ᠥᠪᠥᠷ ᠮᠣᠩᠭᠤᠯ ᠤᠨ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠲᠦᠯᠪᠦᠷᠢᠲᠠᠢ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2022/11/18
    ︽ᠲᠠᠪᠤ ᠶᠢ ᠶᠡᠭᠡ ᠲᠤᠶᠢᠯᠪᠦᠷᠢᠲᠠᠢ ᠵᠠᠰᠠᠬᠤ︾ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠦᠨ᠂ ᠭᠤᠣᠯ ᠵᠣᠷᠢᠯᠭ᠎ᠠ ᠨᠢ ᠪᠦᠬᠦ ᠣᠷᠣᠨ ᠤ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠢ ᠠᠷᠪᠢᠲᠠᠶ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠶᠠᠰᠤ ᠴᠢᠨᠠᠷ ᠪᠠ ᠦᠷ᠎ᠡ ᠠᠰᠢᠭ ᠳᠣᠣᠷ᠎ᠠ᠂ ᠪᠦᠷᠢᠯᠭᠡᠨ ᠰᠦᠢᠳᠬᠡᠬᠦ ᠨᠢ ᠬᠦᠨᠳᠦ ᠨᠣᠴᠢᠲᠠᠶ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠠᠪᠤᠳᠠᠯ ᠪᠣᠯᠤᠨ᠎ᠠ᠃ 11 ᠳ᠋ᠦ᠋ᠭᠡᠷ ᠰᠠᠷ᠎ᠠ ᠶᠢᠨ 14 ᠤ ᠡᠳᠦᠷ ᠪᠣᠯᠲᠠᠯ᠎ᠠ᠂ ᠪᠥᠬᠦ ᠣᠷᠣᠨ ᠤ ᠪᠠᠶᠢᠭᠤᠯᠵᠤ ᠪᠠᠶᠢᠭ᠎ᠠ ᠪᠤᠶᠤ ᠳᠠᠭᠤᠰᠬᠠᠭᠰᠠᠨ ᠤᠰᠤ ᠠᠪᠬᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠭᠠᠷᠳᠠᠮ ᠢ 199 ᠨᠥᠬᠦᠨ ᠭᠦᠢᠴᠡᠳᠬᠡᠵᠦ᠂ ᠨᠢᠭᠡᠨᠲᠡ 167 ᠶᠢ ᠨᠢ ᠪᠡᠶᠡᠯᠡᠭᠦᠯᠵᠦ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 83 % ᠳᠤ ᠬᠥᠷᠪᠡ᠂ ᠤᠰᠤ ᠲᠠᠲᠠᠬᠤ ᠶᠢ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ 1863 ᠪᠠᠶᠢᠵᠤ᠂ ᠨᠢᠭᠡᠨᠲᠡ 1591 ᠶᠢ ᠨᠢ ᠪᠡᠶᠡᠯᠡᠭᠦᠯᠵᠦ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 85 % ᠳᠤ ᠬᠦᠷᠴᠡᠢ᠃    ᠪᠥᠬᠦ ᠣᠷᠣᠨ ᠤ ᠤᠰᠤ ᠲᠠᠲᠠᠵᠤ ᠬᠡᠷᠡᠭᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠵᠦ᠂ ᠰᠤᠯᠠ ᠪᠠᠶᠢᠭ᠎ᠠ ᠤᠰᠤᠨ ᠤ ᠭᠦᠢᠴᠡᠳᠬᠡᠯ ᠲᠤᠭ᠎ᠠ ᠶᠢ ᠡᠷᠭᠢᠯᠲᠡ ᠳᠤ ᠣᠷᠣᠭᠤᠯᠣᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠥᠬᠦ ᠣᠷᠣᠨ ᠤ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠰᠠᠭᠤᠷᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠣᠳᠣᠬᠠᠨ ᠳᠤ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠵᠢᠭᠰᠠᠭᠠᠨ ᠪᠠᠶᠢᠴᠠᠭᠠᠬᠤ ᠠᠵᠢᠯ ᠨᠢᠭᠡᠨᠲᠡ ᠦᠨᠳᠦᠰᠦᠨ ᠳᠡᠭᠡᠨ      ᠳᠠᠭᠤᠰᠴᠤ᠂ ᠤᠰᠤᠨ ᠤ ᠭᠦᠢᠴᠡᠳᠬᠡᠯ ᠲᠤᠭ᠎ᠠ ᠶᠢ ᠰᠤᠯᠠ ᠲᠠᠯᠪᠢᠵᠤ ᠪᠠᠶᠢᠭ᠎ᠠ ᠪᠠᠶᠢᠳᠠᠯ᠂ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠵᠦ ᠪᠠᠶᠢᠭ᠎ᠠ ᠠᠰᠠᠭᠤᠳᠠᠯ ᠵᠢᠴᠢ ᠤᠰᠤ ᠲᠠᠲᠠᠵᠤ ᠬᠡᠷᠡᠭᠯᠡᠬᠦ ᠶᠢ ᠬᠢᠨᠠᠨ ᠬᠡᠮᠵᠢᠬᠦ ᠪᠡᠯᠡᠳᠬᠡᠮᠵᠢ ᠶᠢᠨ ᠵᠢᠷᠤᠮᠵᠢᠯ ᠥᠬᠡᠶ ᠪᠠᠶᠢᠬᠤ ᠠᠰᠠᠭᠤᠳᠠᠯ ᠤᠨ ᠰᠠᠭᠤᠷᠢ ᠲᠤᠭ᠎ᠠ ᠶᠢ ᠦᠨᠳᠦᠰᠦᠨ ᠳᠡᠭᠡᠨ ᠲᠣᠳᠣᠷᠬᠠᠶ ᠣᠶᠢᠯᠠᠭᠠᠵᠤ᠂ ᠰᠢᠢᠳᠪᠦᠷᠢᠯᠡᠬᠦ ᠪᠠ ᠴᠡᠭᠴᠡᠯᠡᠨ ᠵᠠᠰᠠᠬᠤ ᠲᠥᠰᠦᠯ ᠢ ᠲᠣᠭᠲᠠᠭᠠᠪᠠ᠃    11 ᠳ᠋ᠦ᠋ᠭᠡᠷ ᠰᠠᠷ᠎ᠠ ᠶᠢᠨ 17 ᠤ ᠡᠳᠦᠷ ᠪᠣᠯᠲᠠᠯ᠎ᠠ᠂ ᠪᠥᠬᠦ ᠣᠷᠣᠨ ᠤ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠠᠵᠤ ᠦᠢᠯᠡᠳᠪᠦᠷᠢ ᠶᠢᠨ ᠲᠥᠷᠥᠯ ᠵᠦᠢᠯ ᠳᠠᠬᠢ ᠭᠠᠵᠠᠷ ᠤᠨ ᠤᠰᠤ ᠪᠠ ᠳᠠᠬᠢᠨ ᠠᠰᠢᠭᠯᠠᠭᠰᠠᠨ ᠤᠰᠤᠨ ᠤ ᠰᠤᠯᠠ ᠪᠠᠶᠢᠭ᠎ᠠ ᠭᠦᠢᠴᠡᠳᠬᠡᠯ ᠲᠤᠭ᠎ᠠ ᠶᠢ 4036 ᠲᠦᠮᠡᠨ ᠪᠣᠰᠤᠭ᠎ᠠ ᠳᠥᠷᠪᠡᠯᠵᠢᠨ ᠮᠧᠲᠷ ᠢᠶᠠᠷ ᠵᠢᠭᠰᠠᠭᠠᠨ ᠪᠠᠶᠢᠴᠠᠭᠠᠵᠤ ᠮᠠᠭᠠᠳᠯᠠᠨ ᠲᠣᠭᠲᠠᠭᠠᠪᠠ᠂ ᠡᠭᠦᠨ ᠳᠤ ᠬᠠᠲᠤᠨ ᠭᠤᠤᠯ ᠤᠨ ᠰᠠᠪᠠ ᠭᠠᠵᠠᠷ 2521 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠡᠶ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠬᠠᠲᠤᠨ ᠭᠤᠣᠯ ᠤᠨ ᠰᠠᠪᠠ ᠭᠠᠵᠠᠷ ᠤᠨ 2050 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠰᠤᠯᠠ ᠪᠠᠶᠢᠭ᠎ᠠ ᠤᠰᠤᠨ ᠤ ᠭᠦᠢᠴᠡᠳᠬᠡᠯ ᠲᠤᠭ᠎ᠠ ᠶᠢ ᠳᠠᠬᠢᠨ ᠲᠣᠬᠢᠷᠠᠭᠤᠯᠵᠤ᠂ ᠣᠷᠳᠣᠰ ᠬᠤᠲᠠ ᠶᠢᠨ 950 ᠲᠦᠮᠡᠨ ᠪᠣᠰᠤᠭ᠎ᠠ ᠳᠥᠷᠪᠡᠯᠵᠢᠨ ᠮᠧᠲᠷ᠂ ᠦᠬᠠᠶ ᠬᠤᠲᠠ ᠶᠢᠨ 600 ᠲᠦᠮᠡᠨ ᠪᠣᠰᠤᠭ᠎ᠠ ᠳᠥᠷᠪᠡᠯᠵᠢᠨ ᠮᠧᠲᠷ᠂ ᠠᠯᠠᠱᠠ ᠶᠢᠨ 500 ᠲᠦᠮᠡᠨ ᠪᠣᠰᠤᠭ᠎ᠠ ᠳᠥᠷᠪᠡᠯᠵᠢᠨ ᠮᠧᠲᠷ ᠢ ᠭᠤᠣᠯᠳᠠᠭᠤ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠦᠰᠦᠯ ᠳᠤ ᠬᠡᠷᠡᠭᠯᠡᠬᠦ ᠪᠠᠷ ᠲᠤᠭᠲᠠᠭᠠᠨ᠂ ᠣᠶᠢᠷ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠤᠰᠤᠨ ᠤ ᠡᠷᠬᠡ ᠶᠢ ᠬᠤᠳᠠᠯᠳᠤᠨ ᠠᠪᠴᠤ ᠨᠥᠭᠡᠴᠡᠯᠡᠬᠦ ᠲᠠᠪᠴᠠᠩ ᠳᠤ ᠢᠯᠡ ᠪᠠᠷ ᠠᠷᠠᠯᠵᠢᠶᠠᠯᠠᠬᠤ ᠪᠠᠷ ᠪᠠᠶᠢᠨ᠎ᠠ᠃ ᠪᠤᠰᠤᠳ ᠰᠤᠯᠠ ᠪᠠᠶᠢᠭ᠎ᠠ ᠤᠰᠤᠨ ᠤ ᠭᠦᠢᠴᠡᠳᠬᠡᠯ ᠲᠤᠭ᠎ᠠ ᠶᠢ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠢᠳᠪᠦᠷᠢᠯᠡᠬᠦ ᠪᠣᠯᠤᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号