ᠠᠮᠢ ᠠᠬᠤᠢ ᠶᠢᠨ ᠤᠷᠤᠰᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠰᠡᠷᠭᠦᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/11/19
   ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠴᠢᠬᠤᠯᠠ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠰᠡᠷᠭᠦᠯᠲᠡ ᠶᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠪᠠ᠃ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ᠂ ᠰᠣᠩ ᠯᠢᠶᠤᠤ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ 10 ᠳ᠋ᠤᠭᠠᠷ ᠰᠠᠷ᠎ᠠ ᠶᠢᠨ ᠮᠤᠵᠢ ᠣᠷᠣᠨ ᠠᠯᠤᠰᠯᠠᠭᠰᠠᠨ ᠴᠢᠬᠤᠯᠠ ᠭᠤᠤᠯ ᠮᠥᠷᠡᠨ ᠤ ᠭᠤᠤᠯ ᠡᠵᠡᠮᠳᠡᠯ ᠣᠭᠲᠣᠯᠤᠭᠠᠰᠤ ᠶᠢᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠪᠠᠷᠢᠮᠵᠢᠶ᠎ᠠ ᠳᠤ ᠬᠦᠷᠦᠭᠦᠯᠦᠭᠰᠡᠨ ᠪᠠᠶᠢᠳᠠᠯ ᠤᠨ ᠮᠡᠳᠡᠭᠡᠯᠡᠯ ᠢ ᠦᠨᠳᠦᠰᠦᠯᠡᠪᠡᠯ᠂ ᠮᠠᠨ ᠤ ᠣᠷᠣᠨ ᠳᠤ ᠡᠦ ᠳ᠋ᠢᠩ ᠾᠧ ᠭᠤᠤᠯ᠂ ᠪᠠᠷᠠᠭᠤᠨ ᠯᠢᠶᠤᠤᠾᠧ ᠭᠤᠤᠯ᠂ ᠲᠤᠤ ᠡᠯ ᠾᠧ ᠭᠤᠤᠯ ᠵᠡᠷᠭᠡ 9 ᠮᠤᠵᠢ ᠣᠷᠣᠨ ᠠᠯᠤᠰᠯᠠᠭᠰᠠᠨ ᠭᠤᠤᠯ ᠮᠥᠷᠡᠨ ᠤ 12 ᠡᠵᠡᠮᠳᠡᠯ ᠣᠭᠲᠣᠯᠤᠭᠠᠰᠤ ᠨᠢ ᠴᠥᠮ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠬᠠᠮᠢᠶᠠᠷᠤᠨ ᠡᠵᠡᠮᠳᠡᠬᠦ ᠬᠠᠷᠠᠯᠲᠠ ᠳᠤ ᠬᠥᠷᠪᠡ᠃    ᠨᠢᠭᠡ ᠳᠤ᠂ ᠪᠠᠭᠲᠠᠭᠠᠪᠠᠰᠤ ᠵᠣᠬᠢᠬᠤ ᠶᠢ ᠨᠢ ᠪᠦᠬᠦᠨ ᠢ ᠪᠠᠭᠲᠠᠭᠠᠵᠤ᠂ ᠴᠢᠬᠤᠯᠠ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠨᠢᠭᠡᠨᠲᠡ ᠪᠡᠶᠡᠯᠡᠭᠦᠯᠦᠭᠰᠡᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠭᠤᠤᠯ ᠮᠥᠷᠡᠨ ᠢ ᠪᠦᠬᠦᠨ ᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠶ ᠳᠤ ᠣᠷᠣᠭᠤᠯᠵᠤ᠂ ᠭᠤᠤᠯ ᠮᠥᠷᠡᠨ ᠤ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠣᠭᠲᠣᠯᠤᠭᠠᠰᠤ ᠪᠠ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠬᠠᠷᠠᠯᠲᠠ ᠶᠢ ᠵᠤᠷᠪᠤᠰ ᠳᠠᠷᠠᠭᠠᠯᠠᠨ ᠲᠣᠭᠲᠠᠭᠠᠨ᠎ᠠ᠃ 2022 ᠣᠨ ᠤ 10 ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠨᠢᠭᠡᠨᠲᠡ ᠰᠠᠪᠠ ᠭᠠᠵᠠᠷ ᠤᠨ ᠵᠥᠪᠯᠡᠯ ᠲᠠᠢ ᠬᠠᠮᠵᠢᠯᠴᠠᠨ 9 ᠵᠤᠷᠪᠤᠰ ᠮᠤᠵᠢ ᠣᠷᠣᠨ ᠠᠯᠤᠰᠯᠠᠭᠰᠠᠨ ᠭᠤᠤᠯ ᠮᠥᠷᠡᠨ ᠤ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ 3 ᠵᠤᠷᠪᠤᠰ ᠠᠶᠢᠮᠠᠭ ᠬᠤᠲᠠ ᠠᠯᠤᠰᠯᠠᠭᠰᠠᠨ ᠴᠢᠬᠤᠯᠠ ᠭᠤᠤᠯ ᠮᠥᠷᠡᠨ᠂ 3 ᠴᠢᠬᠤᠯᠠ ᠨᠠᠭᠤᠷ ᠴᠥᠭᠦᠷᠥᠮ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ︵ᠤᠰᠤᠨ ᠤ ᠬᠡᠮᠵᠢᠶ᠎ᠡ︶ ᠶᠢ ᠪᠠᠲᠤᠯᠠᠬᠤ ᠬᠠᠷᠠᠯᠲᠠ ᠶᠢ ᠪᠡᠶᠡᠯᠡᠭᠦᠯᠪᠡ᠃ 2022 ᠣᠨ ᠳᠤ ᠴᠠᠭᠠᠨᠮᠦ᠋ᠷᠡᠨ ᠭᠤᠤᠯ᠂ ᠭᠡᠨᠢ ᠭᠤᠤᠯ᠂ ᠬᠦᠶ ᠯᠢᠦ ᠭᠤᠤᠯ᠂ ᠬᠠᠷᠬᠤᠰᠤ ᠨᠠᠭᠤᠷ ᠵᠡᠷᠭᠡ 4 ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠬᠦ ᠳᠤ ᠰᠠᠭᠤᠷᠢ ᠲᠠᠯᠪᠢᠵᠤ ᠥᠭᠭᠦᠨ᠎ᠡ᠃    ᠬᠤᠶᠠᠷ ᠲᠤ᠂ ᠬᠢᠨᠠᠨ ᠬᠡᠮᠵᠢᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠲᠣᠬᠢᠷᠠᠭᠤᠯᠤᠯᠲᠠ ᠶᠢᠨ ᠨᠠᠷᠢᠯᠢᠬᠵᠢᠭᠤᠯᠬᠤ ᠵᠢᠷᠤᠮᠵᠢᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠢᠬᠤᠯᠠ ᠭᠤᠤᠯ ᠮᠥᠷᠡᠨ ᠨᠠᠭᠤᠷ ᠴᠥᠭᠦᠷᠥᠮ ᠤᠨ ᠭᠤᠤᠯ ᠡᠵᠡᠮᠳᠡᠬᠦ ᠣᠭᠲᠣᠯᠤᠭᠠᠰᠤ ᠶᠢᠨ ᠤᠰᠤᠨ ᠵᠦᠶ ᠶᠢᠨ ᠬᠢᠨᠠᠨ ᠰᠢᠨᠵᠢᠬᠦ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ 11 ᠭᠤᠤᠯ ᠮᠥᠷᠡᠨ ᠤ ᠴᠢᠬᠤᠯᠠ ᠪᠣᠭᠤᠮᠲᠠ ᠶᠢᠨ ᠣᠭᠲᠣᠯᠤᠭᠠᠰᠤ ᠶᠢᠨ 3 ᠨᠠᠭᠤᠷ ᠴᠥᠭᠦᠷᠥᠮ ᠳᠤ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ︵ᠤᠰᠤᠨ ᠤ       ᠬᠡᠮᠵᠢᠶ᠎ᠡ︶ ᠶᠢ ᠬᠢᠨᠠᠨ ᠰᠢᠨᠵᠢᠬᠦ ᠥᠷᠲᠡᠭᠡ 18 ᠶᠢ ᠪᠠᠶᠢᠭᠤᠯᠤᠨ᠎ᠠ᠃ ᠤᠰᠤᠨ ᠠᠰᠢᠭᠯᠠᠯᠲᠠ ᠶᠢᠨ ᠶᠠᠮᠤᠨ ᠪᠣᠯᠤᠨ ᠰᠠᠪᠠ ᠭᠠᠵᠠᠷ ᠤᠨ ᠪᠠᠶᠢᠭᠤᠯᠤᠮᠵᠢ ᠶᠢᠨ ᠪᠠᠭᠤᠯᠭᠠᠭᠰᠠᠨ ᠬᠠᠲᠤᠨ ᠭᠤᠣᠯ᠂ ᠨᠤᠨ ᠮᠥᠷᠡᠨ ᠵᠡᠷᠭᠡ ᠮᠤᠵᠢ ᠣᠷᠣᠨ ᠠᠯᠤᠰᠯᠠᠭᠰᠠᠨ ᠭᠤᠣᠯ ᠮᠥᠷᠡᠨ ᠢ ᠲᠣᠬᠢᠷᠠᠭᠤᠯᠬᠤ ᠵᠠᠷᠯᠢᠭ ᠢ ᠴᠢᠩᠭ᠎ᠠ ᠬᠡᠷᠡᠭᠵᠢᠭᠦᠯᠵᠦ᠂ ᠣᠨ ᠤ ᠤᠰᠤ ᠬᠡᠷᠡᠭᠯᠡᠬᠦ ᠲᠥᠯᠥᠪᠯᠡᠭᠡ ᠪᠣᠯᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠴᠢᠩᠭ᠎ᠠ ᠨᠢᠮᠪᠠᠶ ᠲᠣᠭᠲᠠᠭᠠᠬᠤ ᠬᠡᠷᠡᠭᠲᠡᠶ᠃ ᠴᠠᠭ ᠠᠭᠤᠷ ᠤᠨ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠤᠰᠤ ᠪᠣᠷᠣᠭᠠᠨ ᠤ ᠪᠠᠶᠢᠳᠠᠯ ᠢ ᠲᠥᠰᠦᠭᠡᠯᠡᠵᠦ ᠤᠷᠢᠳᠴᠢᠯᠠᠨ ᠮᠡᠳᠡᠭᠡᠯᠡᠵᠦ ᠵᠠᠳᠠᠯᠤᠯᠲᠠ ᠬᠢᠬᠦ᠂ ᠰᠤᠳᠤᠯᠤᠨ ᠮᠠᠭᠠᠳᠯᠠᠬᠤ ᠪᠠ ᠴᠠᠭ ᠲᠤᠬᠠᠶ ᠳᠤᠨᠢ ᠲᠣᠬᠢᠷᠠᠭᠤᠯᠬᠤ ᠶᠢ ᠴᠢᠩᠭᠠᠳᠬᠠᠨ᠂ ︽ᠭᠤᠷᠪᠠᠨ ᠵᠦᠢᠯ ᠤᠨ ᠠᠮᠢᠳᠤ ᠪᠣᠳᠠᠰ︾ ᠤᠨ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠵᠦ᠂ ᠭᠤᠤᠯ ᠮᠥᠷᠡᠨ ᠨᠠᠭᠤᠷ ᠴᠥᠭᠦᠷᠥᠮ ᠤᠨ ᠦᠨᠳᠦᠰᠦᠨ ᠠᠮᠢ ᠠᠬᠤᠶ ᠶᠢᠨ ᠬᠡᠷᠡᠭᠯᠡᠬᠦ ᠤᠰᠤᠨ ᠤ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠬᠠᠩᠭᠠᠨ᠎ᠠ᠃ ᠡᠭᠦᠨ ᠤ ᠬᠠᠮᠲᠤ᠂ ᠴᠢᠬᠤᠯᠠ ᠭᠤᠤᠯ ᠮᠥᠷᠡᠨ ᠨᠠᠭᠤᠷ ᠴᠥᠭᠦᠷᠥᠮ ᠤᠨ ᠭᠤᠤᠯ ᠡᠵᠡᠮᠳᠡᠬᠦ ᠣᠭᠲᠣᠯᠤᠭᠠᠰᠤ ᠶᠢᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠤᠯᠠᠷᠢᠯ ᠤᠯᠠᠷᠢᠯ ᠢᠶᠠᠷ ᠡᠯ᠎ᠡ ᠠᠶᠢᠮᠠᠭ ᠬᠤᠲᠠ ᠳᠤ ᠮᠡᠳᠡᠭᠡᠯᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠯᠭᠠᠨ ᠬᠢᠨᠠᠬᠤ ᠳᠤ ᠣᠷᠣᠭᠤᠯᠤᠨ᠎ᠠ᠃    ᠭᠤᠷᠪᠠ ᠳᠤ᠂ ᠭᠤᠤᠯᠳᠠᠯᠭ᠎ᠠ ᠲᠠᠢ ᠭᠤᠤᠯ ᠮᠥᠷᠡᠨ ᠨᠠᠭᠤᠷ ᠴᠥᠭᠦᠷᠥᠮ ᠤᠨ ᠦᠨᠳᠦᠰᠦᠨ ᠠᠮᠢ ᠠᠬᠤᠶ ᠶᠢᠨ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠪᠠᠲᠤᠯᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠰᠡᠷᠭᠦᠯᠲᠡ ᠶᠢ ᠠᠬᠢᠭᠤᠯᠤᠨ᠎ᠠ᠃ ᠴᠤᠤᠯ ᠭᠤᠤᠯ᠂ ᠶᠠᠯᠦ ᠭᠤᠤᠯ ᠵᠡᠷᠭᠡ ᠮᠤᠵᠢ ᠣᠷᠣᠨ ᠠᠯᠤᠰᠯᠠᠭᠰᠠᠨ ᠭᠤᠤᠯ ᠮᠥᠷᠡᠨ ᠬᠤᠶᠠᠷ ᠵᠢᠯ ᠳᠠᠷᠠᠭᠠᠯᠠᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠬᠠᠷᠠᠯᠲᠠ ᠳᠤ ᠬᠦᠷᠴᠦ᠂ ︽ᠨᠢᠭᠡ ᠨᠠᠭᠤᠷ ᠬᠤᠶᠠᠷ ᠳᠠᠯᠠᠢ︾ ᠤᠨ ᠨᠠᠭᠤᠷ ᠲᠤ ᠤᠷᠤᠰᠤᠨ ᠣᠷᠣᠬᠤ ᠤᠰᠤᠨ ᠤ ᠬᠡᠮᠵᠢᠶ᠎ᠡ ᠪᠠ ᠤᠰᠤᠨ ᠤ ᠭᠠᠳᠠᠷᠭᠤ ᠶᠢᠨ ᠲᠠᠯᠠᠪᠠᠶ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠵᠡᠭᠦᠨ ᠰᠤᠪᠠᠨᠠᠭᠤᠷ 18 ᠵᠢᠯ ᠳᠠᠷᠠᠭᠠᠯᠠᠨ ︽ᠨᠣᠮᠢᠨ ᠳᠣᠯᠭᠢᠶᠠᠨ ᠳᠣᠯᠭᠢᠶᠠᠯᠠᠵᠤ︾᠂ ᠤᠰᠤᠨ ᠣᠷᠣᠨ ᠤ ᠲᠠᠯᠠᠪᠠᠶ ᠴᠥᠮ 40 ᠲᠡᠭᠰᠢ ᠳᠥᠷᠪᠡᠯᠵᠢᠨ ᠺᠢᠯᠣᠮᠧᠳ᠋ᠷ ᠠᠴᠠ ᠳᠡᠭᠡᠭᠰᠢ ᠪᠠᠶᠢᠬᠤ ᠶᠢ ᠪᠠᠲᠤᠯᠠᠪᠠ᠃ ᠪᠠᠷᠠᠭᠤᠨ ᠯᠢᠶᠤᠤ ᠾᠧ ᠭᠤᠣᠯ ᠤᠨ ᠰᠠᠪᠠ ᠭᠠᠵᠠᠷ ᠨᠢ ᠤᠰᠤᠨ ᠠᠰᠢᠭᠯᠠᠯᠲᠠ ᠶᠢᠨ ᠢᠨᠵᠧᠨᠧᠷᠢᠩ ᠢ ᠬᠠᠮᠲᠤᠷᠠᠨ ᠲᠣᠬᠢᠷᠠᠭᠤᠯᠬᠤ᠂ ᠤᠰᠤ ᠨᠥᠬᠦᠪᠥᠷᠢᠯᠡᠬᠦ ᠨᠡᠪᠲᠡᠷᠡᠯ ᠵᠠᠮ ᠢ ᠨᠡᠪᠲᠡᠷᠡᠭᠦᠯᠬᠦ᠂ ᠭᠠᠵᠠᠷ ᠳᠡᠭᠡᠷᠡᠬᠢ ᠤᠰᠤ ᠬᠢᠭᠡᠳ ᠭᠠᠵᠠᠷ ᠳᠣᠣᠷᠠᠬᠢ ᠤᠰᠤ ᠶᠢ ᠬᠠᠮᠲᠤᠷᠠᠨ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ 2020 ᠣᠨ ᠠᠴᠠ 2022 ᠣᠨ ᠪᠣᠯᠲᠠᠯ᠎ᠠ᠂ ᠭᠤᠣᠯ ᠤᠷᠤᠰᠬᠠᠯ ᠤᠨ ᠥᠩᠭᠡᠷᠡᠬᠦ ᠤᠰᠤᠨ ᠤ ᠤᠷᠲᠤ ᠶᠢᠨ ᠬᠡᠮᠵᠢᠶ᠎ᠡ ᠶᠢ ᠲᠤᠰ ᠲᠤᠰ 32 ᠺᠢᠯᠣᠮᠧᠳ᠋ᠷ᠂ 74 ᠺᠢᠯᠣᠮᠧᠳ᠋ᠷ ᠪᠠ 92 ᠺᠢᠯᠣᠮᠧᠳ᠋ᠷ ᠲᠤ ᠬᠦᠷᠦᠭᠦᠯᠵᠦ᠂ ︽ᠤᠰᠤ ᠲᠠᠢ︾ ᠭᠤᠣᠯ ᠤᠨ ᠬᠡᠰᠡᠭ ᠢ ᠵᠢᠯ ᠳᠠᠷᠠᠭᠠᠯᠠᠨ ᠤᠷᠲᠤᠳᠬᠠᠵᠤ᠂ ᠶᠡᠷᠦᠩᠬᠡᠶ ᠠᠯᠪᠠᠨ ᠭᠡᠷ ᠤᠨ ᠸᠧ ᠪᠦ᠋ᠦ ᠶᠢᠨ ᠬᠦᠢᠰᠦ ᠭᠠᠵᠠᠷ ᠢᠶᠠᠷ ᠣᠷᠴᠢᠮ ᠤᠨ 20 ᠵᠢᠯ ᠤᠨ ᠲᠤᠷᠰᠢ ᠠᠩᠬ᠎ᠠ ᠤᠳᠠᠭ᠎ᠠ ᠤᠰᠤ ᠪᠠᠷ ᠥᠩᠭᠡᠷᠡᠵᠦ᠂ ᠪᠠᠷᠠᠭᠤᠨ ᠯᠢᠶᠤᠤ ᠾᠧ ᠭᠤᠣᠯ ᠤᠨ ᠭᠤᠣᠯ ᠤᠷᠤᠰᠬᠠᠯ ᠤᠨ 20 ᠵᠢᠯ ᠳᠠᠷᠠᠭᠠᠯᠠᠨ ᠪᠦᠬᠦ ᠵᠢᠯ ᠳᠤ ᠤᠷᠤᠰᠬᠠᠯ ᠲᠠᠰᠤᠷᠠᠭᠰᠠᠨ ᠲᠡᠦᠬᠡ ᠶᠢ ᠡᠴᠦᠰᠯᠡᠭᠦᠯᠪᠡ᠃ ᠪᠠᠷᠠᠭᠤᠨ ᠯᠢᠶᠤᠤ ᠾᠧ ᠭᠤᠤᠯ ᠳᠤ ᠰᠢᠯᠵᠢᠭᠦᠯᠦᠨ ᠣᠷᠣᠭᠤᠯᠤᠭᠰᠠᠨ ᠭᠤᠤᠯ ᠤᠷᠤᠰᠬᠠᠯ ᠤᠨ ᠤᠰᠤᠨ ᠤ ᠬᠡᠮᠵᠢᠶ᠎ᠡ ᠶᠢ ᠭᠤᠤᠯ ᠤᠨ ᠵᠠᠮ ᠪᠠ ᠨᠤᠭᠤ ᠭᠠᠵᠠᠷ ᠲᠤ ᠤᠰᠤ ᠨᠥᠬᠦᠪᠥᠷᠢᠯᠡᠬᠦ ᠳᠤ ᠬᠡᠷᠡᠭᠯᠡᠬᠦ ᠶᠢ ᠭᠠᠷᠭᠠᠪᠠᠯ᠂ ᠪᠦᠬᠦᠨ ᠢ ᠬᠤᠷᠴᠢᠨ ᠲᠣᠮᠣ ᠬᠡᠯᠪᠡᠷᠢ ᠶᠢᠨ ᠬᠡᠲᠦᠷᠡᠲᠡᠯ᠎ᠡ ᠮᠠᠯᠲᠠᠭᠰᠠᠨ ᠣᠷᠣᠨ ᠤ ᠲᠥᠪ ᠤᠨ ᠮᠣᠷᠢᠨ ᠰᠦᠮ᠎ᠡ ᠶᠢᠨ ᠤᠰᠤᠨ ᠴᠥᠭᠦᠷᠥᠮ ᠳᠤ ᠰᠢᠯᠵᠢᠭᠦᠯᠦᠨ ᠣᠷᠣᠭᠤᠯᠵᠤ ᠭᠠᠵᠠᠷ ᠳᠣᠤᠷᠠᠬᠢ ᠤᠰᠤ ᠶᠢ ᠨᠥᠬᠦᠪᠥᠷᠢᠯᠡᠬᠦ ᠳᠤ ᠬᠡᠷᠡᠭᠯᠡᠨ᠂ ᠬᠡᠲᠦᠷᠡᠲᠡᠯ᠎ᠡ ᠮᠠᠯᠲᠠᠭᠰᠠᠨ ᠣᠷᠣᠨ ᠤ ᠤᠰᠤᠨ ᠲᠦᠪᠰᠢᠨ 4 ᠤᠯᠠᠷᠢᠯ ᠳᠠᠷᠠᠭᠠᠯᠠᠨ ᠳᠡᠭᠡᠭᠰᠢᠯᠡᠪᠡ᠃    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠬᠠᠷᠭᠤᠭᠤᠯᠤᠨ ᠲᠣᠭᠲᠠᠭᠠᠬᠤ ᠪᠠ ᠪᠠᠲᠤᠯᠠᠬᠤ ᠶᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠠᠵᠢᠯ ᠢ ᠭᠠᠷᠲᠠᠨ ᠥᠷᠨᠢᠭᠦᠯᠬᠦ ᠶᠢᠨ ᠬᠠᠮᠲᠤ ᠪᠠᠷᠠᠭᠤᠨ ᠯᠢᠶᠣᠤ ᠾᠧ ᠭᠤᠤᠯ᠂ ᠲᠠᠭ᠎ᠠ ᠶᠢᠨ ᠨᠠᠭᠤᠷ ᠤᠨ ᠡᠵᠢ ᠭᠤᠤᠯ ︵ᠨᠠᠭᠤᠷ︶ ᠢ ᠰᠡᠷᠭᠦᠭᠡᠬᠦ ᠠᠵᠢᠯᠯᠠᠭ᠎ᠠ ᠶᠢ ᠲᠤᠷᠰᠢᠨ ᠠᠬᠢᠭᠤᠯᠵᠤ᠂ ᠭᠤᠤᠯ ᠮᠥᠷᠡᠨ ᠤ ᠤᠷᠤᠰᠬᠠᠯ ᠶᠢ ᠢᠳᠡᠭ ᠢᠳᠡᠭ ᠢᠶᠠᠷ ᠰᠡᠷᠭᠦᠭᠡᠵᠦ᠂ ᠰᠠᠪᠠ ᠭᠠᠵᠠᠷ ᠲᠤ ᠳᠠᠬᠢᠨ ᠠᠮᠢᠵᠢᠷᠠᠯ ᠤᠨ ᠬᠦᠴᠦᠨ ᠣᠯᠭᠤᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号