ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠨᠠᠮ ᠤᠨ ᠡᠭᠦᠷ ᠪᠣᠯᠤᠨ ᠪᠠᠲᠤᠯᠠᠪᠤᠷᠢ ᠶᠢᠨ ᠲᠥᠪ ᠤᠨ ᠨᠠᠮ ᠤᠨ ᠶᠡᠷᠦᠩᠬᠡᠢ ᠡᠭᠦᠷ ᠤᠨ ᠬᠢᠨ ᠪᠦᠦ ᠯᠢᠶᠠᠨ ᠪᠠᠭ᠎ᠠ ᠲᠣᠭᠤᠷᠢᠭ ᠤᠨ ᠰᠠᠭᠤᠭᠠᠯᠢ ᠡᠷᠦᠬᠡ ᠳᠤ ᠪᠣᠳᠠᠲᠠᠢ ᠠᠵᠢᠯ ᠬᠢᠵᠦ ᠥᠭᠴᠡᠢ
ᠨᠡᠶᠢᠲᠡᠯᠡᠭᠰᠡᠨ ᠴᠠᠭ᠄
2021/9/14
     9 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠤᠰᠤᠨ ᠠᠰᠢᠭᠯᠠᠯᠲᠠ ᠶᠢᠨ ᠲᠢᠩᠬᠢᠮ ᠪᠦᠦ ᠯᠢᠶᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠥᠬᠦ ᠤᠯᠤᠰ ᠤᠨ ᠪᠣᠯᠪᠠᠰᠤᠨ ᠬᠤᠲᠠ ᠶᠢ ᠬᠠᠮᠲᠤᠷᠠᠨ ᠴᠣᠭᠴᠠᠯᠠᠨ ᠪᠠᠶᠢᠭᠤᠯᠵᠤ ᠬᠠᠮᠲᠤ ᠪᠠᠷ ᠪᠥᠲᠥᠭᠡᠨ ᠪᠠᠶᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠂ ᠡᠨᠡ ᠬᠤᠭᠤᠴᠠᠭᠠᠨ ᠳᠤ ᠤᠰᠤᠨ ᠠᠰᠢᠭᠯᠠᠯᠲᠠ ᠶᠢᠨ ᠲᠢᠩᠬᠢᠮ ᠤᠨ ᠬᠤᠶᠢᠲᠤ ᠬᠦᠷᠢᠶᠡᠨ ᠤ 1  ᠳ᠋ᠤᠭᠡᠷ ᠨᠣᠮᠧᠷᠲᠤ ᠠᠰᠠᠷ ᠤᠨ ᠨᠠᠰᠤᠲᠠᠨ ᠰᠠᠶᠢᠨ ᠳᠤᠷ᠎ᠠ ᠶᠢᠨ ᠠᠵᠢᠯᠯᠠᠭᠴᠢ ᠳᠤ ᠲᠡᠳᠡᠨ ᠤ ᠬᠡᠷ ᠤᠨ ᠬᠡᠷᠡᠭᠰᠡᠯ ᠢ ᠬᠠᠪᠰᠤᠷᠤᠨ       ᠨᠡᠭᠦᠯᠭᠡᠵᠦ᠂ ᠤᠨᠲᠠᠯᠭ᠎ᠠ ᠶᠢᠨ ᠥᠷᠥᠭᠡᠨ ᠤ ᠪᠠᠶᠢᠷᠢᠰᠢᠯ ᠢ ᠲᠣᠬᠢᠷᠠᠭᠤᠯᠬᠤ ᠶᠢ ᠭᠤᠶᠤᠴᠢᠯᠠᠪᠠ᠃ ᠨᠠᠰᠤᠲᠠᠨ ᠤ ᠬᠦᠰᠡᠯ ᠱᠠᠭᠠᠷᠳᠠᠯᠭ᠎ᠠ ᠶᠢ ᠣᠯᠤᠭᠰᠠᠨ ᠤ ᠳᠠᠷᠠᠭ᠎ᠠ᠂ ᠲᠣᠰ ᠠᠰᠠᠷ ᠤᠨ ᠠᠰᠠᠷ ᠤᠨ ᠰᠠᠶᠢᠨ ᠳᠤᠷ᠎ᠠ ᠶᠢᠨ ᠠᠵᠢᠯᠯᠠᠭᠴᠢ ᠭᠡᠷ ᠲᠤ ᠨᠢ ᠬᠦᠷᠴᠦ ᠪᠠᠢᠳᠠᠯ ᠢ ᠣᠢᠯᠠᠭᠠᠪᠠ᠂ ᠨᠠᠰᠤᠲᠠᠨ ᠡᠨᠡ ᠵᠢᠯ 86 ᠨᠠᠰᠤᠲᠠᠶ᠂ ᠡᠩ ᠤᠨ ᠦᠶ᠎ᠡ ᠳᠤ ᠭᠠᠭᠴᠠᠭᠠᠷ ᠢᠶᠠᠨ ᠠᠮᠢᠳᠤᠷᠠᠨ᠂ ᠬᠥᠳᠡᠯᠵᠦ ᠪᠠᠷᠢᠬᠤ ᠳᠤ ᠵᠢᠭᠠᠬᠠᠨ ᠳᠥᠭᠦᠮ ᠦᠭᠡᠢ᠂ ᠦᠷ᠎ᠡ ᠬᠡᠤᠬᠡᠳ ᠨᠢ ᠠᠵᠢᠯ ᠵᠡᠷᠭᠡ ᠰᠢᠯᠲᠠᠭᠠᠨ ᠠᠴᠠ ᠪᠣᠯᠵᠣ ᠦᠷᠭᠦᠯᠵᠢ ᠢᠷᠡᠵᠦ ᠬᠠᠷᠠᠭᠠᠯᠵᠠᠬᠤ ᠶᠢᠨ ᠠᠷᠭ᠎ᠠ ᠥᠬᠡᠶ ᠪᠠᠶᠢᠬᠤ ᠶᠢ ᠣᠯᠵᠤ ᠮᠡᠳᠡᠵᠡᠶ᠃ ᠳᠤᠯᠠᠭᠠᠯᠠᠭ᠎ᠠ ᠶᠢᠨ ᠬᠤᠭᠤᠴᠠᠭ᠎ᠠ ᠣᠢᠷᠠᠲᠤᠯ᠎ᠠ᠂ ᠬᠡᠷ ᠤᠨ ᠬᠡᠷᠡᠭᠰᠡᠯ ᠤᠨ ᠪᠠᠶᠢᠷᠢᠰᠢᠭᠤᠯᠤᠯᠲᠠ ᠨᠢ ᠳᠤᠯᠠᠭᠠᠯᠠᠭ᠎ᠠ ᠶᠢᠨ ᠨᠡᠭᠡᠯᠡᠬᠡᠶ ᠶᠢ ᠬᠠᠯᠬᠠᠯᠠᠭᠰᠠᠨ ᠠᠴᠠ ᠪᠣᠯᠵᠣ᠂ ᠳᠤᠯᠠᠭᠠᠯᠠᠭ᠎ᠠ ᠶᠢᠨ ᠤᠰᠤ ᠭᠤᠭᠤᠵᠢᠬᠤ ᠳᠤ ᠨᠡᠭᠡᠯᠡᠬᠡᠶ ᠶᠢ ᠨᠢ ᠴᠠᠭ ᠲᠤᠬᠠᠶ ᠳᠤᠨᠢ ᠬᠠᠭᠠᠵᠤ ᠳᠡᠶᠢᠯᠬᠦ ᠥᠬᠡᠶ ᠠᠴᠠ ᠠᠶᠤᠵᠤ᠂ ᠰᠠᠶᠢᠨ ᠳᠤᠷ᠎ᠠ ᠶᠢᠨ ᠠᠵᠢᠯᠯᠠᠭᠴᠢ ᠶᠢ ᠬᠠᠪᠰᠤᠷᠴᠤ ᠬᠡᠷ ᠤᠨ ᠬᠡᠷᠡᠭᠰᠡᠯ ᠤᠨ ᠣᠷᠣᠨ ᠪᠠᠶᠢᠷᠢ ᠶᠢ ᠨᠢ ᠲᠣᠬᠢᠷᠠᠭᠤᠯᠬᠤ ᠶᠢ ᠬᠦᠰᠡᠪᠡ᠃ ᠰᠠᠶᠢᠨ ᠳᠤᠷ᠎ᠠ ᠶᠢᠨ ᠠᠵᠢᠯᠯᠠᠭᠴᠢ ᠨᠠᠰᠤᠲᠠᠨ ᠤ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ᠂ ᠤᠳᠤᠷᠢᠳᠤᠯᠭ᠎ᠠ ᠳᠤ ᠪᠠᠶᠢᠳᠠᠯ ᠢ ᠬᠠᠷᠢᠭᠤ ᠲᠤᠰᠬᠠᠬᠤ ᠶᠢᠨ ᠬᠠᠮᠲᠤ ᠲᠠᠷᠠᠭ᠎ᠠ ᠡᠳᠦᠷ ᠤᠨ ᠬᠢᠨᠢ ᠦᠳᠡ ᠶᠢᠨ ᠡᠮᠦᠨ᠎ᠡ ᠭᠡᠷ ᠲᠤ ᠨᠢ ᠬᠦᠷᠴᠦ ᠭᠡᠷ ᠤᠨ ᠬᠡᠷᠡᠭᠰᠡᠯ ᠢᠶᠠᠨ ᠨᠡᠭᠦᠯᠭᠡᠬᠦ ᠪᠠᠷ ᠪᠣᠯᠵᠣᠨ ᠲᠣᠭᠲᠠᠵᠠᠢ᠃
     9 ᠰᠠᠷ᠎ᠠ ᠶᠢᠨ 7 ᠤ ᠦᠳᠡ ᠶᠢᠨ ᠡᠮᠦᠨ᠎ᠡ᠂ ᠪᠦᠦ ᠯᠢᠶᠠᠨ ᠲᠣᠭᠤᠷᠢᠭ ᠤᠨ ᠠᠰᠠᠷ ᠤᠨ ᠤᠰᠤᠨ ᠠᠰᠢᠭᠯᠠᠯᠲᠠ ᠶᠢᠨ ᠲᠢᠩᠬᠢᠮ  ᠪᠠᠶᠢᠭᠤᠯᠭ᠎ᠠ ᠶᠢᠨ ᠨᠠᠮ ᠤᠨ ᠬᠤᠷᠢᠶᠠᠨ ᠤ ᠨᠠᠮ ᠤᠨ ᠡᠭᠦᠷ ᠪᠣᠯᠤᠨ ᠤᠰᠤᠨ ᠠᠰᠢᠭᠯᠠᠯᠲᠠ ᠶᠢᠨ ᠲᠢᠩᠬᠢᠮ ᠬᠢᠭᠡᠳ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠨᠠᠮ ᠤᠨ ᠶᠡᠷᠦᠩᠬᠡᠢ ᠡᠭᠦᠷ ᠨᠠᠮ ᠤᠨ ᠭᠡᠰᠢᠭᠦᠨ᠂ ᠺᠠᠳ᠋ᠷ ᠰᠠᠶᠢᠨ ᠳᠤᠷ᠎ᠠ ᠶᠢᠨ ᠠᠵᠢᠯᠯᠠᠭᠴᠢ ᠨᠡᠶᠢᠲᠡ 4 ᠬᠥᠮᠦᠨ ᠢ ᠲᠣᠮᠢᠯᠠᠵᠤ ᠲᠣᠭᠲᠠᠭᠰᠠᠨ ᠴᠠᠭ ᠲᠠᠭᠠᠨ ᠨᠡᠰᠦᠳᠡᠠ ᠤ ᠳᠤ ᠬᠦᠷᠴᠦ᠂ ᠨᠠᠰᠤᠲᠠᠶᠢᠴᠤᠳ ᠤᠨ ᠬᠦᠰᠡᠯ ᠢᠶᠠᠷ ᠬᠡᠷ ᠤᠨ ᠬᠡᠷᠡᠭᠰᠡᠯ ᠤᠨ ᠣᠷᠣᠨ ᠪᠠᠶᠢᠷᠢ ᠶᠢ ᠲᠣᠬᠢᠷᠠᠭᠤᠯᠵᠤ ᠡᠬᠢᠯᠡᠪᠡ᠃ ᠤᠨᠲᠠᠯᠭ᠎ᠠ ᠶᠢᠨ ᠥᠷᠥᠭᠡᠨ ᠨᠢ ᠢᠪᠴᠤᠤ᠂ ᠭᠡᠷ ᠤᠨ ᠡᠳ᠋ᠯᠡᠯ ᠠᠷᠪᠢᠨ ᠲᠤᠯᠠ ᠰᠠᠶᠢᠨ ᠳᠤᠷ᠎ᠠ ᠶᠢᠨ ᠠᠵᠢᠯᠲᠠᠳ ᠲᠠᠬᠢᠨ ᠳᠠᠪᠲᠠᠨ ᠬᠡᠮᠵᠢᠨ ᠬᠠᠷᠭᠤᠭᠤᠯᠵᠤ᠂ ᠬᠠᠮᠤᠭ ᠡᠴᠦᠰ ᠲᠤ ᠲᠣᠬᠢᠷᠠᠮᠵᠢᠲᠠᠶ ᠪᠠᠶᠢᠷᠢ ᠶᠢ ᠲᠣᠭᠲᠠᠭᠠᠭᠰᠠᠨ ᠪᠠᠶᠢᠨ᠎ᠠ᠃ ᠨᠢᠭᠡ ᠴᠠᠭ ᠭᠠᠷᠤᠢ ᠶᠠᠭᠠᠷᠠᠭᠰᠠᠨ ᠤ ᠳᠠᠷᠠᠭ᠎ᠠ᠂ ᠤᠨᠲᠠᠬᠤ ᠥᠷᠥᠭᠡᠨ ᠤ ᠭᠡᠷ ᠤᠨ ᠡᠳ᠋ᠯᠡᠯ ᠬᠡᠷᠡᠭᠰᠡᠯ ᠡᠪᠲᠡᠢ ᠪᠠᠢᠷᠢᠨ ᠳᠤ ᠲᠣᠬᠢᠷᠠᠭᠤᠯᠤᠨ᠂ ᠳᠤᠯᠠᠭᠠᠯᠠᠭ᠎ᠠ ᠶᠢᠨ ᠨᠡᠭᠡᠯᠡᠬᠡᠶ ᠶᠢ ᠢᠯᠡ ᠪᠣᠯᠭᠠᠨ᠂ ᠨᠠᠰᠤᠲᠠᠨ ᠤ ᠰᠠᠨᠠᠭ᠎ᠠ ᠵᠣᠪᠠᠨᠢᠯ ᠢ ᠠᠷᠢᠯᠭᠠᠪᠠ᠃
     ᠦᠳᠡ ᠶᠢᠨ ᠬᠤᠶᠢᠨ᠎ᠠ᠂ ᠰᠠᠶᠢᠨ ᠳᠤᠷ᠎ᠠ ᠶᠢᠨ ᠠᠵᠢᠯᠲᠠᠨ ᠤ ᠲᠥᠯᠥᠭᠡᠯᠡᠭᠴᠢ ᠨᠡᠰᠦᠳᠡᠠ ᠤ ᠭᠡᠷ ᠲᠤ ᠬᠦᠷᠴᠦ ᠰᠤᠷᠪᠤᠯᠵᠢᠯᠠᠭ᠎ᠠ ᠠᠪᠴᠠᠢ᠂ ᠲᠤᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠬᠠᠢ ᠰᠠᠨᠠᠯ ᠰᠠᠨᠠᠭᠤᠯᠭ᠎ᠠ ᠶᠢ ᠯᠠᠪᠯᠠᠨ ᠠᠰᠠᠭᠤᠬᠤ ᠶᠢᠨ ᠬᠠᠮᠲᠤ ᠪᠦᠬᠦᠯᠢ ᠴᠣᠭᠴᠠ ᠶᠢᠨ ᠦᠨᠡᠯᠡᠯᠲᠡ᠂ ᠦᠢᠯᠡᠴᠢᠯᠡᠬᠦ ᠣᠪᠣᠷ᠂ ᠠᠵᠢᠯ ᠤᠨ ᠦᠷ᠎ᠡ ᠪᠦᠲᠦᠮᠵᠢ᠂ ᠦᠭᠡ ᠶᠠᠷᠢᠶ᠎ᠠ ᠦᠢᠯᠡ ᠠᠵᠢᠯᠯᠠᠭ᠎ᠠ᠂ ᠪᠣᠯᠪᠠᠰᠤᠨ ᠲᠦᠷᠢ ᠲᠥᠷᠬᠦ᠂ ᠠᠵᠢᠯ ᠤᠨ ᠰᠠᠬᠢᠯᠭ᠎ᠠ ᠪᠠᠲᠤ ᠵᠡᠷᠭᠡ 6 ᠲᠠᠯ᠎ᠠ ᠶᠢᠨ ᠠᠭᠤᠯᠭ᠎ᠠ ᠳᠤ ᠴᠢᠭᠯᠡᠭᠦᠯᠦᠨ ᠬᠠᠨᠤᠮᠵᠢ ᠶᠢᠨ  ᠬᠡᠮᠵᠢᠶ᠎ᠡ ᠶᠢᠨ ᠠᠰᠠᠭᠤᠯᠲᠠ ᠶᠢᠨ ᠬᠠᠭᠤᠳᠠᠰᠤ ᠥᠭᠴᠡᠢ᠂ ᠨᠠᠰᠤᠲᠠᠨ ᠰᠠᠶᠢᠨ ᠳᠤᠷ᠎ᠠ ᠶᠢᠨ ᠠᠵᠢᠯᠲᠠᠳ ᠤᠨ ᠬᠠᠪᠰᠤᠷᠤᠯᠭ᠎ᠠ ᠳᠡᠮᠵᠢᠯᠭᠡ ᠳᠤ ᠮᠠᠰᠢ ᠬᠠᠨᠤᠮᠵᠢᠲᠠᠢ ᠪᠠᠢᠬᠤ᠂ ᠤᠯᠠᠨ ᠤ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠢᠭ᠎ᠠ ᠪᠠᠨ ᠢᠯᠡᠷᠬᠡᠢᠯᠡᠭᠰᠡᠨ ᠮᠥᠷᠲᠡᠭᠡᠨ ᠤᠰᠤᠨ ᠠᠰᠢᠭᠯᠠᠯᠲᠠ ᠶᠢᠨ ᠲᠢᠩᠬᠢᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢᠶᠠᠨ ᠦᠷᠭᠦᠯᠵᠢᠯᠡᠨ ᠰᠠᠶᠢᠲᠤᠷ ᠬᠢᠬᠦ ᠶᠢ ᠬᠦᠰᠡᠵᠦ ᠪᠠᠶᠢᠨ᠎ᠠ᠃ ᠰᠠᠶᠢᠨ ᠳᠤᠷ᠎ᠠ ᠶᠢᠨ ᠠᠵᠢᠯᠯᠠᠭᠴᠢᠳ ᠪᠠᠰᠠ ︽ᠪᠢ ᠣᠯᠠᠨ ᠲᠦᠮᠡᠨ ᠤ ᠲᠥᠯᠥᠭᠡ ᠪᠤᠳᠡᠳᠡᠢ ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠲᠣᠭᠤᠷᠢᠨ ᠳᠤ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠤᠨ ᠠᠰᠠᠭᠤᠳᠠᠯ ᠢ ᠦᠨᠡᠨᠬᠦ ᠣᠶᠢᠯᠠᠭᠠᠵᠤ᠂ ᠡᠯ᠎ᠡ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠶ ᠪᠠᠷ ᠥᠷᠨᠢᠭᠦᠯᠵᠦ᠂ ᠪᠦᠦ ᠯᠢᠶᠠᠨ ᠨᠡᠶᠢᠭᠡᠮ ᠲᠣᠭᠤᠷᠢᠭ ᠲᠤ ᠦᠨᠡᠨ ᠪᠣᠳᠠᠲᠠᠶ ᠠᠵᠢᠯ ᠬᠢᠵᠦ᠂ ᠣᠯᠠᠨ ᠤ ᠰᠠᠨᠠᠭ᠎ᠠ ᠵᠣᠪᠠᠵᠤ ᠪᠠᠶᠢᠭ᠎ᠠ ᠰᠡᠳᠬᠢᠯ ᠤᠨ ᠰᠢᠨᠠᠯᠤᠯᠭ᠎ᠠ ᠲᠠᠢ ᠪᠠᠢᠳᠠᠯ ᠢ ᠢ ᠦᠨᠡᠨ ᠬᠦ ᠰᠢᠳᠪᠥᠷᠢᠯᠡᠨ᠎ᠡ ᠭᠡᠵᠦ ᠢᠯᠡᠷᠬᠡᠶᠢᠯᠡᠵᠡᠶ᠃
     
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号