ᠥᠪᠥᠷ ᠮᠣᠩᠭᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ 2022~2023 ᠣᠨ ᠤ ᠬᠠᠳᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ ᠰᠦᠩ ᠬᠠᠯᠢᠶ᠎ᠠ ᠶᠢ ᠰᠡᠷᠭᠡᠶᠢᠯᠡᠬᠦ ᠤᠰᠤᠨ ᠵᠦᠢ ᠶᠢᠨ ᠬᠡᠮᠵᠢᠨ ᠮᠡᠳᠡᠭᠦᠯᠬᠦ ᠠᠵᠢᠯ ᠤᠨ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/19
    2022 ᠣᠨ ᠤ 11 ᠳ᠋ᠦ᠋ᠭᠡᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ 2022~2023 ᠣᠨ ᠤ ᠬᠠᠳᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ ᠰᠦᠩ ᠬᠠᠯᠢᠶ᠎ᠠ ᠶᠢ ᠰᠡᠷᠭᠡᠶᠢᠯᠡᠬᠦ ᠤᠰᠤᠨ ᠵᠦᠢ ᠶᠢᠨ ᠬᠡᠮᠵᠢᠨ ᠮᠡᠳᠡᠭᠦᠯᠬᠦ ᠠᠵᠢᠯ ᠤᠨ ᠸᠢᠳᠢᠣ᠋ ᠬᠤᠷᠠᠯ ᠬᠤᠷᠠᠯᠳᠤᠭᠤᠯᠵᠤ᠂ ᠬᠠᠲᠤᠨ ᠭᠤᠤᠯ ᠤᠨ ᠦᠶᠡᠷ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠤᠨ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠤᠨ 2022~2023 ᠣᠨ ᠤ ᠸᠢᠳᠢᠣ᠋ ᠬᠤᠷᠠᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ ᠤᠨ 2022~2023 ᠣᠨ ᠤ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠰ ᠵᠢᠯ ᠤᠨ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠠᠲᠤᠨ ᠭᠤᠤᠯ ᠳᠠᠭᠠᠤ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠵᠢᠴᠢ ᠪᠠᠶᠠᠨᠨᠠᠭᠤᠷ ᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠠᠶᠢᠨ ᠬᠡᠮᠵᠢᠬᠦ ᠲᠥᠪ ᠬᠠᠷᠢᠭᠤ ᠮᠡᠳᠡᠭᠦᠯᠦᠯᠲᠡ ᠬᠢᠵᠦ᠂ ᠲᠤᠰ ᠵᠢᠯ ᠤᠨ ᠰᠦᠩ ᠬᠠᠯᠢᠶ᠎ᠠ ᠶᠢ ᠰᠡᠷᠭᠡᠶᠢᠯᠡᠬᠦ ᠤᠰᠤᠨ ᠵᠦᠢ ᠶᠢᠨ ᠬᠡᠮᠵᠢᠨ ᠮᠡᠳᠡᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠢ ᠵᠢᠶᠦ᠋ᠨ ᠨᠥᠬᠦᠷ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃    ᠸᠠᠩ ᠬᠠᠶ ᠵᠢᠶᠦ᠋ᠨ᠂ 2021~2022 ᠣᠨ ᠤ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠤᠨ ᠰᠥᠩ ᠬᠠᠯᠢᠶ᠎ᠠ ᠳᠤ ᠭᠤᠤᠯᠳᠠᠭᠤ ᠠᠩᠬᠠᠨ ᠤ ᠰᠥᠩ ᠬᠠᠯᠢᠶ᠎ᠠ ᠵᠢᠴᠢ ᠠᠩᠬᠠᠨ ᠤ ᠪᠢᠲᠡᠭᠦᠮᠵᠢ ᠶᠢᠨ ᠡᠳᠦᠷ ᠬᠤᠭᠤᠴᠠᠭ᠎ᠠ ᠣᠷᠣᠶ᠂ ᠭᠤᠤᠯ ᠪᠢᠲᠡᠭᠦᠮᠵᠢᠯᠡᠬᠦ ᠬᠡᠮᠵᠢᠶ᠎ᠡ ᠶᠡᠭᠡ᠂ ᠬᠠᠳᠠᠭᠠᠯᠠᠬᠤ ᠤᠰᠤᠨ ᠬᠡᠮᠵᠢᠶ᠎ᠡ ᠪᠠᠭ᠎ᠠ᠂ ᠭᠤᠤᠯ ᠭᠡᠰᠬᠦ ᠴᠠᠭ ᠡᠷᠲᠡ ᠵᠡᠷᠭᠡ ᠣᠨᠴᠠᠯᠢᠭ ᠢᠯᠡᠷᠡᠵᠦ᠂ ᠬᠠᠲᠤᠨ ᠭᠤᠤᠯ ᠤᠨ ᠲᠠᠭᠠᠤ ᠶᠢᠨ ᠤᠰᠤᠨ ᠵᠦᠶ ᠶᠢᠨ ᠰᠠᠯᠠᠭ᠎ᠠ ᠮᠥᠴᠢᠷ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠮᠪᠠᠶ ᠪᠡᠯᠡᠳᠬᠡᠵᠦ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠢᠳᠡᠪᠬᠢᠲᠡᠶ ᠥᠷᠨᠢᠭᠦᠯᠵᠦ᠂ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠤᠨ ᠰᠥᠩ ᠬᠠᠯᠢᠶ᠎ᠠ ᠶᠢ ᠰᠡᠷᠭᠡᠶᠢᠯᠡᠬᠦ ᠤᠰᠤᠨ ᠵᠦᠶ ᠶᠢᠨ ᠬᠡᠮᠵᠢᠨ ᠮᠡᠳᠡᠭᠡᠯᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠡᠢ ᠭᠡᠵᠦ ᠵᠢᠭᠠᠨ ᠭᠠᠷᠭᠠᠵᠠᠢ᠃    ᠸᠠᠩ ᠬᠠᠢ ᠵᠢᠶᠦ᠋ᠨ᠂ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠭᠰᠠᠨ ᠨᠢ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ ᠢᠶᠠᠨ ᠡᠬᠢᠯᠡᠭᠦᠯᠵᠡᠢ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠢ ᠬᠠᠮᠠᠭᠠᠯᠠᠬᠤ ᠬᠠᠤᠯᠢ︾ ᠶᠢ ᠪᠠᠲᠤᠯᠠᠵᠤ᠂ ᠰᠥᠩ ᠬᠠᠯᠢᠶ᠎ᠠ ᠶᠢ ᠰᠡᠷᠭᠡᠶᠢᠯᠡᠵᠦ ᠠᠮᠤᠷ ᠲᠦᠪᠰᠢᠨ ᠢ ᠬᠠᠮᠠᠭᠠᠯᠠᠬᠤ ᠳᠤ ᠨᠠᠩ ᠥᠨᠳᠥᠷ ᠱᠠᠭᠠᠷᠳᠠᠯᠭ᠎ᠠ ᠳᠤᠷᠠᠳᠴᠠᠶ᠃ ᠤᠰᠤᠨ ᠠᠰᠢᠭᠯᠠᠯᠲᠠ ᠶᠢᠨ ᠶᠠᠮᠤᠨ᠂ ᠬᠠᠲᠤᠨ ᠭᠤᠤᠯ ᠤᠨ ᠦᠶᠡᠷ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠪᠣᠯᠤᠨ ᠤᠰᠤᠨ ᠠᠰᠢᠭᠯᠠᠯᠲᠠ ᠶᠢᠨ ᠲᠢᠩᠬᠢᠮ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡ ᠵᠢᠯ ᠤᠨ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠣᠳᠣᠬᠠᠨ ᠳᠤ ᠮᠠᠨ ᠤ ᠣᠷᠣᠨ ᠤ ᠬᠠᠲᠤᠨ ᠭᠤᠤᠯ ᠤᠨ ᠳᠠᠭᠠᠤ ᠶᠢᠨ ᠠᠶᠢᠮᠠᠭ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠴᠠᠭ ᠠᠭᠤᠷ ᠤᠨ ᠨᠥᠬᠦᠴᠡᠯ ᠲᠣᠭᠲᠠᠭᠠᠯᠲᠤ ᠪᠤᠰᠤ ᠴᠢᠨᠠᠷ ᠢᠶᠠᠷ ᠳᠦᠭᠦᠷᠴᠦ᠂ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠤᠨ ᠰᠥᠩ ᠬᠠᠯᠢᠶ᠎ᠠ ᠶᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠤᠨ ᠰᠠᠭᠤᠷᠢ ᠪᠠᠭᠤᠷᠠᠶ᠂ ᠭᠤᠤᠯ ᠤᠨ ᠵᠠᠮ ᠤᠨ ᠤᠰᠤ ᠥᠩᠭᠡᠷᠡᠬᠦ ᠴᠢᠳᠠᠪᠤᠷᠢ ᠬᠦᠷᠦᠯᠴᠡᠬᠦ ᠥᠬᠡᠶ ᠵᠡᠷᠭᠡ ᠠᠰᠢᠭ ᠥᠬᠡᠶ ᠬᠦᠴᠦᠨ ᠵᠦᠶ᠋ᠯ ᠳᠠᠪᠬᠤᠴᠠᠵᠤ᠂ ᠡᠨᠡ ᠵᠢᠯ ᠤᠨ ᠰᠥᠩ ᠬᠠᠯᠢᠶ᠎ᠠ ᠶᠢ ᠰᠡᠷᠭᠡᠶᠢᠯᠡᠬᠦ ᠤᠰᠤᠨ ᠵᠦᠶ ᠶᠢᠨ ᠬᠡᠮᠵᠢᠨ ᠮᠡᠳᠡᠭᠦᠯᠬᠦ ᠠᠵᠢᠯ ᠳᠤ ᠨᠠᠩ ᠣᠯᠠᠨ ᠠᠶᠤᠯ ᠲᠦᠭᠰᠢᠭᠦᠷᠢ ᠪᠠ ᠥᠷᠢᠰᠥᠯᠳᠦᠭᠡᠨ ᠠᠪᠴᠢᠷᠠᠵᠠᠢ ᠭᠡᠵᠦ ᠴᠢᠬᠤᠯᠠᠴᠢᠯᠠᠵᠠᠢ᠃    ᠸᠠᠩ ᠬᠠᠢ ᠵᠢᠶᠦ᠋ᠨ᠂ ᠲᠤᠰ ᠵᠢᠯ ᠤᠨ ᠬᠠᠳᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ ᠰᠦᠩ ᠬᠠᠯᠢᠶ᠎ᠠ ᠶᠢ ᠰᠡᠷᠭᠡᠶᠢᠯᠡᠬᠦ ᠪᠠᠶᠢᠳᠠᠯ ᠨᠡᠩ ᠬᠦᠨᠳᠦ ᠬᠡᠴᠡᠭᠦᠦ ᠪᠤᠯᠵᠤ᠂ ᠰᠦᠩ ᠬᠠᠯᠢᠶ᠎ᠠ ᠶᠢ ᠰᠡᠷᠭᠡᠶᠢᠯᠡᠬᠦ ᠤᠰᠤᠨ ᠵᠦᠢ ᠶᠢᠨ ᠬᠡᠮᠵᠢᠨ ᠮᠡᠳᠡᠭᠡᠯᠡᠬᠦ ᠡᠭᠦᠷᠭᠡ ᠬᠦᠨᠳᠦ᠂ ᠬᠠᠷᠢᠭᠤᠴᠠᠯᠭ᠎ᠠ ᠬᠦᠨᠳᠦ ᠪᠠᠶᠢᠨ᠎ᠠ᠂ ᠬᠤᠯᠪᠣᠭᠳᠠᠯ ᠪᠦᠬᠦᠢ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠨᠢᠭᠡ ᠳᠤ ᠦᠵᠡᠯ ᠰᠠᠨᠠᠭᠠᠨ ᠤ ᠲᠠᠨᠢᠯᠲᠠ ᠪᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠬᠠᠳᠬᠠᠵᠤ᠂ ᠰᠦᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠦᠩ ᠬᠠᠯᠢᠶ᠎ᠠ ᠶᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠳᠥᠷᠪᠡ ᠳᠤ ︽ᠳᠥᠷᠪᠡᠨ ᠤᠷᠢᠳᠴᠢᠯᠠᠯᠲᠠ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠡᠮᠵᠢᠨ ᠮᠡᠳᠡᠭᠦᠯᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ᠃ ᠲᠠᠪᠤ ᠳᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ ᠭᠡᠵᠦ ᠱᠠᠭᠠᠷᠳᠠᠵᠠᠢ᠃    ᠸᠠᠩ ᠬᠠᠢ ᠵᠢᠶᠦ᠋ᠨ᠂ ᠬᠠᠳᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ ᠪᠢᠲᠡᠭᠦᠮᠵᠢᠯᠡᠯ ᠤᠳᠠᠯ ᠦᠭᠡᠢ ᠬᠦᠷᠴᠦ ᠢᠷᠡᠬᠦ ᠪᠣᠯᠤᠯ᠎ᠠ᠂ ᠤᠰᠤᠨ ᠵᠦᠢ ᠶᠢᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ ᠪᠠᠶᠢᠨ᠎ᠠ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠪᠣᠯᠤᠨ ︽ᠰᠤᠷᠲᠠᠯ ᠤᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠪᠠᠷ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠰᠦᠩ ᠬᠠᠯᠢᠶ᠎ᠠ ᠶᠢ ᠰᠡᠷᠭᠡᠶᠢᠯᠡᠵᠦ ᠪᠠᠶᠢᠴᠠᠭᠠᠨ ᠮᠡᠳᠡᠭᠡᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ᠲᠤᠰ ᠵᠢᠯ ᠤᠨ ᠬᠠᠳᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠪᠠᠶᠢᠳᠠᠯ ᠤᠨ ᠴᠢᠬᠤᠯᠠ ᠴᠢᠨᠠᠷ ᠪᠣᠯᠤᠨ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭ᠎ᠠ ᠡᠭᠦᠷᠭᠡᠯᠡᠯ ᠪᠣᠯᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠴᠢᠩᠭᠠᠳᠬᠠᠵᠤ᠂ ᠤᠰᠤᠨ ᠵᠦᠢ ᠶᠢᠨ ᠰᠦᠩ ᠬᠠᠯᠢᠶ᠎ᠠ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠠᠢ᠃    ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠤᠯᠪᠣᠭᠳᠠᠯ ᠪᠦᠬᠦᠢ ᠭᠠᠵᠠᠷ ᠲᠠᠰᠤᠭ ᠤᠨ ᠠᠵᠢᠯᠲᠠᠳ ᠭᠤᠣᠯ ᠬᠤᠷᠠᠯ ᠤᠨ ᠲᠠᠯᠠᠪᠠᠢ ᠪᠠᠷ ᠬᠤᠷᠠᠯ ᠳᠤ ᠣᠷᠣᠯᠴᠠᠵᠤ᠂ ᠬᠠᠳᠤᠨ ᠭᠤᠣᠯ ᠳᠠᠭᠠᠤ ᠶᠢᠨ ᠤᠰᠤᠨ ᠰᠢᠨᠵᠢᠯᠡᠭᠡᠨ ᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠠᠵᠢᠯᠲᠠᠳ ᠬᠤᠪᠢᠶᠠᠷᠢ ᠬᠤᠷᠠᠯ ᠤᠨ ᠲᠠᠯᠠᠪᠠᠢ ᠪᠠᠷ ᠬᠤᠷᠠᠯ ᠳᠤ ᠣᠷᠣᠯᠴᠠᠵᠠᠢ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号