ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠮᠤᠵᠢ ᠶᠢᠨ ᠲᠠᠰ ᠤᠨ ᠬᠢᠨᠠᠨ ᠬᠡᠮᠵᠢᠬᠦ ᠣᠷᠣᠨ ᠪᠦᠰᠡ ᠶᠢᠨ ᠬᠥᠷᠥᠰᠥ ᠰᠢᠷᠣᠶ ᠶᠢᠨ ᠢᠳᠡᠭᠳᠡᠯ ᠤᠨ ᠬᠥᠳᠡᠯᠦᠩᠭᠦᠶ ᠪᠠᠷ ᠬᠢᠨᠠᠨ ᠬᠡᠮᠵᠢᠭᠰᠡᠨ ᠦᠷ᠎ᠡ ᠪᠦᠲᠦᠭᠡᠯ ᠤᠰᠤᠨ ᠠᠰᠢᠭᠯᠠᠯᠲᠠ ᠶᠢᠨ ᠶᠠᠮᠤᠨ ᠤ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠳᠠᠬᠢᠨ ᠬᠢᠨᠠᠯᠲᠠ ᠳᠤ ᠤᠷᠤᠭᠰᠢᠲᠠᠶ ᠪᠠᠲᠤᠯᠠᠭᠳᠠᠪᠠ
ᠨᠡᠶᠢᠲᠡᠯᠡᠭᠰᠡᠨ ᠴᠠᠭ᠄
2022/11/4
  10 ᠳ᠋ᠤᠭᠠᠷ ᠰᠠᠷ᠎ᠠ ᠶᠢᠨ 30 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠸᠢᠳᠢᠣ᠋ ᠬᠤᠷᠠᠯ ᠤᠨ ᠬᠡᠯᠪᠡᠷᠢ ᠪᠠᠷ ᠳᠠᠮᠵᠢᠭᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠮᠤᠵᠢ ᠶᠢᠨ ᠲᠠᠰ ᠤᠨ ᠬᠢᠨᠠᠨ ᠬᠡᠮᠵᠢᠬᠦ ᠣᠷᠣᠨ ᠪᠦᠰᠡ ᠶᠢᠨ ᠬᠥᠷᠥᠰᠥ ᠰᠢᠷᠣᠶ ᠶᠢᠨ ᠢᠳᠡᠭᠳᠡᠯ ᠤᠨ ᠬᠥᠳᠡᠯᠦᠩᠭᠦᠶ ᠪᠠᠷ ᠬᠢᠨᠠᠨ ᠬᠡᠮᠵᠢᠭᠰᠡᠨ ᠦᠷ᠎ᠡ ᠪᠦᠲᠦᠭᠡᠯ ᠢ ᠳᠠᠬᠢᠨ ᠬᠢᠨᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠳᠠᠬᠢᠨ ᠬᠢᠨᠠᠬᠤ ᠠᠵᠢᠯ ᠤᠨ ᠳᠤᠭᠤᠶᠢᠯᠠᠩ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠪᠦᠬᠦᠯᠢ ᠴᠣᠭᠴᠠ ᠶᠢᠨ ᠦᠷ᠎ᠡ ᠳ᠋ᠦᠩ ᠢ ᠪᠠᠶᠢᠴᠠᠭᠠᠬᠤ᠂ ᠲᠤᠬᠠᠶ ᠶᠢᠨ ᠲᠠᠯᠠᠪᠠᠶ ᠳᠤ ᠥᠯᠢᠭᠡᠷ ᠠᠪᠴᠤ ᠪᠤᠳᠤᠬᠤ᠂ ᠰᠡᠵᠢᠭᠲᠡᠶ ᠪᠠᠷ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠣᠷᠣᠨ ᠤ 2022 ᠣᠨ ᠤ ᠮᠤᠵᠢ ᠶᠢᠨ ᠱᠠᠲᠤᠨ ᠤ ᠬᠢᠨᠠᠨ ᠬᠡᠮᠵᠢᠬᠦ ᠣᠷᠣᠨ ᠪᠦᠰᠡ ︵46 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠯᠪᠣᠭᠳᠠᠬᠤ︶ ᠶᠢᠨ ᠬᠥᠷᠥᠰᠥ ᠰᠢᠷᠣᠶ ᠶᠢᠨ ᠢᠳᠡᠭᠳᠡᠯ ᠢ ᠬᠥᠳᠡᠯᠦᠩᠭᠦᠶ ᠪᠠᠷ ᠬᠢᠨᠠᠨ ᠬᠡᠮᠵᠢᠭᠰᠡᠨ ᠦᠷ᠎ᠡ ᠪᠦᠲᠦᠭᠡᠯ ᠢ ᠳᠠᠬᠢᠨ ᠬᠢᠨᠠᠭᠰᠠᠨ ᠪᠠᠶᠢᠨ᠎ᠠ᠃ ᠳᠠᠬᠢᠨ ᠬᠢᠨᠠᠬᠤ ᠠᠵᠢᠯ ᠤᠨ ᠳᠤᠭᠤᠶᠢᠯᠠᠩ ᠤᠳ ᠰᠠᠨᠠᠯ ᠨᠢᠭᠡᠲᠡᠶ ᠦᠵᠡᠭᠰᠡᠨ ᠨᠢ᠄ ᠬᠢᠨᠠᠨ ᠬᠡᠮᠵᠢᠭᠰᠡᠨ ᠦᠷ᠎ᠡ ᠪᠦᠲᠦᠭᠡᠯ ᠤᠨ ᠮᠠᠲ᠋ᠧᠷᠢᠶᠠᠯ ᠨᠢ ᠪᠦᠷᠢᠨ ᠭᠦᠢᠴᠡᠳ᠂ ᠬᠢᠨᠠᠨ ᠬᠡᠮᠵᠢᠭᠰᠡᠨ ᠠᠭᠤᠯᠭ᠎ᠠ ᠪᠣᠯᠤᠨ ᠰᠠᠭᠤᠷᠢ ᠲᠤᠭ᠎ᠠ ᠪᠠᠷᠢᠮᠲᠠ ᠶᠢᠨ ᠨᠠᠷᠢᠯᠢᠭ ᠤᠨ ᠬᠡᠮᠵᠢᠶ᠎ᠡ ᠨᠢ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠵᠤ᠂ ᠬᠤᠰᠢᠭᠤ ᠰᠢᠶᠠᠨ ︵ᠲᠣᠭᠤᠷᠢᠭ︶ ᠢ ᠰᠤᠭᠤᠴᠡᠨ ᠪᠠᠶᠢᠴᠠᠭᠠᠭᠰᠠᠨ ᠬᠥᠷᠥᠰᠥ ᠰᠢᠷᠣᠶ ᠶᠢᠨ ᠢᠳᠡᠭᠳᠡᠯ ᠤᠨ ᠹᠠᠺᠲ᠋ᠤᠷ ᠪᠣᠯᠤᠨ ᠬᠥᠷᠥᠰᠥ ᠰᠢᠷᠣᠶ ᠶᠢᠨ ᠢᠳᠡᠭᠳᠡᠯ ᠤᠨ ᠮᠣᠳᠧᠯ ᠲᠤᠭ᠎ᠠ ᠶᠢ ᠪᠣᠳᠣᠬᠤ ᠠᠷᠭ᠎ᠠ ᠨᠢ ᠮᠡᠷᠭᠡᠵᠢᠯ ᠤᠨ ᠵᠦᠭᠯᠡᠭᠦᠷ ᠲᠤ ᠨᠡᠶᠢᠴᠡᠵᠦ᠂ ᠬᠥᠷᠥᠰᠥ ᠰᠢᠷᠣᠶ ᠶᠢᠨ ᠢᠳᠡᠭᠳᠡᠯ ᠤᠨ ᠬᠦᠴᠦᠯᠡᠴᠡ ᠶᠢ ᠦᠨᠡᠯᠡᠬᠦ ᠠᠷᠭ᠎ᠠ ᠨᠢ ᠲᠣᠭᠲᠠᠭᠠᠯ ᠳᠤ ᠨᠡᠶᠢᠴᠡᠵᠦ᠂ ᠬᠥᠷᠥᠰᠥ ᠰᠢᠷᠣᠶ ᠶᠢᠨ ᠢᠳᠡᠭᠳᠡᠯ ᠤᠨ ᠬᠥᠳᠡᠯᠦᠩᠭᠦᠶ ᠬᠤᠪᠢᠷᠠᠯᠲᠠ ᠬᠢᠭᠡᠳ ᠰᠢᠯᠲᠠᠭᠠᠨ ᠤ ᠵᠠᠳᠠᠯᠤᠯᠲᠠ ᠨᠢ ᠵᠦᠢ ᠵᠣᠬᠢᠰᠲᠠᠶ ᠪᠠᠶᠢᠵᠤ᠂ ᠳᠠᠬᠢᠨ ᠬᠢᠨᠠᠬᠤ ᠶᠢ ᠪᠠᠲᠤᠯᠠᠬᠤ ᠶᠢ ᠵᠥᠪᠰᠢᠶᠡᠷᠡᠪᠡ᠃  ᠮᠠᠨ ᠤ ᠣᠷᠣᠨ 2018 ᠣᠨ ᠠᠴᠠ ᠨᠠᠭᠠᠰᠢ᠂ ᠲᠠᠪᠤᠨ ᠵᠢᠯ ᠳᠠᠷᠠᠭᠠᠯᠠᠨ ᠬᠥᠷᠥᠰᠥ ᠰᠢᠷᠣᠶ ᠶᠢᠨ ᠢᠳᠡᠭᠳᠡᠯ ᠤᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠬᠢᠨᠠᠨ ᠬᠡᠮᠵᠢᠭᠰᠡᠨ ᠦᠷ᠎ᠡ ᠪᠦᠲᠦᠭᠡᠯ ᠨᠢ ᠣᠷᠣᠨ ᠪᠦᠰᠡ ᠶᠢᠨ ᠬᠥᠷᠥᠰᠥ ᠰᠢᠷᠣᠶ ᠶᠢᠨ ᠢᠳᠡᠭᠳᠡᠯ ᠤᠨ ᠲᠠᠯᠠᠪᠠᠶ᠂ ᠬᠦᠴᠦᠯᠡᠴᠡ ᠪᠠ ᠬᠥᠳᠡᠯᠦᠩᠭᠦᠶ ᠬᠤᠪᠢᠷᠠᠯᠲᠠ ᠶᠢᠨ ᠪᠠᠶᠢᠳᠠᠯ ᠢ ᠲᠣᠭᠲᠠᠭᠰᠠᠨ ᠬᠡᠮᠵᠢᠶ᠎ᠡ ᠲᠠᠢ ᠪᠠᠷ ᠡᠵᠡᠮᠰᠢᠬᠦ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠬᠦ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠵᠤ᠂ ᠬᠠᠮᠢᠶ᠎ᠠ ᠪᠥᠬᠦᠶ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠳᠤ ᠯᠠᠪᠯᠠᠯᠲᠠ ᠶᠢᠨ ᠦᠨᠳᠦᠰᠦᠯᠡᠯ ᠬᠠᠩᠭᠠᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ᠂ ᠠᠮᠢ ᠠᠬᠤᠶ ᠶᠢᠨ ᠪᠣᠯᠪᠠᠰᠤᠨ ᠪᠠ ᠴᠢᠨᠠᠷ ᠰᠠᠶᠢᠲᠠᠶ ᠬᠥᠭᠵᠢᠯᠲᠡ ᠶᠢ ᠪᠥᠲᠥᠭᠡᠨ ᠪᠠᠶᠢᠭᠤᠯᠬᠤ ᠳᠤ ᠬᠦᠴᠦᠲᠡᠶ ᠰᠠᠭᠤᠷᠢ ᠲᠤᠯᠭᠠᠭᠤᠷᠢᠯᠠᠯ ᠬᠠᠩᠭᠠᠪᠠ᠃  ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ ᠡᠬᠡ ᠪᠢᠴᠢᠭ ᠬᠠᠩᠭᠠᠪᠠ᠃︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号