ᠲᠠᠯ᠎ᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠲᠤ ᠪᠠᠢᠭᠤᠯᠵᠤ᠂ ᠬᠤᠯᠪᠣᠭᠳᠠᠯ ᠪᠦᠬᠦᠢ ᠭᠤᠣᠯᠳᠠᠯᠭ᠎ᠠ ᠲᠠᠢ ᠡᠭᠦᠷᠭᠡ᠂ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠡᠮᠬᠢᠯᠡᠨ ᠴᠡᠭᠴᠡᠯᠡᠵᠦ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠ ᠠᠵᠢᠯ ᠬᠤᠪᠢᠶᠠᠷᠢᠯᠠᠬᠤ ᠲᠥᠰᠦᠯ ᠢ ᠰᠤᠳᠤᠯᠤᠨ ᠨᠠᠷᠢᠯᠢᠬᠵᠢᠭᠤᠯᠵᠤ᠂ ᠡᠭᠦᠷᠭᠡ ᠶᠢᠨ ᠨᠠᠷᠢᠨ ᠬᠠᠭᠤᠳᠠᠰᠤ᠂ ᠠᠰᠠᠭᠤᠳᠠᠯ ᠤᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠬᠠᠷᠢᠭᠤᠴᠠᠯᠭ᠎ᠠ ᠶᠢᠨ ᠭᠤᠤᠯ ᠴᠣᠭᠴᠠ᠂ ᠪᠣᠳᠠᠲᠠᠶ ᠠᠷᠭ᠎ᠠ ᠬᠡᠮᠵᠢᠶ᠎ᠡ ᠪᠠ ᠪᠠᠷᠢᠮᠵᠢᠶ᠎ᠠ ᠱᠠᠭᠠᠷᠳᠠᠯᠭ᠎ᠠ ᠵᠡᠷᠭᠡ ᠶᠢ ᠵᠦᠢᠯ ᠳᠠᠷᠠᠭᠠᠯᠠᠨ ᠲᠣᠳᠣᠷᠬᠠᠶᠢᠯᠠᠵᠤ᠂ ᠮᠥᠷᠳᠡᠵᠦ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠠᠵᠢᠯ ᠤᠨ ᠴᠢᠭᠯᠡᠭᠦᠯᠦᠯᠲᠦ ᠴᠢᠨᠠᠷ᠂ ᠵᠢᠯᠣᠭᠤᠳᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠵᠤ᠂ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
          ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠡ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠣᠯᠣᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ᠂ ᠳᠠᠷᠠᠭᠠᠴᠢ ᠶᠢᠨ ᠱᠠᠲᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号