ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠤᠤᠯ ᠳᠤᠭᠤᠶᠢᠯᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠰᠤᠳᠤᠯᠤᠨ ᠶᠠᠷᠢᠯᠴᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/11/16
    11 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠳᠤᠭᠤᠶᠢᠯᠠᠩ ᠥᠷᠭᠡᠳᠬᠡᠭᠰᠡᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠨ ᠰᠤᠳᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠧᠦ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠢᠩᠬᠢᠮ ᠤᠨ ᠤᠳᠤᠷᠢᠳᠤᠯᠭ᠎ᠠ ᠵᠣᠣ ᠴᠠᠩ ᠴᠢᠩ᠂ ᠹᠠᠨ ᠵᠥᠩ᠂ ᠵᠣᠣ ᠵᠥᠩ ᠦ᠋ ᠰᠤᠷᠤᠯᠴᠠᠯᠭ᠎ᠠ ᠳᠤ ᠣᠷᠣᠯᠴᠠᠭᠰᠠᠨ ᠪᠥᠭᠡᠳ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠲᠢᠩᠬᠢᠮ ᠤᠨ ᠳᠡᠳ᠋ ᠳᠠᠷᠤᠭ᠎ᠠ ᠯᠢ ᠪᠢᠨ ᠰᠤᠷᠤᠯᠴᠠᠯᠭ᠎ᠠ ᠳᠤ ᠣᠷᠣᠯᠴᠠᠪᠠ᠃    ᠱᠧᠩ ᠰᠢᠶᠣᠣ ᠶᠧᠦ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠤᠳᠤᠷᠢᠳᠬᠤ ᠭᠤᠣᠯᠯᠠᠭᠴᠢ ᠶᠢ ᠲᠣᠳᠣᠷᠬᠠᠶᠢᠯᠠᠵᠤ᠂ ᠦᠨᠳᠦᠰᠦᠨ ᠪᠤᠳᠤᠯᠭ᠎ᠠ ᠴᠢᠭᠯᠡᠯᠲᠡ ᠶᠢ ᠲᠣᠭᠲᠠᠭᠠᠵᠤ᠂ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠪᠠ ᠭᠡᠵᠦ ᠵᠢᠭᠠᠨ ᠭᠠᠷᠭᠠᠪᠠ᠃ ᠤᠰᠤᠨ ᠠᠰᠢᠭᠯᠠᠯᠲᠠ ᠶᠢᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠨᠡᠪᠳᠡᠷᠡᠯᠴᠡᠨ ᠰᠤᠷᠤᠯᠴᠠᠵᠤ ᠨᠡᠪᠳᠡᠷᠡᠯᠴᠡᠨ ᠡᠵᠡᠮᠰᠢᠵᠦ ᠨᠡᠪᠳᠡᠷᠡᠯᠴᠡᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠨᠠᠮ ᠤᠨ ᠲᠥᠪ ᠬᠤᠷᠢᠶᠠᠨ ᠤ ᠳᠤᠷᠠᠳᠤᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠤᠰᠤᠨ ᠠᠰᠢᠭᠯᠠᠯᠲᠠ ᠶᠢᠨ ᠠᠵᠢᠯ ᠤᠨ ᠡᠭᠦᠷᠭᠡ ᠪᠣᠯᠭᠠᠨ ᠬᠤᠪᠢᠷᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠰᠤᠨ ᠤ ᠭᠠᠮᠰᠢᠭ ᠢ ᠰᠡᠷᠭᠡᠶᠢᠯᠡᠨ ᠵᠠᠰᠠᠬᠤ᠂ ᠤᠰᠤᠨ ᠤ ᠡᠬᠢ ᠰᠤᠷᠪᠤᠯᠵᠢ ᠶᠢ ᠠᠷᠪᠢᠯᠠᠬᠤ᠂ ᠤᠰᠤᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠤᠰᠤᠨ ᠤ ᠣᠷᠴᠢᠨ ᠲᠣᠭᠤᠷᠢᠨ ᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠᠷ ᠭᠤᠣᠯᠳᠠᠭᠤᠯᠵᠤ᠂ ᠣᠳᠣᠬᠢᠴᠢᠯᠠᠭᠰᠠᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠲᠣᠣᠷ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠲᠢᠩᠬᠢᠮ ᠤᠨ ᠬᠦᠴᠦᠨ᠂ ᠪᠦᠬᠦ ᠰᠢᠰᠲ᠋ᠧᠮ ᠤᠨ ᠬᠦᠴᠦᠨ ᠢᠶᠠᠷ ᠥᠪᠡᠷᠲᠡᠭᠡᠨ ᠵᠠᠰᠠᠬᠤ ᠣᠷᠣᠨ ᠤ ᠤᠰᠤᠨ ᠤ ᠲᠣᠣᠷ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠢᠳᠠᠪᠤᠷᠢᠵᠢᠭᠤᠯᠵᠤ᠂ ᠣᠳᠣᠬᠢᠴᠢᠯᠠᠭᠰᠠᠨ ᠥᠪᠥᠷ ᠮᠣᠩᠭᠤᠯ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠦᠴᠦᠲᠡᠢ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ᠃    ᠱᠧᠩ ᠰᠢᠶᠣᠣ ᠶᠧᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠥᠪᠥᠷ ᠮᠣᠩᠭᠤᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠰᠢᠰᠲ᠋ᠧᠮ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠨᠠᠩ ᠣᠯᠠᠨ ᠣᠶᠤᠨ ᠴᠢᠳᠠᠯ ᠢᠶᠠᠨ ᠨᠠᠶᠢᠳᠠᠪᠤᠷᠢᠵᠢᠭᠤᠯᠬᠤ ᠳᠡᠭᠡᠷ᠎ᠡ ᠵᠠᠷᠤᠴᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ︽ᠥᠩᠭᠡᠪᠴᠢ ᠬᠤᠭᠤᠰᠣᠨ ᠶᠠᠷᠢᠭᠠᠳ ᠰᠠᠭᠤᠪᠠᠯ ᠲᠦᠷᠦ ᠭᠦᠷᠦᠨ ᠮᠥᠬᠦᠵᠦ᠂ ᠦᠨᠡᠨ ᠪᠣᠳᠠᠲᠠᠢ ᠠᠵᠢᠯᠯᠠᠪᠠᠯ ᠤᠯᠤᠰ ᠣᠷᠣᠨ ᠮᠠᠨᠳᠤᠮᠤᠢ︾᠂ ︽ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ︾ ᠭᠡᠳᠡᠭ ᠢ ᠪᠠᠲᠤ ᠴᠡᠭᠡᠵᠢᠯᠡᠵᠦ᠂ ︽ᠨᠠᠳᠠ ᠪᠠᠷ ᠬᠢᠯᠭᠡᠬᠦ︾ ᠰᠠᠨᠠᠭᠠᠴᠢᠯᠠᠭ᠎ᠠ ᠦᠭᠡᠢ ᠪᠠᠶᠢᠳᠠᠯ ᠢ ︽ᠪᠢ ᠬᠢᠬᠦ︾ ᠪᠣᠯᠭᠠᠨ ᠬᠤᠪᠢᠷᠠᠭᠤᠯᠵᠤ᠂ ᠣᠳᠣᠬᠠᠨ ᠤ ᠠᠵᠢᠯ ᠢ ᠴᠢᠩᠭ᠎ᠠ ᠠᠳᠬᠤᠵᠤ᠂ ᠠᠯᠤᠰ ᠬᠡᠳᠦ ᠶᠢ ᠪᠣᠳᠣᠯᠬᠢᠯᠠᠵᠤ᠂ ᠲᠦᠷᠦ ᠶᠢᠨ ᠪᠤᠳᠤᠯᠭ᠎ᠠ ᠶᠢ ᠭᠦᠨᠵᠡᠭᠡᠢ ᠰᠤᠳᠤᠯᠵᠤ᠂ ᠪᠣᠳᠠᠲᠠᠢ ᠪᠠᠶᠢᠳᠠᠯ ᠢ ᠭᠦᠨᠵᠡᠭᠡᠢ ᠣᠶᠢᠯᠠᠭᠠᠵᠤ᠂ ᠡᠯ᠎ᠡ ᠵᠦᠢᠯ ᠤᠨ ᠠᠵᠢᠯ ᠢ ᠬᠠᠮᠢᠭ᠎ᠠ ᠠᠴᠠ ᠰᠢᠪᠲᠤᠯᠤᠯᠲᠠ ᠭᠠᠷᠭᠠᠬᠤ᠂ ᠬᠡᠷᠬᠢᠨ ᠨᠡᠩ ᠰᠠᠶᠢᠨ ᠠᠬᠢᠭᠤᠯᠬᠤ ᠲᠤᠬᠠᠢ ᠨᠠᠷᠢᠨ ᠬᠢᠨᠠᠮᠠᠭᠠᠢ ᠪᠣᠳᠣᠯᠬᠢᠯᠠᠵᠤ᠂ ᠴᠢᠭᠯᠡᠬᠦᠯᠦᠯᠳᠤ ᠴᠢᠨᠠᠷ ᠪᠠ ᠬᠡᠷᠡᠭᠵᠢᠭᠦᠯᠬᠦ ᠴᠢᠨᠠᠷ ᠢᠶᠠᠷ ᠴᠢᠩᠭ᠎ᠠ ᠰᠡᠳᠬᠢᠴᠡ ᠠᠷᠭ᠎ᠠ ᠬᠡᠮᠵᠢᠶ᠎ᠡ ᠶᠢ ᠳᠤᠷᠠᠳᠴᠤ᠂ ᠨᠠᠷᠢᠨ ᠬᠢᠨᠠᠮᠠᠭᠠᠢ ᠠᠵᠢᠯᠯᠠᠵᠤ᠂ ᠵᠣᠷᠢᠭᠲᠠᠢ ᠪᠠᠷ ᠠᠵᠢᠯ ᠲᠣᠭᠲᠠᠭᠠᠵᠤ᠂ ᠪᠦᠬᠦ ᠬᠦᠴᠦᠨ ᠢᠶᠠᠷ ᠢᠶᠠᠨ ᠠᠵᠢᠯ ᠶᠠᠪᠤᠳᠠᠯ ᠪᠦᠲᠦᠭᠡᠬᠦ ᠬᠡᠷᠡᠭᠲᠡᠢ᠃ 2022 ᠣᠨ ᠤ ᠪᠥᠬᠦ ᠵᠢᠯ ᠤᠨ ᠡᠭᠦᠷᠭᠡ ᠶᠢ ᠱᠠᠯᠠᠪᠳᠠᠨ ᠪᠦᠷᠢᠳᠬᠡᠵᠦ᠂ ᠵᠦᠶ᠋ᠯ ᠳᠠᠷᠠᠭᠠᠯᠠᠨ ᠬᠠᠷᠭᠤᠭᠤᠯᠵᠤ᠂ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠡᠭᠦᠨ ᠤ ᠬᠠᠮᠲᠤ᠂ ᠢᠷᠡᠬᠦ ᠵᠢᠯ ᠴᠢᠨᠠᠭᠰᠢᠯᠠᠪᠠᠯ 2024 - 2025 ᠣᠨ ᠤ ᠠᠵᠢᠯ ᠢ ᠤᠷᠢᠳᠴᠢᠯᠠᠨ ᠰᠠᠶᠢᠲᠤᠷ ᠲᠥᠯᠥᠪᠵᠢᠭᠦᠯᠬᠦ ᠬᠡᠷᠡᠭᠲᠡᠢ᠃    ᠲᠢᠩᠬᠢᠮ ᠤᠨ ᠶᠡᠷᠦᠩᠬᠡᠶ ᠢᠨᠵᠧᠨᠧᠷ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠲᠢᠩᠬᠢᠮ ᠤᠨ ᠬᠠᠷᠢᠶ᠎ᠠ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠪᠠ᠃ ᠬᠡᠰᠡᠭ ᠭᠠᠵᠠᠷ ᠲᠠᠰᠤᠭ ᠤᠨ ᠬᠠᠷᠢᠭᠤᠴᠠᠯᠭᠠᠲᠠᠨ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号