ᠱᠧᠩ ᠰᠢᠶᠣᠣ ᠶᠢᠤ ᠲᠢᠩᠬᠢᠮ ᠤᠨ ᠳᠠᠷᠤᠭ᠎ᠠ ᠬᠠᠲᠤᠨ ᠭᠤᠣᠯ ᠤᠨ ᠲᠠᠩ ᠣᠷᠣᠨ ᠤ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/11/21
  11 ᠳ᠋ᠦ᠋ᠭᠡᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠤ ᠬᠥᠬᠡᠬᠤᠲᠠ ᠶᠢᠨ ᠲᠣᠭᠲᠠᠬᠤ ᠰᠢᠶᠠᠨ ᠳᠤ ᠭᠦᠨᠵᠡᠭᠡᠶᠢᠷᠡᠨ ᠬᠠᠲᠤᠨ ᠭᠤᠤᠯ ᠤᠨ ᠲᠠᠩ ᠤᠨ ᠣᠷᠣᠨ ᠤ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠢ ᠱᠠᠯᠠᠪᠳᠠᠭᠤᠯᠤᠨ ᠵᠢᠯᠣᠭᠤᠳᠴᠤ᠂ ᠲᠠᠩ ᠤᠨ ᠣᠷᠣᠨ ᠤ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠤᠨ ᠠᠬᠢᠴᠠ᠂ ᠨᠡᠭᠦᠯᠭᠡᠨ ᠪᠠᠶᠢᠭᠤᠯᠵᠤ ᠲᠥᠪᠬᠢᠨᠡᠭᠦᠯᠬᠦ ᠲᠥᠷᠥ ᠶᠢᠨ ᠪᠣᠳᠣᠯᠭ᠎ᠠ ᠪᠠ ᠨᠡᠭᠦᠯᠭᠡᠨ ᠪᠠᠶᠢᠭᠤᠯᠬᠤ ᠣᠷᠣᠨ ᠤ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠢᠶᠠ ᠲᠠᠨ ᠲᠣᠰᠬᠤᠨ᠂ ᠯᠢᠦ ᠯᠢᠨ ᠲᠣᠰᠬᠤᠨ ᠳᠤ ᠨᠡᠭᠦᠯᠭᠡᠵᠦ ᠪᠠᠶᠢᠭᠤᠯᠤᠭᠰᠠᠨ ᠬᠡᠷ ᠪᠠᠶᠢᠰᠢᠩ ᠢ ᠨᠤᠷᠠᠭᠠᠵᠤ ᠪᠠᠶᠢᠭ᠎ᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃  ᠱᠧᠩ ᠰᠢᠶᠣᠣ ᠶᠢᠤ᠂ ᠬᠠᠲᠤᠨ ᠭᠤᠤᠯ ᠤᠨ ᠲᠠᠩ ᠤᠨ ᠣᠷᠣᠨ ᠤ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠪᠣᠯ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠭᠤᠤᠯ ᠤᠨ ᠵᠠᠮ ᠤᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠴᠢᠬᠤᠯᠠ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠣᠳᠣᠬᠠᠨ ᠤ ᠬᠢᠵᠢᠭ ᠤᠨ ᠪᠠᠶᠢᠳᠠᠯ ᠵᠡᠷᠭᠡ ᠬᠦᠴᠦᠨ ᠵᠦᠢᠯ ᠤᠨ ᠠᠰᠢᠭ ᠥᠬᠡᠶ ᠨᠥᠯᠥᠭᠡ ᠶᠢ ᠢᠯᠡᠨ ᠳᠠᠪᠠᠵᠤ᠂ ᠵᠣᠷᠢᠭᠲᠠᠶ ᠪᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠴᠠᠭ ᠮᠥᠴᠡ ᠲᠠᠢ ᠤᠷᠤᠯᠳᠤᠨ ᠰᠠᠭᠠᠲᠠᠭᠠᠪᠠᠯ ᠰᠠᠭᠠᠲᠠᠭᠠᠬᠤ ᠠᠬᠢᠴᠠ ᠶᠢ ᠲᠦᠷᠭᠡᠳᠬᠡᠨ ᠨᠥᠬᠦᠪᠥᠷᠢᠯᠡᠵᠦ᠂ ᠨᠡᠭᠦᠯᠭᠡᠨ ᠪᠠᠶᠢᠭᠤᠯᠤᠭᠰᠠᠨ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠣᠨ ᠤ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠣᠳᠣᠬᠠᠨ ᠳᠤ ᠬᠠᠷᠠᠬᠠᠨ ᠨᠡᠭᠦᠯᠭᠡᠨ ᠪᠠᠶᠢᠭᠤᠯᠤᠭᠠᠳᠤᠶ ᠡᠬᠡ ᠲᠠᠩᠰᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠷᠦᠬᠡ ᠪᠦᠷᠢ ᠶᠢ ᠲᠥᠪᠬᠢᠨᠡᠭᠦᠯᠬᠦ ᠠᠷᠭ᠎ᠠ ᠮᠠᠶ᠋ᠢᠭ᠂ ᠪᠡᠶᠡᠯᠡᠭᠦᠯᠬᠦ ᠴᠠᠭ ᠬᠤᠭᠤᠴᠠᠭ᠎ᠠ᠂ ᠣᠷᠣᠰᠢᠵᠤ ᠪᠠᠶᠢᠭ᠎ᠠ ᠠᠰᠠᠭᠤᠳᠠᠯ ᠢ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠬᠠᠲᠤᠨ ᠭᠤᠤᠯ ᠤᠨ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠣᠨ ᠤ ᠡᠭᠦᠷᠭᠡ ᠶᠢ ᠲᠡᠷᠡ ᠬᠡᠪ ᠢᠶᠠᠷ ᠨᠢ ᠪᠡᠶᠡᠯᠡᠭᠦᠯᠬᠦ ᠪᠠᠷ ᠪᠠᠶᠢᠨ᠎ᠠ᠃ ᠢᠷᠡᠬᠦ ᠵᠢᠯ ᠤᠨ ᠠᠵᠢᠯ ᠢᠶᠠᠨ ᠤᠷᠢᠳᠴᠢᠯᠠᠨ ᠲᠥᠯᠥᠪᠵᠢᠭᠦᠯᠵᠦ᠂ 2023 ᠣᠨ ᠳᠤ᠂ ᠭᠤᠣᠯ ᠤᠨ ᠲᠠᠩ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠡᠭᠦᠷᠭᠡ ᠬᠦᠨᠳᠦ ᠪᠠᠶᠢᠨ᠎ᠠ᠂ ᠡᠭᠦᠷᠭᠡ ᠪᠠᠨ ᠯᠠᠪᠳᠠᠭᠤᠨ ᠢᠶᠠᠷ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠡᠭᠦᠷᠭᠡ ᠬᠠᠷᠠᠯᠲᠠ ᠶᠣᠰᠣᠭᠠᠷ᠂ ᠳᠠᠷᠠᠭ᠎ᠠ ᠵᠢᠯ ᠤᠨ ᠬᠡᠷᠡᠭᠵᠢᠭᠦᠯᠬᠦ ᠲᠥᠰᠦᠯ ᠢ ᠡᠷᠲᠡᠬᠡᠨ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠥᠪᠬᠢᠨᠡᠭᠦᠯᠬᠦ ᠭᠡᠷ ᠵᠢᠴᠢ ᠴᠢᠬᠤᠯᠠ ᠪᠦᠬᠦᠢ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠷᠢᠳᠴᠢᠯᠠᠨ ᠲᠣᠬᠢᠷᠠᠭᠤᠯᠵᠤ᠂ ᠠᠷᠠᠳ ᠣᠯᠠᠨ ᠳᠤ ᠲᠠᠭᠠᠰᠢᠶᠠᠭᠳᠠᠭᠰᠠᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠴᠢᠷᠮᠠᠶᠢᠨ ᠪᠠᠶᠢᠭᠤᠯᠬᠤ ᠬᠡᠷᠡᠭᠲᠡᠶ᠃  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ᠂ ᠬᠥᠬᠡᠬᠤᠲᠠ ᠶᠢᠨ ᠵᠠᠰᠠᠭ ᠤᠨ ᠣᠷᠳᠣᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠶᠦᠨ ᠰᠢᠨ ᠮᠢᠩ᠂ ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠥᠬᠦᠶ ᠠᠯᠪᠠᠨ ᠪᠠᠶᠢᠭᠤᠯᠭ᠎ᠠ᠂ ᠬᠥᠬᠡᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠲᠣᠭᠲᠠᠬᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号