ᠺᠣᠮᠫᠠᠨᠢ ᠶᠢᠨ 2021 ᠣᠨ ᠤ ᠨᠠᠢᠮᠠᠨ ᠰᠠᠷ᠎ᠠ ᠶᠢᠨ ᠠᠷᠪᠠᠨ ᠲᠠᠪᠤᠨ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ︽ᠳᠥᠷᠪᠡᠨ ᠰᠤᠷᠲᠠᠯ︾ ᠢ ᠵᠠᠯᠠᠷᠠᠭᠤᠯᠵᠤ ᠰᠢᠨ᠎ᠡ ᠰᠤᠷᠲᠠᠯ ᠢ ᠪᠣᠶ ᠪᠣᠯᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/9/23
      ᠺᠣᠮᠫᠠᠨᠢ ᠡᠯ᠎ᠡ  ᠨᠢᠭᠡᠴᠢ ᠳᠤ ᠬᠠᠷᠢᠶᠠᠯᠠᠭᠳᠠᠨ᠎ᠠ᠄      2021 ᠣᠨ ᠤ  ᠨᠠᠢᠮᠠᠨ ᠰᠠᠷ᠎ᠠ ᠶᠢᠨ  ᠠᠷᠪᠠᠨ ᠲᠠᠪᠤᠨ᠂ ᠤᠯᠤᠰ ᠤᠨ ᠪᠠᠶᠠᠷ ᠤᠳᠠᠯ ᠥᠬᠡᠶ ᠬᠦᠷᠴᠦ ᠢᠷᠡᠬᠦ ᠭᠡᠵᠦ  ᠪᠠᠶᠢᠭ᠎ᠠ ᠲᠠᠰᠢᠷᠠᠮ ᠳᠤ᠂ ︽ᠳᠥᠷᠪᠡᠨ ᠰᠤᠷᠲᠠᠯ︾ ᠤᠨ ᠠᠰᠠᠭᠤᠳᠠᠯ ᠤᠨ ᠳᠠᠬᠢᠨ ᠡᠭᠦᠰᠬᠦ ᠶᠢ ᠡᠷᠡᠰ ᠰᠡᠷᠭᠡᠶᠢᠯᠡᠨ᠂ ᠺᠣᠮᠫᠠᠨᠢ ᠶᠢᠨ ᠰᠤᠷᠲᠠᠯ ᠤᠨ ᠪᠠᠶᠢᠭᠤᠯᠤᠯᠲᠠ ᠶᠢ ᠣᠷᠳᠣ ᠬᠤᠭᠤᠴᠠᠭ᠎ᠠ ᠪᠠᠷ ᠰᠠᠶᠢᠲᠤᠷ ᠠᠳᠬᠤᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ      ᠺᠣᠮᠫᠠᠨᠢ ᠶᠢᠨ ᠨᠠᠮ ᠤᠨ ᠭᠡᠰᠢᠭᠦᠨ᠂ ᠺᠠᠳ᠋ᠷ ᠪᠠ ᠠᠵᠢᠯᠳᠠᠨ ᠠᠵᠢᠯᠴᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠰᠠᠬᠢᠯᠭ᠎ᠠ ᠪᠠᠲᠤ ᠪᠠ ᠶᠣᠰᠣ ᠲᠦᠷᠢᠮ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠭᠠᠵᠢᠭᠤ ᠰᠤᠷᠲᠠᠯ ᠢ ᠡᠷᠡᠰ ᠡᠰᠡᠷᠭᠦᠴᠡᠨ ᠬᠤᠷᠢᠭᠯᠠᠵᠤ᠂ ᠰᠢᠯᠢᠳᠡᠭ ᠰᠤᠷᠲᠠᠯ ᠢ ᠶᠡᠭᠡ ᠪᠠᠷ ᠪᠠᠳᠠᠷᠠᠭᠤᠯᠬᠤ ᠬᠡᠷᠡᠭᠲᠡᠶ᠃ ᠺᠣᠮᠫᠠᠨᠢ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠷᠢᠭᠤᠨ ᠴᠢᠬᠡᠴᠢ ᠪᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ ᠲᠠᠯ᠎ᠠ ᠪᠠᠷ ︽ᠲᠦᠷᠦᠭᠦᠴᠢ ᠶᠢᠨ ᠭᠠᠯᠠᠭᠤ ᠶᠢᠨ ᠦᠢᠯᠡᠳᠦᠯ︾ ᠢᠶᠠᠨ ᠪᠠᠳᠠᠷᠠᠭᠤᠯᠬᠤ ᠬᠡᠷᠡᠭᠲᠡᠶ᠃ ᠪᠠᠶᠠᠷ ᠤᠨ ᠡᠳᠦᠷ ᠤᠨ ᠬᠤᠭᠤᠴᠠᠭᠠᠨ ᠳᠤ ᠣᠨᠴᠠᠭᠠᠶᠢᠯᠠᠨ᠄ ᠠᠯᠪᠠᠨ ᠤ ᠵᠣᠭᠤᠰ ᠢᠶᠠᠷ ᠰᠠᠷᠠᠨ ᠪᠣᠭᠤᠷᠰᠤᠭ᠂  ᠨᠠᠢᠮᠠᠯᠵᠢ ᠵᠡᠷᠭᠡ ᠡᠯ᠎ᠡ ᠵᠦᠶᠯ ᠤᠨ  ᠪᠡᠯᠡᠭ ᠬᠤᠳᠠᠯᠳᠤᠨ  ᠠᠪᠴᠤ ᠬᠦᠷᠭᠡᠬᠦ ᠶᠢ ᠴᠢᠩᠭ᠎ᠠ ᠴᠠᠭᠠᠵᠠᠯᠠᠨ᠎ᠠ︔ ᠨᠥᠬᠦᠪᠥᠷᠢ᠂ ᠱᠠᠩᠨᠠᠯ ᠤᠨ ᠮᠥᠩᠭᠦ ᠪᠠ ᠪᠣᠳᠠᠲᠤ ᠶᠠᠭᠤᠮ᠎ᠠ ᠶᠢ ᠲᠣᠭᠲᠠᠭᠠᠯ ᠠᠴᠠ ᠵᠥᠷᠢᠴᠡᠨ ᠣᠯᠭᠤᠬᠤ ᠶᠢ ᠴᠢᠩᠭ᠎ᠠ ᠴᠠᠭᠠᠵᠠᠯᠠᠨ᠎ᠠ︔ ᠠᠯᠪᠠᠨ ᠤ ᠵᠣᠭᠤᠰ ᠢᠶᠠᠷ ᠬᠠᠷᠢᠯᠴᠠᠨ  ᠳᠠᠶᠢᠯᠠᠬᠤ᠂ ᠵᠢᠭᠤᠯᠴᠢᠯᠠᠬᠤ ᠪᠠ ᠥᠨᠳᠥᠷ ᠬᠡᠷᠡᠭᠯᠡᠭᠡᠨ ᠤ ᠵᠤᠭ᠎ᠠ ᠴᠡᠩᠭᠡᠯ ᠪᠡᠶ᠎ᠡ ᠴᠢᠭᠢᠷᠠᠭᠵᠢᠭᠤᠯᠬᠤ  ᠬᠥᠳᠡᠯᠭᠡᠭᠡᠨ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ︔ ᠡᠯ᠎ᠡ ᠲᠥᠷᠥᠯ ᠤᠨ ᠬᠤᠪᠣᠷ ᠴᠤᠬᠠᠭ ᠣᠨᠴᠠ ᠭᠠᠷᠤᠯᠲᠠ ᠵᠢᠴᠢ ᠪᠤᠰᠤᠳ ᠪᠡᠯᠡᠭ ᠂ ᠸᠢᠴᠠᠲ ᠤᠨ ᠤᠯᠠᠭᠠᠨ ᠪᠠᠭᠯᠠᠭ᠎ᠠ ᠵᠢᠴᠢ ᠪᠤᠰᠤᠳ ᠬᠡᠯᠪᠡᠷᠢ ᠶᠢᠨ ᠪᠡᠯᠡᠭ ᠤᠨ ᠵᠣᠭᠤᠰ᠂ ᠬᠡᠷᠡᠭᠯᠡᠭᠡᠨ ᠤ ᠺᠠᠷᠲ ᠵᠡᠷᠭᠡ ᠶᠢ ᠲᠣᠭᠲᠠᠭᠠᠯ  ᠠᠴᠠ ᠵᠥᠷᠢᠴᠡᠨ ᠭᠥᠯᠢᠶᠡᠨ ᠠᠪᠴᠤ ᠬᠦᠷᠭᠡᠬᠦ ᠶᠢ ᠴᠢᠩᠭ᠎ᠠ ᠴᠠᠭᠠᠵᠠᠯᠠᠨ᠎ᠠ︔ ᠲᠣᠭᠲᠠᠭᠠᠯ ᠢ ᠵᠥᠷᠢᠴᠡᠨ ᠬᠤᠷᠢᠮ ᠪᠡᠯᠪᠡᠰᠦᠷᠡᠯ ᠤᠨ ᠶᠠᠪᠤᠳᠠᠯ ᠢ ᠬᠢᠬᠦ ᠪᠤᠶᠤ ᠵᠠᠪᠰᠢᠶᠠᠨ ᠢ ᠳᠠᠯᠢᠮᠳᠠᠭᠤᠯᠤᠨ ᠡᠳ᠋ ᠠᠰᠢᠭ ᠤᠯᠬᠤ ᠶᠢ ᠴᠢᠩᠭ᠎ᠠ ᠴᠠᠭᠠᠵᠠᠯᠠᠨ᠎ᠠ︔ ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠬᠦ᠂ ︽ᠬᠤᠪᠢ ᠶᠢᠨ ᠲᠡᠷᠭᠡ ᠶᠢ ᠠᠯᠪᠠᠨ ᠳᠤ       ᠲᠡᠵᠢᠭᠡᠬᠦ︾ ᠵᠢᠴᠢ  ᠬᠠᠮᠢᠶᠠᠷᠬᠤ ᠪᠠ ᠦᠶᠯᠡᠴᠢᠯᠡᠬᠦ ᠡᠲᠡᠭᠡᠳ ᠲᠡᠷᠭᠡ ᠬᠥᠰᠬᠡ ᠶᠢ ᠵᠢᠭᠡᠯᠡᠬᠦ ᠶᠢ ᠴᠢᠩᠭ᠎ᠠ       ᠴᠠᠭᠠᠵᠠᠯᠠᠨ᠎ᠠ︔ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ ᠶᠢ ᠴᠢᠩᠭ᠎ᠠ ᠴᠠᠭᠠᠵᠠᠯᠠᠨ᠎ᠠ︔ ᠲᠣᠭᠲᠠᠭᠠᠯ ᠢ ᠵᠥᠷᠢᠴᠡᠨ ᠬᠤᠪᠢ ᠬᠥᠮᠦᠨ ᠤ ᠨᠠᠶᠢᠷ ᠨᠠᠭᠠᠳᠤᠮ ᠤᠨ ᠭᠠᠵᠠᠷ ᠲᠤ ᠣᠷᠣᠵᠤ ᠭᠠᠷᠬᠤ ᠶᠢ ᠴᠢᠩᠭ᠎ᠠ  ᠴᠠᠭᠠᠵᠠᠯᠠᠵᠤ᠂ ᠲᠣᠭᠲᠠᠭᠠᠯ ᠢ ᠵᠥᠷᠢᠴᠡᠨ ᠨᠤᠲᠤᠭ ᠤᠨ ᠬᠥᠮᠦᠰ ᠤᠨ  ᠴᠤᠭᠯᠠᠭᠠᠨ᠂ ᠰᠤᠷᠭᠠᠭᠤᠯᠢ ᠶᠢᠨ ᠨᠠᠶᠢᠵᠠ ᠶᠢᠨ  ᠴᠤᠭᠯᠠᠭᠠᠨ᠂ ᠳᠠᠶᠢᠢᠴᠢᠨ ᠨᠥᠬᠦᠳ ᠤᠨ  ᠴᠤᠭᠯᠠᠭᠠᠨ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ︔ ᠬᠠᠮᠢᠶᠠᠷᠤᠯᠲᠠ ᠪᠠ ᠦᠶᠯᠡᠴᠢᠯᠡᠬᠦ ᠡᠲᠡᠭᠡᠳ ᠤᠨ ᠲᠣᠬᠢᠷᠠᠭᠤᠯᠤᠭᠰᠠᠨ ᠳᠠᠶᠢᠯᠠᠯᠭ᠎ᠠ ᠪᠠ ᠵᠢᠭᠤᠯᠴᠢᠯᠠᠯ ᠵᠡᠷᠭᠡ ᠠᠵᠢᠯᠯᠠᠭ᠎ᠠ ᠶᠢ ᠲᠣᠭᠲᠠᠭᠠᠯ  ᠠᠴᠠ ᠵᠥᠷᠢᠴᠡᠨ ᠭᠥᠯᠢᠶᠡᠨ ᠠᠪᠬᠤ ᠶᠢ ᠴᠢᠩᠭ᠎ᠠ ᠴᠠᠭᠠᠵᠠᠯᠠᠨ᠎ᠠ︔  ᠮᠥᠷᠥᠢ ᠲᠠᠢ ᠲᠣᠭᠯᠠᠭᠠᠮ  ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ︔ ᠬᠡᠯᠪᠡᠷᠢ ᠶᠢᠨ ᠦᠵᠡᠯ᠂ ᠨᠤᠶᠠᠨᠴᠢ ᠦᠵᠡᠯ ᠶᠠᠪᠤᠭᠤᠯᠬᠤ ᠶᠢ ᠴᠢᠩᠭ᠎ᠠ ᠴᠠᠭᠠᠵᠠᠯᠠᠨ᠎ᠠ︔ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠥᠷᠢᠴᠡᠬᠦ ᠶᠢ ᠴᠢᠩᠭ᠎ᠠ ᠴᠠᠭᠠᠵᠠᠯᠠᠨ᠎ᠠ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠵᠥᠷᠢᠴᠡᠭᠰᠡᠨ ᠵᠡᠷᠭᠡ ᠡᠯ᠎ᠡ ᠵᠦᠢᠯ ᠤᠨ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ᠬᠤᠶᠠᠷ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ      ᠺᠣᠮᠫᠠᠨᠢ ᠶᠢᠨ ᠡᠯ᠎ᠡ ᠱᠠᠲᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠤᠷᠲᠠᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠤᠯᠤᠰ ᠲᠦᠷᠦ ᠶᠢᠨ ᠲᠠᠯ᠎ᠠ ᠠᠴᠠ ᠲᠠᠨᠢᠵᠤ᠂ ᠡᠭᠦᠷᠢᠳᠡ ᠵᠤᠭᠰᠤᠰᠢ ᠦᠭᠡᠢ ᠤᠷᠤᠭᠰᠢᠯᠠᠬᠤ ᠬᠠᠲᠠᠭᠤ ᠵᠣᠷᠢᠭ ᠪᠠ ᠬᠠᠳᠠᠨ ᠵᠣᠷᠢᠭ ᠢᠶᠠᠷ ᠲᠥᠪ ᠬᠤᠷᠢᠶᠠᠨ ᠤ  ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠤᠨ᠎ᠠ᠃ ᠰᠠᠨᠠᠭᠠᠴᠢᠯᠠᠭ᠎ᠠ ᠠᠴᠠ ᠪᠠᠨ  ᠠᠵᠢᠯ ᠶᠠᠪᠤᠳᠠᠯ ᠢ ᠡᠭᠦᠷᠭᠡᠯᠡᠨ ᠬᠢᠵᠦ᠂  ᠨᠠᠢᠮᠠᠨ ᠰᠠᠷ᠎ᠠ ᠶᠢᠨ  ᠠᠷᠪᠠᠨ ᠲᠠᠪᠤᠨ᠂ ᠤᠯᠤᠰ ᠤᠨ ᠪᠠᠶᠠᠷ ᠤᠨ ᠬᠤᠭᠤᠴᠠᠭᠠᠨ ᠳᠤ ︽ᠳᠥᠷᠪᠡᠨ ᠰᠤᠷᠲᠠᠯ︾ ᠢ ᠵᠠᠯᠠᠷᠠᠭᠤᠯᠵᠤ ᠰᠢᠨ᠎ᠡ ᠰᠤᠷᠲᠠᠯ ᠢ ᠪᠣᠶ ᠪᠣᠯᠭᠠᠬᠤ ᠵᠢᠴᠢ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠠᠵᠢᠯ ᠢ ᠤᠷᠢᠳᠴᠢᠯᠠᠨ ᠳᠣᠭᠢᠷᠠᠭᠤᠯᠤᠨ ᠪᠠᠶᠢᠷᠢᠯᠠᠭᠤᠯᠬᠤ ᠬᠡᠷᠡᠭᠲᠡᠶ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠡ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠤᠶᠢᠢᠷ᠎ᠠ ᠶᠢᠨ ᠬᠤᠭᠤᠴᠠᠭᠠᠨ ᠳᠤ ᠨᠡᠶᠢᠲᠡᠯᠡᠨ ᠢᠯᠡᠴᠢᠯᠡᠭᠰᠡᠨ ᠲᠥᠪ ᠤᠨ ᠨᠠᠶᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠭᠡᠷᠡᠭ ᠤᠨ ᠵᠢᠱᠢᠶ᠎ᠡ  ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠰᠤᠷᠤᠯᠴᠠᠵᠤ᠂ ᠡᠷᠲᠡ︽ᠰᠡᠷᠭᠡᠶᠢᠯᠡᠬᠦ ᠲᠠᠷᠢᠯᠭ᠎ᠠ︾ᠲᠠᠷᠢᠵᠤ᠂ ᠦᠷᠭᠦᠯᠵᠢ ︽ᠴᠠᠭᠠᠷᠢᠭ ᠤᠨ ᠲᠠᠷᠨᠢ︾  ᠶᠢ ᠤᠩᠰᠢᠵᠤ᠂ ᠲᠤᠰ ᠨᠢᠭᠡᠴᠡ ᠶᠢᠨ ᠢᠶᠠᠨ ᠪᠠᠶᠠᠷ ᠤᠨ ᠡᠳᠦᠷ ᠤᠨ ᠬᠤᠭᠤᠴᠠᠭᠠᠨ ᠳᠤ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ᠃      ᠭᠤᠷᠪᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠨ᠎ᠡ      ᠺᠣᠮᠫᠠᠨᠢ ᠶᠢᠨ ᠬᠠᠷᠢᠶ᠎ᠠ ᠡᠯ᠎ᠡ  ᠨᠢᠭᠡᠴᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯᠲᠠᠳ ︽ᠭᠤᠷᠪᠠᠨ ᠥᠬᠡᠶ︾ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ  ᠰᠢᠰᠲ᠋ᠧᠮ ᠲᠠᠢ ᠪᠠᠷ ᠵᠠᠰᠠᠬᠤ᠂ ᠦᠩᠭᠡᠨ ᠲᠠᠯ᠎ᠠ ᠪᠠ ᠤᠭ ᠦᠨᠲᠦᠰᠦ ᠶᠢ ᠨᠢ ᠵᠡᠷᠭᠡᠪᠡᠷ ᠵᠠᠰᠠᠬᠤ᠂ ᠬᠠᠭᠤᠴᠢᠨ ᠠᠰᠠᠭᠤᠳᠠᠯ ᠲᠠᠬᠢᠨ ᠡᠭᠦᠰᠬᠦ ᠶᠢ ᠰᠡᠷᠭᠡᠶᠢᠯᠡᠨ᠂ ᠰᠢᠨ᠎ᠡ ᠠᠰᠠᠭᠤᠳᠠᠯ ᠡᠭᠦᠰᠬᠦ᠂ ᠪᠠᠭ᠎ᠠ ᠠᠰᠠᠭᠤᠳᠠᠯ ᠶᠡᠭᠡ ᠪᠣᠯᠬᠤ ᠶᠢ ᠰᠡᠷᠭᠡᠶᠢᠯᠡᠬᠦ ᠬᠡᠷᠡᠭᠲᠡᠢ᠃ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠵᠠᠷᠯᠠᠨ ᠮᠡᠳᠡᠭᠳᠡᠵᠦ ᠢᠯᠡᠴᠢᠯᠡᠬᠦ ᠪᠠᠨ ᠴᠢᠩᠭᠠᠳᠬᠠᠵᠤ᠂ ︽ᠳᠥᠷᠪᠡᠨ ᠰᠤᠷᠲᠠᠯ︾ ᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠬᠦ ᠬᠡᠷᠡᠭᠲᠡᠶ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠲᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠬᠤ ᠬᠡᠷᠡᠭᠲᠡᠶ᠃ ᠮᠣᠳᠣ ᠶᠢ ᠵᠠᠰᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠬᠤ ᠬᠡᠷᠡᠭᠲᠡᠢ᠂ ᠺᠣᠮᠫᠠᠨᠢ ᠶᠢᠨ ᠨᠠᠮ ᠤᠨ ᠭᠡᠰᠢᠭᠦᠨ ᠺᠠᠳ᠋ᠷ ᠪᠣᠯᠤᠨ ᠠᠵᠢᠯᠳᠠᠨ ᠠᠵᠢᠯᠴᠢᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠢᠯᠢᠳᠡᠭ ᠰᠤᠷᠲᠠᠯ ᠢ ᠨᠢ ᠪᠠᠳᠠᠷᠠᠭᠤᠯᠵᠤ᠂ ᠠᠷᠢᠭᠤᠨ ᠴᠢᠬᠡᠴᠢ ᠪᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ ᠰᠠᠶᠢᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠶ᠃      ᠣᠶᠢᠷ᠎ᠠ  ᠶᠢᠨ ᠬᠤᠭᠤᠴᠠᠭᠠᠨ ᠳᠤ ᠺᠣᠮᠫᠠᠨᠢ  ᠠᠴᠠ ᠺᠣᠮᠫᠠᠨᠢ ᠳᠤ ᠬᠠᠷᠢᠶᠠᠯᠠᠭᠳᠠᠬᠤ ᠡᠯ᠎ᠡ  ᠨᠢᠭᠡᠴᠢ  ᠶᠢᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ  ᠢ ᠰᠣᠩᠭᠤᠨ ᠪᠠᠶᠢᠴᠠᠭᠠᠬᠤ ᠠᠵᠢᠯ  ᠢ ᠵᠣᠬᠢᠶᠠᠨ ᠪᠠᠶᠢᠭᠤᠯᠬᠤ ᠪᠣᠯᠤᠨ᠎ᠠ᠃      ᠢᠯᠡᠴᠢᠯᠡᠨ ᠮᠡᠳᠡᠭᠦᠯᠬᠦ ᠤᠲᠠᠰᠤ᠄ 0471-2849911 2849902      ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ  ᠤᠨ ᠬᠠᠳᠤᠨ ᠭᠤᠣᠯ ᠤᠨ ᠢᠨᠵᠧᠨᠧᠷᠢᠩ ᠤᠨ ᠲᠣᠪᠴᠢᠶᠠᠨ ᠤ  ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ      ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠺᠤᠮᠢᠰ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号