ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠠᠵᠢᠯ ᠤᠨ ᠺᠠᠳ᠋ᠷ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯᠪᠠᠰᠤᠷᠠᠯ ᠤᠨ ᠵᠢᠱᠢᠶ᠎ᠡ ᠦᠵᠡᠭᠦᠯᠬᠦ ᠠᠩᠭᠢ ᠳᠤ ᠣᠷᠣᠯᠴᠠᠪᠠ
ᠨᠡᠶᠢᠲᠡᠯᠡᠭᠰᠡᠨ ᠴᠠᠭ᠄
2022/11/17
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ︽ᠬᠤᠶᠠᠷ ᠢ ᠲᠣᠭᠲᠠᠭᠠᠬᠤ︾ ᠶᠢᠨ ᠰᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠭᠤᠯᠬᠤ ᠬᠡᠷᠡᠭᠲᠡᠶ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠬᠦ ᠬᠡᠷᠡᠭᠲᠡᠶ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠠᠴᠠ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯᠪᠠᠰᠤᠷᠠᠭᠤᠯᠤᠯ ᠤᠨ ᠵᠢᠱᠢᠶ᠎ᠡ ᠦᠵᠡᠭᠦᠯᠬᠦ ᠠᠩᠭᠢ︾ ᠶᠢ ᠡᠷᠭᠢᠯᠡᠪᠡ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠵᠣᠬᠢᠶᠠᠨ ᠪᠠᠶᠢᠭᠤᠯᠬᠤ ᠲᠢᠩᠬᠢᠮ ᠤᠨ ᠬᠠᠷᠢᠶ᠎ᠠ ᠡᠯ᠎ᠡ ᠨᠢᠭᠡᠴᠡ ᠶᠢᠨ ᠨᠠᠮ ᠤᠨ ᠬᠤᠷᠢᠶ᠎ᠠ᠂ ᠶᠡᠷᠦᠩᠬᠡᠶ ᠡᠭᠦᠷ᠂ ᠰᠠᠯᠪᠦᠷᠢ ᠡᠭᠦᠷ᠂ ᠤᠰᠤᠨ ᠠᠰᠢᠭᠯᠠᠯᠲᠠ ᠶᠢᠨ ᠶᠠᠮᠤᠨ ᠤ ᠮᠠᠯ ᠠᠵᠤ ᠠᠬᠤᠢ ᠶᠢᠨ ᠰᠠᠯᠠᠭᠠᠨ ᠤ ᠨᠠᠮ ᠤᠨ ᠬᠤᠷᠢᠶᠠᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠨ ᠲᠤᠰᠬᠠᠢ ᠲᠤᠰᠢᠶᠠᠯ ᠬᠠᠪᠰᠤᠷᠭᠠᠭᠰᠠᠨ ᠨᠠᠮ ᠤᠨ ᠠᠵᠢᠯ ᠤᠨ ᠺᠠᠳ᠋ᠷ ᠨᠡᠶᠢᠳᠡ 22 ᠬᠥᠮᠦᠨ ᠪᠣᠯᠪᠠᠰᠤᠷᠠᠯ ᠳᠤ ᠣᠷᠣᠯᠴᠠᠪᠠ᠃    ᠲᠤᠰᠬᠠᠶ ᠰᠡᠳᠦᠪᠲᠦ ᠪᠣᠯᠪᠠᠰᠤᠷᠠᠯ ᠤᠨ ᠵᠢᠱᠢᠶ᠎ᠡ ᠦᠵᠡᠭᠦᠯᠬᠦ ᠠᠩᠭᠢ ᠶᠢ ᠰᠦᠯᠵᠢᠶᠡᠨ ᠳᠡᠭᠡᠷ᠎ᠡ ᠶᠠᠪᠤᠭᠳᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠮ ᠤᠨ ᠲᠦᠷᠢᠮ︾᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠬᠢᠴᠢᠶᠡᠯ ᠣᠷᠣᠭᠤᠯᠪᠠ᠃    ᠤᠰᠤᠨ ᠠᠰᠢᠭᠯᠠᠯᠲᠠ ᠶᠢᠨ ᠲᠢᠩᠬᠢᠮ ᠲᠤᠰᠬᠠᠶᠢᠯᠠᠨ ᠰᠤᠷᠤᠯᠴᠠᠬᠤ ᠳᠤᠭᠤᠶᠢᠯᠠᠩ ᠪᠠᠶᠢᠭᠤᠯᠵᠤ᠂ ᠪᠠᠰᠠ ᠸᠢᠴᠠᠲ ᠤᠨ ᠰᠤᠷᠤᠯᠴᠠᠯᠭ᠎ᠠ ᠶᠢᠨ ᠪᠦᠯᠬᠦᠮ ᠢ ᠪᠠᠶᠢᠭᠤᠯᠪᠠ᠃ ᠡᠳᠦᠷ ᠪᠦᠷᠢ ᠰᠤᠷᠤᠭᠴᠢᠳ ᠢ ᠵᠣᠬᠢᠶᠠᠨ ᠪᠠᠶᠢᠭᠤᠯᠵᠤ ᠲᠣᠰ ᠡᠳᠦᠷ ᠤᠨ ᠬᠢᠴᠢᠶᠡᠯ ᠤᠨ ᠠᠭᠤᠯᠭ᠎ᠠ ᠶᠢ ᠠᠵᠢᠯ᠂ ᠠᠮᠢᠳᠤᠷᠠᠯ᠂ ᠦᠵᠡᠯ ᠰᠠᠨᠠᠭᠠᠨ ᠤ ᠪᠣᠳᠠᠲᠠᠶ ᠲᠠᠢ ᠤᠶᠠᠯᠳᠤᠭᠤᠯᠤᠨ ᠰᠤᠳᠤᠯᠤᠨ ᠰᠤᠯᠢᠯᠴᠠᠭᠤᠯᠵᠤ ᠶᠠᠷᠢᠯᠴᠠᠭᠤᠯᠤᠨ᠎ᠠ᠂ 102 ᠬᠢᠴᠢᠶᠡᠯ ᠤᠨ ᠳᠠᠷᠠᠭᠠᠬᠢ ᠰᠤᠷᠤᠯᠴᠠᠯᠭ᠎ᠠ ᠶᠢᠨ ᠲᠥᠷᠥᠭᠳᠡᠯ ᠢ ᠪᠢᠴᠢᠪᠡ᠃ ᠡᠳᠦᠷ ᠪᠦᠷᠢ ᠲᠣᠰ ᠰᠤᠷᠤᠯᠴᠠᠬᠤ ᠳᠤᠭᠤᠶᠢᠯᠠᠩ ᠤᠨ ᠰᠢᠯᠢᠳᠡᠭ ᠰᠤᠷᠤᠯᠴᠠᠭᠰᠠᠨ ᠲᠥᠷᠥᠭᠳᠡᠯ ᠢ ᠰᠣᠩᠭᠤᠵᠤ ᠪᠣᠯᠪᠠᠰᠤᠷᠠᠯ ᠤᠨ ᠠᠩᠭᠢ ᠶᠢᠨ ᠲᠠᠪᠴᠠᠩ ᠳᠤ ᠮᠡᠳᠡᠭᠦᠯᠦᠨ ᠬᠦᠷᠭᠡᠵᠤ᠂ ᠪᠤᠰᠤᠳ ᠪᠠᠶᠢᠭᠤᠯᠭ᠎ᠠ ᠨᠢᠭᠡᠴᠢ ᠶᠢᠨ ᠰᠢᠯᠢᠳᠡᠭ ᠰᠣᠯᠢᠯᠴᠠᠭᠠᠨ ᠤ ᠮᠠᠲ᠋ᠧᠷᠢᠶᠠᠯ ᠢ ᠬᠤᠪᠢᠶᠠᠯᠴᠠᠵᠤ᠂ ᠬᠦᠷᠢᠶ᠎ᠡ ᠠᠯᠤᠰᠯᠠᠨ ᠰᠣᠯᠢᠯᠴᠠᠨ ᠰᠤᠷᠤᠯᠴᠠᠬᠤ ᠶᠢ ᠪᠡᠶᠡᠯᠡᠭᠦᠯᠵᠦ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠣᠯᠪᠠᠰᠤᠷᠠᠯ ᠤᠨ ᠦᠷ᠎ᠡ ᠪᠦᠲᠦᠮᠵᠢ ᠶᠢ ᠪᠠᠲᠤᠯᠠᠨ᠎ᠠ᠃    5 ᠡᠳᠦᠷ ᠤᠨ ᠬᠤᠭᠤᠴᠠᠭ᠎ᠠ ᠲᠠᠢ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠵᠦ᠂ 5 ᠫᠷᠤᠹᠧᠰᠰᠤᠷ 5 ᠲᠤᠰᠬᠠᠢ ᠰᠡᠳᠦᠪ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠵᠤ᠂ ᠬᠤᠭᠤᠴᠠᠭ᠎ᠠ ᠪᠦᠷᠢ ᠶᠢᠨ ᠬᠢᠴᠢᠶᠡᠯ ᠨᠢ ᠰᠤᠷᠤᠭᠴᠢᠳ ᠲᠤ ᠰᠢᠨ᠎ᠡ ᠰᠡᠩᠬᠡᠷᠡᠭᠦᠯᠦᠯ ᠣᠯᠭᠤᠵᠤ᠂ ᠰᠢᠨ᠎ᠡ ᠪᠣᠳᠣᠯᠬᠢᠯᠠᠯ ᠢ ᠪᠤᠢ ᠪᠣᠯᠭᠠᠵᠤ᠂ ᠰᠢᠨ᠎ᠡ ᠠᠮᠵᠢᠯᠲᠠ ᠣᠯᠵᠠᠢ᠃ ᠪᠣᠯᠪᠠᠰᠤᠷᠠᠯ ᠳᠤ᠂ ᠰᠤᠷᠤᠯᠭᠠᠲᠠᠳ ᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠶᠢᠯᠠᠭᠠᠵᠤ᠂ ᠰᠤᠷᠤᠭᠰᠠᠨ ᠢᠶᠠᠨ ᠬᠡᠷᠡᠭᠯᠡᠬᠦ ᠶᠢ ᠨᠠᠷᠢᠨ ᠬᠢᠨᠠᠮᠠᠭᠠᠢ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠦᠬᠦ ᠣᠷᠣᠨ ᠤ ᠤᠰᠤᠨ ᠠᠰᠢᠭᠯᠠᠯᠲᠠ ᠶᠢᠨ ᠰᠢᠰᠲᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠳᠤᠮᠳᠠ ᠲᠠᠰᠤᠷᠠᠯᠳᠠ ᠦᠭᠡᠢ ᠭᠦᠨᠵᠡᠭᠡᠶᠢᠷᠡᠵᠦ᠂ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠠᠵᠢᠯ ᠤᠨ ᠪᠣᠳᠠᠲᠠᠢ ᠲᠠᠢ ᠨᠢᠭᠲᠠ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠪᠦᠲᠦᠭᠡᠯᠴᠢ ᠪᠠᠷ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠣᠨᠴᠠᠯᠢᠭ ᠲᠠᠢ ᠥᠪᠥᠷ ᠮᠣᠩᠭᠤᠯ ᠤᠨ ᠦᠢᠯᠡᠳᠦᠯᠭᠡ ᠶᠢ ᠠᠬᠢᠭᠤᠯᠬᠤ ᠳᠤ ᠤᠰᠤᠨ ᠠᠰᠢᠭᠯᠠᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号