︽ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠲᠤ ᠭᠦᠨᠵᠡᠭᠡᠶᠢᠷᠡᠭᠰᠡᠨ︾ ᠴᠤᠭᠯᠠᠷᠠᠯ ᠤᠨ ᠪᠦᠷᠢᠶ᠎ᠡ ᠶᠢ ᠬᠠᠩᠭᠢᠨᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠷᠣᠨ ᠤ ᠲᠥᠪ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/11/18
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠱᠠᠭᠠᠷᠳᠠᠯᠭ᠎ᠠ ᠪᠣᠯᠤᠨ ᠸᠠᠩ ᠯᠢ ᠰᠢᠶᠠ ᠲᠡᠷᠢᠭᠦᠯᠡᠭᠴᠢ ᠶᠢᠨ ᠵᠢᠭᠠᠪᠤᠷᠢ ᠵᠢᠴᠢ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠭᠡᠨ ᠪᠠᠶᠢᠷᠢᠯᠠᠭᠤᠯᠵᠤ᠂ ᠬᠤᠯᠪᠣᠭᠳᠠᠯ ᠪᠥᠬᠦᠶ ᠵᠢᠭᠠᠪᠤᠷᠢ ᠶᠢᠨ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠨᠢᠭᠡᠨ ᠲᠢᠩᠬᠢᠮ ᠤᠨ ᠪᠠᠶᠢᠭᠤᠯᠭ᠎ᠠ᠂ ᠤᠰᠤᠨ ᠠᠰᠢᠭᠯᠠᠯᠲᠠ ᠶᠢᠨ ᠦᠶ᠋ᠯᠡᠰ ᠤᠨ ᠬᠥᠭᠵᠢᠯᠲᠡ ᠶᠢᠨ ᠲᠥᠪ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠨ ᠰᠤᠳᠤᠯᠬᠤ ᠰᠠᠯᠠᠭ᠎ᠠ ᠵᠡᠷᠭᠡ ᠨᠢᠭᠡᠴᠡ ᠶᠢᠨ 6 ᠭᠠᠵᠠᠷ ᠤᠨ ᠲᠠᠰ ᠤᠨ ᠺᠠᠳ᠋ᠷ ᠢᠶᠠᠷ ᠪᠦᠷᠢᠯᠳᠦᠭᠰᠡᠨ ᠣᠨᠴᠠᠭᠠᠶ ︽ᠭᠠᠪᠰᠢᠭᠠᠶ ᠠᠩᠭᠢ︾ ᠶᠢ ᠨᠠᠷᠢᠨ ᠰᠣᠩᠭᠤᠵᠤ᠂ ᠲᠡᠳᠡ ᠳᠠᠷᠦ᠋ᠢᠬᠠᠨ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠬᠦᠷᠴᠦ᠂ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠨᠡᠮᠡᠷᠢᠯᠡᠵᠦ᠂ ᠣᠷᠣᠨ ᠤ ᠲᠥᠪ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠳᠡᠮᠵᠢᠪᠡ᠃    ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠬᠢᠵᠢᠭ ᠤᠨ ᠪᠠᠶᠢᠳᠠᠯ ᠬᠠᠮᠢᠭ᠎ᠠ ᠢᠯᠡᠷᠡᠪᠡᠯ᠂ ᠨᠠᠮ ᠤᠨ ᠡᠭᠦᠷ ᠲᠡᠨᠳᠡ ᠪᠠᠶᠢᠭᠤᠯᠤᠭᠳᠠᠵᠤ᠂ ᠨᠠᠮ ᠤᠨ ᠭᠡᠰᠢᠭᠦᠨ ᠺᠠᠳ᠋ᠷ ᠲᠡᠨᠳᠡ ᠪᠠᠶᠢᠯᠳᠤᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠨᠡᠶᠢᠭᠡᠮ ᠲᠣᠭᠤᠷᠢᠭ ᠤᠨ ᠺᠠᠳ᠋ᠷ ᠾᠧᠦ ᠵᠢᠩ᠂ ᠵᠠᠩ ᠪᠥᠸᠧ᠂ ᠵᠧᠦ ᠳ᠋ᠦᠩ ᠱᠧᠩ᠂ ᠰᠢᠤᠢ ᠬᠤᠩ ᠶᠠᠨ᠂ ᠢᠦ᠋ᠢ ᠯᠠᠨ᠂ ᠸᠠᠩ ᠬᠠᠢ ᠵᠢᠶᠦ᠋ᠨ ᠵᠡᠷᠭᠡ 6 ᠨᠥᠬᠦᠳ ᠴᠤᠭᠯᠠᠷᠠᠵᠤ᠂ ᠲᠡᠷᠡ ᠳᠠᠷᠤᠢ ᠳᠤᠨᠢ ᠵᠦᠩᠱᠠᠨ ᠨᠡᠶᠢᠭᠡᠮ ᠲᠣᠭᠤᠷᠢᠭ ᠤᠨ ᠱᠦᠵᠢ ᠸᠠᠩ ᠳ᠋ᠦᠩ ᠨᠥᠬᠦᠷ ᠲᠠᠢ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠣᠯᠭᠠᠭᠤᠯᠬᠤ ᠬᠤᠷᠠᠯ ᠵᠢᠴᠢ ᠲᠦᠷ ᠴᠠᠭ ᠤᠨ ᠨᠠᠮ ᠤᠨ ᠡᠭᠦᠷ ᠤᠨ ᠠᠩᠬᠠᠳᠤᠭᠠᠷ ᠬᠤᠷᠠᠯ︾ ᠢ ᠬᠤᠷᠠᠯᠳᠤᠭᠤᠯᠪᠠ᠃ ᠲᠦᠷ ᠴᠠᠭ ᠤᠨ ᠨᠠᠮ ᠤᠨ ᠡᠭᠦᠷ ᠲᠤ ᠶᠡᠷᠦᠩᠬᠡᠶᠢᠯᠡᠭᠰᠡᠨ ᠵᠣᠬᠢᠴᠠᠭᠤᠯᠬᠤ ᠳᠤᠭᠤᠶᠢᠯᠠᠩ᠂ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠳᠤᠭᠤᠶᠢᠯᠠᠩ᠂ ᠵᠢᠵᠢᠭᠦᠷᠯᠡᠨ ᠰᠠᠬᠢᠬᠤ ᠳᠤᠭᠤᠶᠢᠯᠠᠩ᠂ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠣᠰ ᠲᠣᠰ ᠤᠨ ᠠᠵᠢᠯᠲᠠᠨ ᠪᠠ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠪᠠ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠠᠮᠢᠳᠤᠷᠠᠯ ᠤᠨ ᠡᠳ᠋ ᠪᠣᠳᠠᠰ ᠢ ᠬᠤᠷᠢᠶᠠᠵᠤ ᠲᠠᠯᠪᠢᠬᠤ ᠪᠠ ᠠᠷᠢᠭᠤᠳᠬᠠᠬᠤ ᠳᠤ ᠬᠠᠮᠵᠢᠯᠴᠠᠬᠤ ᠠᠴᠠ᠂ ᠲᠣᠭᠲᠠᠭᠠᠯ ᠶᠣᠰᠣᠭᠠᠷ ᠬᠥᠮᠦᠰ ᠪᠠ ᠲᠡᠷᠭᠡ ᠬᠥᠰᠬᠡ ᠶᠢ ᠰᠢᠯᠭᠠᠨ ᠪᠠᠶᠢᠴᠠᠭᠠᠬᠤ ᠬᠦᠷᠲᠡᠯ᠎ᠡ᠂ ᠸᠢᠴᠠᠲ ᠤᠨ ᠬᠤᠯᠪᠣᠭ᠎ᠠ ᠠᠴᠠ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠬᠦᠷᠲᠡᠯ᠎ᠡ᠂ ᠬᠥᠳᠡᠯᠵᠦ ᠪᠠᠷᠢᠬᠤ ᠳᠤ ᠳᠥᠭᠦᠮ ᠦᠭᠡᠢ ᠤᠯᠠᠨ ᠲᠦᠮᠡᠨ ᠢ ᠬᠠᠪᠰᠤᠷᠤᠨ ᠠᠮᠢᠳᠤᠷᠠᠯ ᠤᠨ ᠡᠳ᠋ ᠪᠣᠳᠠᠰ ᠢ ᠨᠢ ᠵᠥᠭᠡᠭᠡᠪᠦᠷᠢᠯᠡᠵᠦ᠂ ᠨᠠᠮ ᠤᠨ ᠭᠡᠰᠢᠭᠦᠳ ᠪᠣᠳᠠᠲᠤ ᠠᠵᠢᠯᠯᠠᠭ᠎ᠠ ᠪᠠᠷ ᠢᠶᠠᠨ ᠤᠰᠤᠨ ᠠᠰᠢᠭᠯᠠᠯᠲᠠ ᠶᠢᠨ ᠬᠥᠮᠦᠨ ᠤ ᠬᠦᠴᠦᠨ ᠢ ᠡᠷᠭᠦᠪᠡ᠃    ᠬᠤᠶᠠᠷ ᠲᠤ᠂ ᠳᠣᠲᠣᠷ᠎ᠠ ᠪᠠᠨ ᠲᠤᠭ᠎ᠠ ᠲᠠᠢ ᠪᠠᠶᠢᠬᠤ ᠶᠢ ᠪᠠᠷᠢᠮᠲᠠᠯᠠᠨ᠎ᠠ᠃ ᠰᠠᠭᠤᠷᠢ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ᠂ ᠲᠤᠭ᠎ᠠ ᠪᠠᠷᠢᠮᠲᠠ ᠣᠨᠣᠪᠴᠢᠲᠠᠶ ᠪᠠᠶᠢᠬᠤ ᠪᠣᠯ ᠠᠷᠠᠳ ᠣᠯᠠᠨ ᠳᠤ ᠦᠶ᠋ᠯᠡᠴᠢᠯᠡᠬᠦ ᠶᠢᠨ ᠰᠠᠭᠤᠷᠢ ᠮᠥᠨ᠃ 11 ᠰᠠᠷ᠎ᠠ ᠶᠢᠨ 16 ᠤ ᠡᠳᠦᠷ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷ ᠤᠨ ᠲᠡᠷᠢᠭᠦᠨ ᠴᠢᠬᠤᠯᠠ ᠠᠵᠢᠯ ᠪᠣᠯ ᠰᠠᠭᠤᠭᠠᠯᠢ ᠲᠣᠭᠤᠷᠢᠭ ᠤᠨ ᠦᠨᠳᠦᠰᠦᠨ ᠪᠠᠶᠢᠳᠠᠯ᠂ ᠢᠯᠠᠩᠭᠤᠶ᠎ᠠ ᠬᠦᠴᠢᠷᠳᠡᠯᠲᠡᠶ ᠣᠯᠠᠨ ᠲᠦᠮᠡᠨ ᠪᠠ ᠭᠠᠭᠴᠠᠭᠠᠷ ᠰᠠᠭᠤᠵᠤ ᠪᠠᠶᠢᠭ᠎ᠠ ᠨᠠᠰᠤᠲᠠᠨ᠂ ᠵᠡᠮᠳᠡᠭᠴᠦᠳ ᠵᠡᠷᠭᠡ ᠣᠨᠴᠠᠭᠠᠶ ᠣᠯᠠᠨ ᠲᠦᠮᠡᠨ ᠤ ᠣᠳᠣᠬᠢ ᠪᠠᠶᠢᠳᠠᠯ ᠢ ᠲᠣᠳᠣᠷᠬᠠᠶ ᠣᠶᠢᠯᠠᠭᠠᠬᠤ ᠶᠠᠪᠤᠳᠠᠯ ᠪᠣᠯᠤᠨ᠎ᠠ᠃ ᠲᠣᠰ ᠤᠳᠠᠭ᠎ᠠ ᠦᠨᠳᠦᠰᠦᠨ ᠱᠠᠲᠤᠨ ᠳᠤ ᠭᠦᠨᠵᠡᠭᠡᠶᠢᠷᠡᠵᠦ ᠳᠠᠭᠠᠭᠠᠴᠢᠯᠠᠨ ᠬᠠᠷᠢᠯᠴᠠᠭᠰᠠᠨ ᠤᠰᠤᠨ ᠠᠰᠢᠭᠯᠠᠯᠲᠠ ᠶᠢᠨ ᠬᠤᠶᠢᠲᠤ ᠲᠣᠭᠤᠷᠢᠭ ᠲᠤ ᠨᠡᠶᠢᠲᠡ 12 ᠠᠰᠠᠷ ᠪᠣᠶ᠃ ᠨᠠᠷᠢᠨ ᠬᠢᠨᠠᠮᠠᠭᠠᠶ ᠪᠠᠶᠢᠴᠠᠭᠠᠯᠲᠠ ᠪᠠᠷ ᠳᠡᠮᠵᠢᠨ᠂ ᠲᠦᠷ ᠴᠠᠭ ᠤᠨ ᠨᠠᠮ ᠤᠨ ᠡᠭᠦᠷ ᠨᠢᠭᠡᠨᠲᠡ ᠰᠠᠭᠤᠭᠠᠯᠢ ᠲᠣᠭᠤᠷᠢᠭ ᠤᠨ ᠲᠦᠷ ᠴᠠᠭ ᠬᠡᠷ ᠲᠡᠭᠡᠨ ᠲᠤᠰᠠᠭᠠᠷᠯᠠᠵᠤ ᠪᠠᠶᠢᠭ᠎ᠠ ᠣᠯᠠᠨ ᠲᠦᠮᠡᠨ᠂ ᠭᠠᠭᠴᠠᠭᠠᠷ ᠰᠠᠭᠤᠵᠤ ᠪᠠᠶᠢᠭ᠎ᠠ ᠨᠠᠰᠤᠲᠠᠨ᠂ ᠵᠡᠮᠳᠡᠭᠴᠦᠳ ᠪᠠ ᠮᠡᠳᠡᠷᠡᠯ ᠤᠨ ᠡᠪᠡᠳᠴᠢᠲᠡᠨ ᠳᠤ ᠣᠷᠣᠨ ᠰᠠᠭᠤᠴᠠ ᠶᠢᠨ ᠬᠠᠶ᠋ᠢᠭ ᠪᠠ ᠤᠲᠠᠰᠤ ᠵᠡᠷᠭᠡ ᠴᠢᠬᠤᠯᠠ ᠪᠥᠬᠦᠶ ᠮᠡᠳᠡᠭᠡ ᠵᠠᠩᠭᠢ ᠶᠢ ᠪᠠᠭᠲᠠᠭᠠᠭᠰᠠᠨ ᠦᠨᠳᠦᠰᠦᠨ ᠡᠬᠡ ᠲᠠᠩᠰᠠ ᠪᠠᠶᠢᠭᠤᠯᠵᠤ᠂ ᠣᠯᠠᠨ ᠲᠦᠮᠡᠨ ᠤ ᠪᠠᠴᠢᠮ ᠲᠤᠯᠭᠠᠮ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ ᠠᠰᠠᠭᠤᠳᠠᠯ ᠯᠦᠭᠡ ᠣᠨᠣᠴᠠᠲᠠᠶ ᠵᠣᠯᠭᠠᠭᠤᠯᠤᠭᠰᠠᠨ ᠪᠠᠶᠢᠨ᠎ᠠ᠃    ᠭᠤᠷᠪᠠ ᠳᠤ᠂ ᠠᠷᠠᠳ ᠲᠦᠮᠡᠨ ᠤ ᠵᠣᠭᠰᠣᠯᠲᠠ ᠶᠢ ᠪᠠᠷᠢᠮᠲᠠᠯᠠᠬᠤ ᠬᠡᠷᠡᠭᠲᠡᠢ᠃ ᠺᠠᠳ᠋ᠷ ᠲᠣᠮᠢᠯᠠᠵᠤ ᠢᠷᠡᠭᠦᠯᠦᠭᠰᠡᠨ ᠨᠢ ᠲᠣᠮᠢᠯᠠᠵᠤ ᠢᠷᠡᠭᠰᠡᠨ ᠲᠠᠢ ᠠᠳᠠᠯᠢ ᠦᠭᠡᠢ᠂ ᠲᠣᠮᠢᠯᠠᠵᠤ ᠢᠷᠡᠭᠦᠯᠦᠭᠰᠡᠨ ᠨᠢ ᠬᠠᠷᠢᠭᠤᠴᠠᠯᠭ᠎ᠠ ᠢᠷᠡᠭᠰᠡᠨ ᠲᠠᠢ ᠠᠳᠠᠯᠢ ᠦᠭᠡᠢ᠃ ᠤᠰᠤᠨ ᠠᠰᠢᠭᠯᠠᠯᠲᠠ ᠶᠢᠨ ᠲᠢᠩᠬᠢᠮ ᠤᠨ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷᠴᠤᠳ ᠰᠠᠭᠤᠭᠠᠯᠢ ᠠᠷᠠᠳ ᠤᠨ ᠲᠣᠭᠤᠷᠢᠭ ᠲᠤ ᠣᠷᠣᠵᠤ ᠰᠠᠭᠤᠭᠰᠠᠨ ᠢᠶᠠᠷ ᠪᠠᠷᠠᠬᠤ ᠥᠬᠡᠶ᠂ ᠰᠠᠭᠤᠭᠠᠯᠢ ᠠᠷᠠᠳ ᠤᠨ ᠲᠣᠭᠤᠷᠢᠭ ᠤᠨ ᠸᠢᠴᠠᠲ ᠤᠨ ᠬᠤᠯᠪᠣᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠡᠷ ᠲᠡᠭᠡᠨ ᠲᠤᠰᠠᠭᠠᠷᠯᠠᠵᠤ ᠪᠠᠶᠢᠭ᠎ᠠ ᠣᠯᠠᠨ ᠲᠦᠮᠡᠨ ᠲᠠᠢ ᠬᠠᠷᠢᠯᠴᠠᠵᠤ᠂ ᠣᠯᠠᠨ ᠲᠦᠮᠡᠨ ᠤ ᠦᠨᠳᠦᠰᠦᠨ ᠠᠮᠢᠳᠤᠷᠠᠯ ᠪᠠ ᠡᠮ ᠡᠮᠨᠡᠯᠭᠡ ᠶᠢᠨ ᠬᠡᠷᠡᠭᠴᠡᠭᠡ ᠶᠢ ᠴᠠᠭ ᠲᠤᠬᠠᠶ ᠳᠤᠨᠢ ᠣᠶᠢᠯᠠᠭᠠᠪᠠ᠃ ᠲᠦᠷ ᠴᠠᠭ ᠤᠨ ᠨᠠᠮ ᠤᠨ ᠡᠭᠦᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠶ᠋ᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠰᠠᠭᠤᠭᠠᠯᠢ ᠠᠷᠠᠳ ᠤᠨ ᠸᠢᠴᠠᠲ ᠤᠨ ᠬᠤᠯᠪᠣᠭ᠎ᠠ ᠳᠤ ᠠᠯᠪᠠᠨ ᠲᠠᠯ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢ ᠶᠢ 20 ᠭᠠᠷᠤᠶ ᠨᠡᠶᠢᠲᠡᠯᠡᠵᠦ᠂ ︽ᠤᠰᠤᠨ ᠠᠰᠢᠭᠯᠠᠯᠲᠠ ᠶᠢᠨ ᠪᠠᠶᠢᠷᠢ ᠶᠢᠨ ᠬᠤᠶᠢᠲᠤ ᠲᠣᠭᠤᠷᠢᠭ ᠤᠨ ᠬᠥᠷᠰᠢ ᠰᠠᠭᠠᠬᠠᠯᠲᠠ ᠨᠤᠭᠤᠳ ᠲᠤ ᠢᠯᠡᠭᠡᠭᠰᠡᠨ ᠵᠠᠬᠢᠳᠠᠯ︾ ᠢ ᠲᠤᠭᠤᠷᠪᠢᠵᠤ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠸᠢᠴᠠᠲ ᠤᠨ ᠬᠤᠯᠪᠣᠭ᠎ᠠ ᠳᠤ ᠨᠡᠶᠢᠲᠡᠯᠡᠵᠦ᠂ ᠤᠯᠠᠨ ᠢᠶᠠᠷ ᠢᠶᠠᠨ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠳᠡᠮᠵᠢᠭᠡᠷᠡᠢ ᠭᠡᠵᠦ ᠰᠠᠨᠠᠭᠠᠴᠢᠯᠠᠪᠠ᠃ ᠪᠠᠰᠠ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ︽ᠡᠭᠡᠯ ᠬᠥᠮᠦᠰ ᠤᠨ ᠰᠠᠶᠢᠨ ᠶᠠᠪᠤᠳᠠᠯ︾ ᠢ ᠢᠳᠡᠪᠬᠢᠲᠡᠶ ᠤᠬᠠᠭᠤᠯᠵᠤ᠂ ᠣᠯᠠᠨ ᠲᠦᠮᠡᠨ ᠲᠠᠢ ᠵᠣᠭᠤᠭᠳᠠᠨ᠂ ᠠᠮᠢᠳᠤᠷᠠᠯ ᠤᠨ ᠲᠤᠬᠠᠶ ᠶᠠᠷᠢᠯᠴᠠᠵᠤ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠢ ᠴᠤᠭᠯᠠᠭᠤᠯᠤᠨ ᠡᠮᠬᠢᠯᠡᠪᠡ᠃ ᠲᠦᠷ ᠴᠠᠭ ᠤᠨ ᠨᠠᠮ ᠤᠨ ᠡᠭᠦᠷ ᠤᠨ ᠳᠠᠶᠢᠴᠢᠯᠠᠯᠲᠠ ᠪᠠ ᠤᠷᠢᠶᠠᠯᠠᠭ᠎ᠠ ᠳᠣᠤᠷ᠎ᠠ᠂ ᠣᠳᠣᠬᠠᠨ ᠳᠤ ᠰᠠᠭᠤᠭᠠᠯᠢ ᠠᠷᠠᠳ ᠤᠨ ᠲᠣᠭᠤᠷᠢᠭ ᠤᠨ 12 ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠰᠠᠶᠢᠨ ᠳᠤᠷ᠎ᠠ ᠶᠢᠨ ᠠᠵᠢᠯᠯᠠᠭᠴᠢ ᠳᠤ ᠨᠡᠷ᠎ᠡ ᠮᠡᠳᠡᠭᠦᠯᠵᠦ᠂ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠬᠦᠴᠦᠨ ᠢ ᠪᠤᠵᠠᠭᠠᠶᠢᠷᠠᠭᠤᠯᠪᠠ᠃    ᠡᠨᠡ ᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠯᠢᠪᠠ ᠬᠦᠴᠦᠨ ᠢ ᠳᠠᠶᠢᠴᠢᠯᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠳᠠᠭᠠᠭᠠᠴᠢᠯᠠᠨ ᠬᠠᠷᠢᠯᠴᠠᠬᠤ ᠠᠵᠢᠯ ᠢ ᠪᠠᠲᠤᠯᠠᠪᠠ᠃ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠲᠢᠩᠬᠢᠮ ᠤᠨ ᠠᠯᠪᠠᠨ ᠬᠡᠷ ᠪᠠ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠨᠢ ᠴᠠᠭ ᠪᠠᠴᠢᠮ ᠪᠠ ᠡᠳ᠋ ᠪᠣᠳᠠᠰ ᠪᠠᠴᠢᠮ ᠳᠤᠲᠠᠭᠳᠠᠵᠤ ᠪᠠᠶᠢᠬᠤ ᠵᠡᠷᠭᠡ ᠬᠦᠴᠢᠷᠳᠡᠯ ᠢ ᠢᠯᠡᠨ ᠳᠠᠪᠠᠵᠤ᠂ ᠬᠦᠶ᠋ᠲᠡᠨ ᠢ ᠰᠡᠷᠭᠡᠶᠢᠯᠡᠬᠦ ᠬᠥᠪᠥᠩ ᠬᠤᠪᠴᠠᠰᠤ᠂ ᠠᠷᠢᠭᠤᠳᠬᠠᠬᠤ ᠲᠥᠬᠦᠭᠡᠷᠦᠮᠵᠢ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠢ ᠪᠠᠴᠢᠮ ᠵᠣᠬᠢᠴᠠᠭᠤᠯᠤᠨ ᠬᠤᠳᠠᠯᠳᠤᠨ ᠠᠪᠴᠤ᠂ ᠲᠢᠩᠬᠢᠮ ᠤᠨ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠭᠠᠵᠠᠷ ᠤᠨ ᠬᠢᠨ ᠤᠰᠤᠨ ᠠᠰᠢᠭᠯᠠᠯᠲᠠ ᠶᠢᠨ ᠬᠤᠶᠢᠲᠤ ᠲᠣᠭᠤᠷᠢᠭ ᠤᠨ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠦᠶ᠋ᠯᠡᠴᠢᠯᠡᠭᠡᠨ ᠤ ᠥᠷᠲᠡᠭᠡ ᠪᠠ ᠠᠵᠢᠯᠯᠠᠭᠠᠨ ᠤ ᠲᠥᠪ ᠢ ᠲᠦᠷ ᠴᠠᠭ ᠤᠨ ᠨᠠᠮ ᠤᠨ ᠡᠭᠦᠷ ᠤᠨ ᠠᠵᠢᠯ ᠤᠨ ᠲᠠᠯᠠᠪᠤᠷ ᠪᠣᠯᠭᠠᠪᠠ᠃ ᠨᠡᠶᠢᠭᠡᠮ ᠲᠣᠭᠤᠷᠢᠭ ᠲᠤ ᠭᠦᠨᠵᠡᠭᠡᠶᠢᠷᠡᠭᠰᠡᠨ ᠺᠠᠳ᠋ᠷ ᠪᠣᠯ ᠵᠥᠪᠬᠡᠨ ᠤᠰᠤᠨ ᠠᠰᠢᠭᠯᠠᠯᠲᠠ ᠶᠢᠨ ᠲᠢᠩᠬᠢᠮ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠬᠤᠷᠢᠶᠠᠩᠭᠤᠶ ᠳᠦᠷᠰᠦ ᠪᠣᠯᠤᠨ᠎ᠠ᠃ ᠲᠣᠰ ᠡᠭᠡᠯᠵᠢ ᠶᠢᠨ ᠬᠢᠵᠢᠭ ᠤᠨ ᠪᠠᠶᠢᠳᠠᠯ ᠠᠴᠠ ᠨᠠᠭᠠᠰᠢ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠭᠡᠰᠢᠭᠦᠨ ᠺᠠᠳ᠋ᠷ ︽ᠬᠤᠤᠰ ᠨᠡᠷ᠎ᠡ ᠮᠡᠳᠡᠭᠦᠯᠬᠦ︾ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠠᠮᠤᠷ ᠲᠦᠪᠰᠢᠨ ᠢ ᠪᠤᠳᠤᠬᠤ ᠥᠬᠡᠶ᠂ ᠬᠦᠴᠢᠷ ᠪᠡᠷᠬᠡᠰᠢᠶᠡᠯ ᠢ ᠬᠠᠶᠢᠬᠤᠷᠬᠤ ᠥᠬᠡᠶ᠂ ᠡᠳᠦᠷ ᠰᠥᠨᠢ ᠶᠢ ᠢᠯᠭᠠᠬᠤ ᠥᠬᠡᠶ ᠪᠠᠷ ᠥᠷᠭᠡᠨ ᠣᠯᠠᠨ ᠬᠤᠲᠠ ᠶᠢᠨ ᠠᠷᠠᠳ ᠲᠠᠢ ᠬᠠᠮᠲᠤ ᠮᠥᠷᠥ ᠵᠡᠷᠭᠡᠴᠡᠨ ᠪᠠᠶᠢᠯᠳᠤᠪᠠ᠃ ᠣᠳᠣᠬᠠᠨ ᠪᠣᠯᠲᠠᠯ᠎ᠠ᠂ ᠤᠰᠤᠨ ᠠᠰᠢᠭᠯᠠᠯᠲᠠ ᠶᠢᠨ ᠲᠢᠩᠬᠢᠮ ᠤᠨ ᠬᠥᠬᠡᠬᠤᠲᠠ ᠳᠤ ᠰᠠᠭᠤᠭ᠎ᠠ 555 ᠨᠠᠮ ᠤᠨ ᠭᠡᠰᠢᠭᠦᠨ ᠺᠠᠳ᠋ᠷ ︽ᠬᠤᠤᠰ ᠨᠡᠷ᠎ᠡ ᠮᠡᠳᠡᠭᠦᠯᠬᠦ︾ ᠶᠢ ᠪᠡᠶᠡᠯᠡᠭᠦᠯᠵᠦ᠂ 314 ᠨᠠᠮ ᠤᠨ ᠭᠡᠰᠢᠭᠦᠨ ᠺᠠᠳ᠋ᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠶ᠋ᠯᠡᠴᠢᠯᠡᠭᠡ ᠳᠤ       ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠬᠤᠲᠠ ᠶᠢ ᠬᠠᠮᠠᠭᠠᠯᠠᠬᠤ ᠳᠠᠶᠢᠯᠠᠯᠳᠤᠭᠠᠨ︾ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号