ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠨᠠᠮ ᠤᠨ ᠭᠡᠰᠢᠭᠦᠨ ᠺᠠᠳ᠋ᠷ ᠲᠣᠮᠢᠯᠠᠨ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠠᠮᠠᠭᠠᠯᠠᠬᠤ ᠳᠠᠶᠢᠯᠠᠯᠳᠤᠭᠠᠨ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/11/22
  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠱᠠᠭᠠᠷᠳᠠᠯᠭ᠎ᠠ ᠪᠣᠯᠤᠨ ᠸᠠᠩ ᠯᠢ ᠰᠢᠶᠠ ᠲᠡᠷᠢᠭᠦᠯᠡᠭᠴᠢ ᠶᠢᠨ ᠵᠢᠭᠠᠪᠤᠷᠢ ᠵᠢᠴᠢ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠡᠯ᠎ᠡ ᠨᠢᠭᠡᠴᠡ ᠶᠢ ᠵᠣᠬᠢᠶᠠᠨ ᠪᠠᠶᠢᠭᠤᠯᠤᠨ ᠬᠥᠬᠡᠬᠤᠲᠠ ᠳᠤ ᠤᠯᠠᠮ ᠴᠢᠨᠠᠭᠰᠢᠳᠠ ᠬᠠᠮᠵᠢᠯᠴᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠲᠦᠷᠭᠡᠨ ᠪᠠᠶᠢᠷᠢᠯᠠᠭᠤᠯᠵᠤ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠵᠦ᠂ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠢᠭᠡᠨ ᠲᠢᠩᠬᠢᠮ ᠤᠨ ᠪᠠᠶᠢᠭᠤᠯᠭ᠎ᠠ᠂ ᠤᠰᠤᠨ ᠠᠰᠢᠭᠯᠠᠯᠲᠠ ᠶᠢᠨ ᠦᠶ᠋ᠯᠡᠰ ᠤᠨ ᠬᠥᠭᠵᠢᠯᠲᠡ ᠶᠢᠨ ᠲᠥᠪ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠨ ᠰᠤᠳᠤᠯᠬᠤ ᠰᠠᠯᠠᠭ᠎ᠠ ᠵᠡᠷᠭᠡ ᠨᠢᠭᠡᠴᠡ ᠶᠢᠨ 8 ᠭᠠᠵᠠᠷ ᠤᠨ ᠲᠠᠰ ᠤᠨ ᠺᠠᠳ᠋ᠷ ᠢᠶᠠᠷ ᠪᠦᠷᠢᠯᠳᠦᠭᠰᠡᠨ ᠣᠨᠴᠠᠭᠠᠶ ︽ᠭᠠᠪᠰᠢᠭᠠᠶ ᠠᠩᠭᠢ︾ ᠶᠢ ᠨᠠᠷᠢᠨ ᠰᠣᠩᠭᠤᠵᠤ᠂ ᠳᠠᠷᠦ᠋ᠢᠬᠠᠨ ᠦᠨᠳᠦᠰᠦᠨ ᠱᠠᠲᠤᠨ ᠳᠤ ᠭᠦᠨᠵᠡᠭᠡᠶᠢᠷᠡᠨ ᠲᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠤᠨ ᠤᠰᠤᠨ ᠠᠰᠢᠭᠯᠠᠯᠲᠠ ᠶᠢᠨ ᠪᠠᠶᠢᠷᠢ ᠶᠢᠨ ᠬᠤᠶᠢᠲᠤ ᠲᠣᠭᠤᠷᠢᠭ ᠪᠠ ᠮᠠᠯᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠠᠭᠤᠭᠠᠯᠢ ᠠᠷᠠᠳ ᠤᠨ ᠲᠣᠭᠤᠷᠢᠭ ᠲᠤ ᠲᠣᠮᠢᠯᠠᠨ ᠰᠠᠭᠤᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠨᠡᠮᠡᠷᠢᠯᠡᠵᠦ᠂ ᠣᠷᠣᠨ ᠤ ᠲᠥᠪ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠳᠡᠮᠵᠢᠵᠦ᠂ ︽ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠲᠤ ᠭᠦᠨᠵᠡᠭᠡᠶᠢᠷᠡᠭᠰᠡᠨ︾ ᠴᠤᠭᠯᠠᠷᠠᠯ ᠤᠨ ᠪᠦᠷᠢᠶ᠎ᠡ ᠶᠢ ᠬᠠᠩᠭᠢᠨᠠᠭᠤᠯᠪᠠ᠃  ︵ᠲᠢᠩᠬᠢᠮ ᠤᠨ ᠳᠠᠷᠤᠭ᠎ᠠ ᠱᠧᠩ ᠰᠢᠶᠤᠤ ᠶᠧᠦ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ ᠨᠠᠷ ᠠᠴᠠ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠲᠤ ᠳᠠᠬᠢᠨᠲᠠ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠤᠨ ᠪᠠᠶᠢᠴᠠᠭᠠᠭᠰᠠᠨ ᠪᠥᠭᠡᠳ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷ ᠪᠣᠯᠤᠨ ᠨᠡᠶᠢᠭᠡᠮ ᠲᠣᠭᠤᠷᠢᠭ ᠤᠨ ᠠᠵᠢᠯᠲᠠᠳ ᠢ ᠲᠣᠬᠤᠨᠢᠭᠤᠯᠪᠠ︶  ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠩᠬᠢᠮ ᠤᠨ ᠳᠠᠷᠤᠭ᠎ᠠ ᠱᠧᠩ ᠰᠢᠶᠤᠤ ᠶᠧᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ ᠲᠤᠰᠬᠠᠶ ᠠᠵᠢᠯ ᠤᠨ ᠬᠤᠯᠪᠣᠭ᠎ᠠ ᠳᠤ ᠣᠷᠣᠵᠤ ᠵᠢᠯᠣᠭᠤᠳᠤᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠬᠢᠵᠢᠭ ᠢ ᠰᠡᠷᠭᠡᠶᠢᠯᠡᠬᠦ ᠠᠵᠢᠯ ᠢ ᠪᠥᠬᠦ ᠶᠠᠪᠤᠴᠠ ᠳᠤ ᠳᠠᠭᠠᠪᠠ᠃ 2022 ᠣᠨ ᠤ 11 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠲᠢᠩᠬᠢᠮ ᠤᠨ ᠳᠠᠷᠤᠭ᠎ᠠ ᠱᠧᠩ ᠰᠢᠶᠤᠤ ᠶᠧᠦ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ ᠨᠠᠷ ᠠᠴᠠ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠤᠨ ᠤᠰᠤᠨ ᠠᠰᠢᠭᠯᠠᠯᠲᠠ ᠶᠢᠨ ᠪᠠᠶᠢᠷᠢ ᠶᠢᠨ ᠬᠤᠶᠢᠲᠤ ᠲᠣᠭᠤᠷᠢᠭ ᠲᠤ ᠳᠠᠬᠢᠨᠲᠠ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠤᠨ ᠪᠠᠶᠢᠴᠠᠭᠠᠭᠰᠠᠨ ᠪᠥᠭᠡᠳ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷ ᠪᠣᠯᠤᠨ ᠨᠡᠶᠢᠭᠡᠮ ᠲᠣᠭᠤᠷᠢᠭ ᠤᠨ ᠠᠵᠢᠯᠲᠠᠳ ᠢ ᠲᠣᠬᠤᠨᠢᠭᠤᠯᠪᠠ᠃  ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠨᠠᠢᠮᠠᠨ ᠺᠠᠳ᠋ᠷ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠲᠦᠷᠦᠭᠦᠯᠡᠨ ᠵᠣᠬᠢᠴᠠᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠲᠦᠷ ᠴᠠᠭ ᠤᠨ ᠨᠠᠮ ᠤᠨ ᠡᠭᠦᠷ ᠪᠠᠶᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷ ᠤᠨ ᠠᠵᠢᠯ ᠤᠨ ᠬᠤᠯᠪᠣᠭ᠎ᠠ᠂ ᠰᠠᠶᠢᠨ ᠲᠤᠷᠠᠴᠤᠳ ᠤᠨ ᠦᠶ᠋ᠯᠡᠴᠢᠯᠡᠭᠡᠨ ᠤ ᠬᠤᠯᠪᠣᠭ᠎ᠠ ᠶᠢ ᠪᠠᠶᠢᠭᠤᠯᠵᠤ᠂ ᠡᠳᠦᠷ ᠪᠦᠷᠢ ᠲᠣᠭᠲᠠᠮᠠᠯ ᠪᠤᠰᠤ ᠴᠠᠭ ᠢᠶᠠᠷ ᠠᠭᠤᠯᠵᠠᠬᠤ ᠬᠤᠷᠠᠯ ᠬᠤᠷᠠᠯᠳᠤᠭᠤᠯᠵᠤ᠂ ᠠᠰᠠᠭᠤᠳᠠᠯ ᠢ ᠢᠯᠡᠷᠡᠭᠦᠯᠵᠦ᠂ ᠴᠠᠭ ᠲᠤᠬᠠᠶ ᠳᠤᠨᠢ ᠰᠢᠶ᠋ᠳᠪᠦᠷᠢᠯᠡᠪᠡ᠃ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠶ᠋ᠴᠡᠳᠬᠡᠵᠦ᠂ ᠵᠢᠯᠣᠭᠤᠳᠣᠭᠴᠢ ᠮᠥᠷᠲᠡᠭᠡᠨ ᠪᠠᠶᠢᠯᠳᠤᠭᠴᠢ ᠶᠢᠨ ᠠᠵᠢᠯ ᠤᠨ ᠱᠠᠭᠠᠷᠳᠠᠯᠭ᠎ᠠ ᠶᠢ ᠪᠠᠳᠠᠷᠠᠭᠤᠯᠵᠤ᠂ ︽ᠬᠦᠷᠢᠶᠡᠯᠡᠩ ᠳᠤ ᠣᠷᠣᠬᠤ᠂ ᠬᠤᠯᠪᠣᠭ᠎ᠠ ᠳᠤ ᠣᠷᠣᠬᠤ᠂ ᠲᠠᠯᠠᠪᠠᠶ ᠳᠤ ᠣᠷᠣᠬᠤ︾ ᠶᠢ ᠡᠷᠡᠰ ᠪᠡᠶᠡᠯᠡᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠳᠣᠲᠣᠭᠠᠳᠤ ᠳᠤ ᠭᠦᠨᠵᠡᠭᠡᠶᠢᠷᠡᠨ ᠪᠠᠶᠢᠳᠠᠯ ᠢ ᠣᠶᠢᠯᠠᠭᠠᠵᠤ᠂ ︽ᠬᠥᠮᠦᠨ ᠤ ᠲᠤᠭ᠎ᠠ ᠨᠢ ᠲᠣᠳᠣᠷᠬᠠᠶ᠂ ᠬᠥᠮᠦᠨ ᠨᠢ ᠲᠣᠳᠣᠷᠬᠠᠶ᠂ ᠣᠷᠣᠨ ᠪᠠᠶᠢᠷᠢ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠶ︾ ᠪᠠᠶᠢᠬᠤ ᠶᠣᠰᠣᠭᠠᠷ ᠲᠠᠪᠤᠨ ᠡᠬᠡ ᠲᠠᠩᠰᠠ ᠪᠠᠶᠢᠭᠤᠯᠵᠤ᠂ ᠲᠠᠪᠤᠨ ᠨᠠᠷᠢᠨ ᠲᠣᠳᠣᠷᠬᠠᠶ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ ᠢᠯᠠᠩᠭᠤᠶ᠎ᠠ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠶ᠋ᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠭᠠᠯᠢ ᠠᠷᠠᠳ ᠤᠨ ᠲᠣᠭᠤᠷᠢᠭ ᠲᠤ ᠭᠠᠭᠴᠠᠭᠠᠷ ᠠᠮᠢᠳᠤᠷᠠᠵᠤ ᠪᠠᠶᠢᠭ᠎ᠠ ᠨᠠᠰᠤᠲᠠᠨ ᠢ ᠰᠢᠭᠰᠢᠨ ᠪᠠᠶᠢᠴᠠᠭᠠᠵᠤ᠂ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠵᠦ᠂ ᠨᠡᠶᠢᠭᠡᠮ ᠲᠣᠭᠤᠷᠢᠭ ᠢ ᠴᠠᠭ ᠲᠤᠬᠠᠶ ᠳᠤᠨᠢ ᠵᠣᠯᠭᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠴᠠᠲᠠᠶ ᠠᠬᠢᠭᠤᠯᠵᠤ᠂ ᠬᠤᠷᠢᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠲᠤ ︽ᠪᠥᠭᠡᠮ ᠬᠦᠴᠢᠯ ᠬᠢᠬᠦ᠂ ᠠᠮᠠᠪᠴᠢ ᠬᠦᠷᠭᠡᠬᠦ᠂ ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠬᠥᠮᠦᠨ ᠤ ᠲᠤᠭ᠎ᠠ ᠳᠤ ᠰᠢᠨ᠎ᠡ ᠲᠡᠮᠳᠡᠭᠯᠡᠯ ᠢ ᠡᠭᠦᠳᠬᠦ︾ ᠵᠡᠷᠭᠡ ᠰᠠᠭᠤᠭᠠᠯᠢ ᠠᠷᠠᠳ ᠤᠨ ᠭᠦᠨ ᠮᠠᠭᠲᠠᠭᠠᠯ ᠰᠠᠶᠢᠰᠢᠶᠠᠯ ᠢ ᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠤ ︽ᠪᠠᠴᠢᠮ ᠲᠤᠯᠭᠠᠮ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ︾ ᠢ ᠦᠨᠡᠨ ᠰᠡᠳᠬᠢᠯ ᠠᠴᠠ ᠪᠠᠨ᠂ ᠠᠷᠭ᠎ᠠ ᠪᠦᠬᠦᠨ ᠢ ᠰᠦᠪᠡᠭᠴᠢᠯᠡᠨ ᠰᠢᠢᠳᠪᠦᠷᠢᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠤ ᠬᠤᠯᠪᠣᠭ᠎ᠠ ᠪᠠᠷ ᠲᠠᠮᠵᠢᠨ ᠰᠠᠭᠤᠭᠠᠯᠢ ᠠᠷᠠᠳ ᠤᠨ ᠲᠣᠭᠤᠷᠢᠭ ᠤᠨ ᠠᠵᠢᠯ ᠤᠨ ᠪᠠᠶᠢᠷᠢ ᠳᠠᠭᠠᠨ ᠪᠤᠴᠠᠭᠠᠳᠤᠢ ᠪᠠᠶᠢᠭ᠎ᠠ ᠨᠠᠮ ᠤᠨ ᠭᠡᠰᠢᠭᠦᠨ ᠺᠠᠳ᠋ᠷ ᠢ ᠲᠠᠶᠢᠴᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ      ᠣᠷᠣᠯᠴᠠᠭᠤᠯᠵᠤ᠂ ᠪᠦᠬᠦᠯᠢ ᠡᠳᠦᠷ ᠢᠶᠠᠷ ᠮᠡᠳᠡᠭᠡ ᠵᠠᠩᠭᠢ ᠶᠢ ᠳᠡᠩᠰᠡᠯᠡᠨ ᠪᠦᠷᠢᠳᠬᠡᠬᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ᠂ ᠡᠭᠦᠳᠡ ᠡᠷᠦᠬᠡ ᠪᠠᠨ ᠵᠢᠵᠢᠭᠦᠷᠯᠡᠨ ᠰᠠᠬᠢᠬᠤ ᠵᠡᠷᠭᠡ ᠠᠵᠢᠯ ᠢ ᠥᠷᠨᠢᠭᠦᠯᠪᠡ᠃  ︵ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷ ᠬᠦᠴᠢᠷᠳᠡᠯᠲᠡᠶ ᠣᠯᠠᠨ ᠲᠦᠮᠡᠨ ᠳᠤ ᠬᠠᠶᠢᠷ᠎ᠠ ᠬᠠᠯᠠᠮᠵᠢ ᠬᠦᠷᠭᠡᠵᠦ᠂ ︽ᠪᠥᠭᠡᠮ ᠬᠦᠴᠢᠯ ᠬᠢᠬᠦ᠂ ᠠᠮᠠᠪᠴᠢ ᠬᠦᠷᠭᠡᠬᠦ᠂ ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠬᠥᠮᠦᠨ ᠤ ᠲᠤᠭ᠎ᠠ ᠳᠤ ᠰᠢᠨ᠎ᠡ ᠲᠡᠮᠳᠡᠭᠯᠡᠯ ᠢ ᠡᠭᠦᠳᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠭᠠᠯᠢ ᠲᠣᠭᠤᠷᠢᠭ ᠤᠨ ᠠᠵᠢᠯ ᠤᠨ ᠪᠠᠶᠢᠷᠢ ᠳᠠᠭᠠᠨ ᠪᠤᠴᠠᠭᠠᠳᠤᠶ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠰᠠᠶᠢᠨ ᠳᠤᠷ᠎ᠠ ᠶᠢᠨ ᠦᠶ᠋ᠯᠡᠴᠢᠯᠡᠭᠡ ᠳᠤ ᠣᠷᠣᠯᠴᠠᠭᠤᠯᠵᠤ ᠪᠠᠶᠢᠭ᠎ᠠ︶  ᠤᠰᠤᠨ ᠠᠰᠢᠭᠯᠠᠯᠲᠠ ᠶᠢᠨ ᠲᠢᠩᠬᠢᠮ ᠬᠢᠵᠢᠭ ᠢ ᠰᠡᠷᠭᠡᠶᠢᠯᠡᠬᠦ ᠡᠳ᠋ ᠪᠣᠳᠠᠰ ᠪᠠᠭᠠᠵᠢ ᠬᠡᠷᠡᠭᠰᠡᠯ ᠢ ᠢᠳᠡᠪᠬᠢᠲᠡᠶ ᠴᠤᠭᠯᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠺᠠᠳ᠋ᠷ᠂ ᠰᠠᠶᠢᠨ ᠲᠤᠷᠠᠴᠤᠳ ᠤᠨ ᠬᠥᠪᠥᠩ ᠬᠤᠪᠴᠠᠰᠤ᠂ ᠬᠥᠪᠥᠩ ᠱᠠᠬᠠᠶ᠂ ᠠᠮᠠᠪᠴᠢ᠂ ᠢᠳᠡᠭᠡᠨ ᠢ ᠲᠤᠰᠠᠯᠠᠵᠤ᠂ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠲᠤ ᠨᠡᠶᠢᠲᠡ 20000 ᠭᠠᠷᠤᠶ ᠲᠥᠭᠦᠷᠢᠭ ᠤᠨ ᠬᠢᠵᠢᠭ ᠢ ᠲᠡᠮᠡᠴᠡᠬᠦ ᠡᠳ᠋ ᠪᠣᠳᠠᠰ ᠬᠠᠨᠳᠢᠪᠯᠠᠪᠠ᠃ ᠤᠰᠤᠨ ᠠᠰᠢᠭᠯᠠᠯᠲᠠ ᠶᠢᠨ ᠲᠢᠩᠬᠢᠮ ᠤᠨ ᠪᠤᠰᠤᠳ ᠨᠠᠮ ᠤᠨ ᠭᠡᠰᠢᠭᠦᠨ ᠺᠠᠳ᠋ᠷ ᠲᠣᠰ ᠲᠣᠰ ᠤᠨ ᠰᠠᠭᠤᠭᠠᠯᠢ ᠲᠣᠭᠤᠷᠢᠭ ᠲᠤ ︽ᠬᠤᠤᠰ ᠨᠡᠷ᠎ᠡ ᠮᠡᠳᠡᠭᠦᠯᠬᠦ︾ ᠪᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ       ᠥᠭᠭᠦᠨ᠎ᠡ︾ ᠭᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠲᠠᠢ ᠲᠡᠮᠡᠴᠡᠬᠦ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠵᠢᠯᠯᠠᠭ᠎ᠠ ᠶᠢ 3980 ᠬᠥᠮᠦᠨ ᠤᠳᠠᠭ᠎ᠠ ᠥᠷᠨᠢᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠲᠣᠮᠢᠯᠠᠨ ᠰᠠᠭᠤᠯᠭᠠᠭᠰᠠᠨ ᠺᠠᠳ᠋ᠷ ᠪᠣᠯᠤᠨ ᠪᠤᠰᠤᠳ ᠨᠠᠮ ᠤᠨ ᠭᠡᠰᠢᠭᠦᠨ ᠺᠠᠳ᠋ᠷ ᠪᠣᠳᠠᠲᠤ ᠠᠵᠢᠯᠯᠠᠭ᠎ᠠ ᠪᠠᠷ ᠢᠶᠠᠨ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠭᠡᠰᠢᠭᠦᠨ ᠺᠠᠳ᠋ᠷ ᠤᠨ ᠬᠦᠴᠢᠷ ᠪᠡᠷᠬᠡᠰᠢᠶᠡᠯ ᠠᠴᠠ ᠵᠠᠶᠢᠯᠠᠬᠤ ᠥᠬᠡᠶ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠵᠣᠷᠢᠭᠲᠠᠶ ᠪᠠᠷ ᠤᠷᠤᠭᠰᠢᠯᠠᠬᠤ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠵᠦ᠂ ᠣᠷᠣᠨ ᠤ ᠲᠥᠪ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠠᠮᠲᠤ ᠪᠠᠷ ᠬᠦᠴᠦᠨ ᠨᠡᠮᠡᠷᠢᠯᠡᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号