ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠪᠥᠬᠦ ᠣᠷᠣᠨ ᠤ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢ ᠲᠦᠷᠭᠡᠳᠬᠡᠬᠦ ᠲᠥᠯᠥᠪᠯᠡᠭᠡ ᠶᠢ ᠬᠡᠷᠡᠭᠵᠢᠭᠦᠯᠬᠦ ᠶᠢ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/5
    11 ᠳ᠋ᠦ᠋ᠭᠡᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠥᠬᠦ ᠣᠷᠣᠨ ᠤ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢ ᠲᠦᠷᠭᠡᠳᠬᠡᠬᠦ ᠲᠥᠯᠥᠪᠯᠡᠭᠡ ᠶᠢᠨ ᠬᠡᠷᠡᠭᠵᠢᠭᠦᠯᠬᠦ ᠶᠢ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠠᠷᠠᠭᠠᠴᠢ ᠶᠢᠨ ᠠᠯᠬᠤᠮ ᠤᠨ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠤᠩ ᠰᠢᠶᠥᠥ ᠶᠸᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠢᠩᠬᠢᠮ ᠤᠨ ᠳᠡᠳ᠋ ᠳᠠᠷᠤᠭ᠎ᠠ ᠯᠢ ᠪᠢᠨ ᠬᠤᠷᠠᠯ ᠡᠷᠭᠢᠯᠡᠪᠡ᠃    ᠬᠤᠷᠠᠯ ᠠᠴᠠ ᠡᠨᠡ ᠵᠢᠯ ᠠᠴᠠ ᠨᠠᠰᠢᠬᠢ ᠪᠥᠬᠦ ᠣᠷᠣᠨ ᠤ ᠲᠥᠪ ᠤᠨ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ ᠠᠴᠠ ᠲᠣᠰ ᠲᠣᠰ ᠬᠠᠮᠢᠶ᠎ᠠ ᠪᠥᠬᠦᠶ ᠪᠠᠶᠢᠳᠠᠯ ᠢᠶᠠᠨ ᠬᠠᠷᠢᠭᠤ ᠮᠡᠳᠡᠭᠦᠯᠵᠦ᠂ ᠤᠰᠤᠨ ᠠᠰᠢᠭᠯᠠᠯᠲᠠ ᠶᠢᠨ ᠲᠢᠩᠬᠢᠮ ᠤᠨ ᠬᠤᠯᠪᠣᠭᠳᠠᠯ ᠪᠥᠬᠦᠶ ᠭᠠᠵᠠᠷ ᠳᠠᠰᠤᠭ ᠠᠴᠠ ᠲᠣᠰ ᠲᠣᠰ ᠶᠠᠷᠢᠶ᠎ᠠ ᠲᠠᠯᠪᠢᠪᠠ᠃    ᠱᠤᠩ ᠰᠢᠶᠥᠥ ᠶᠸᠦ ᠠᠴᠠ ᠳᠥᠷᠪᠡᠳᠦᠭᠡᠷ ᠤᠯᠠᠷᠢᠯ ᠳᠤ ᠣᠷᠣᠭᠰᠠᠨ ᠠᠴᠠ ᠨᠠᠰᠢ᠂ ᠮᠠᠨ ᠤ ᠣᠷᠣᠨ ᠤ ᠲᠥᠪ ᠤᠨ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠬᠦ ᠠᠬᠢᠴᠠ ᠢᠯᠡᠳᠲᠡ ᠲᠦᠷᠭᠡᠳᠦᠭᠰᠡᠨ ᠪᠣᠯᠪᠠᠴᠤ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ ᠮᠥᠨ ᠬᠦ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠤᠷ᠎ᠠ ᠪᠠᠶᠢᠵᠤ᠂ ᠤᠰᠤᠨ ᠠᠰᠢᠭᠯᠠᠯᠲᠠ ᠶᠢᠨ ᠶᠠᠮᠤᠨ ᠤ ᠱᠠᠭᠠᠷᠳᠠᠭᠰᠠᠨ 90 % ᠶᠢᠨ ᠬᠠᠷᠠᠯᠲᠠ ᠠᠴᠠ ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠨ᠎ᠠ ᠭᠡᠵᠦ ᠵᠢᠭᠠᠨ ᠭᠠᠷᠭᠠᠪᠠ᠃ ᠵᠢᠯ ᠤᠨ ᠡᠴᠦᠰ ᠪᠣᠯᠲᠠᠯ᠎ᠠ ᠬᠤᠶᠠᠷᠬᠠᠨ ᠰᠠᠷ᠎ᠠ ᠦᠯᠡᠳᠡᠵᠦ ᠪᠠᠶᠢᠬᠤ ᠳᠤ᠂ ᠮᠠᠨ ᠤ ᠣᠷᠣᠨ ᠤ ᠶᠡᠬᠡᠩᠬᠢ ᠬᠡᠰᠡᠭ ᠭᠠᠵᠠᠷ ᠣᠷᠣᠨ ᠤ ᠪᠠᠷᠢᠯᠭ᠎ᠠ ᠪᠠᠷᠢᠬᠤ ᠬᠦᠴᠦᠨ ᠲᠠᠢ ᠬᠤᠭᠤᠴᠠᠭ᠎ᠠ ᠨᠢ ᠵᠥᠪᠬᠡᠨ ᠨᠢᠭᠡ ᠰᠠᠷ᠎ᠠ ᠣᠷᠴᠢᠮ ᠪᠣᠯᠵᠤ᠂ ᠡᠨᠡ ᠵᠢᠯ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠨᠢᠭᠡᠨᠲᠡ ᠪᠥᠬᠦ ᠲᠠᠯ᠎ᠠ ᠪᠠᠷ ᠪᠣᠭᠤᠮᠲᠠ ᠰᠢᠪᠲᠤᠯᠬᠤ ᠬᠤᠭᠤᠴᠠᠭᠠᠨ ᠳᠤ ᠣᠷᠣᠪᠠ᠃ ᠡᠯ᠎ᠡ ᠭᠠᠵᠠᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠪᠥᠬᠦ ᠤᠯᠤᠰ ᠤᠨ ᠡᠪᠦᠯ ᠬᠠᠪᠤᠷ ᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠵᠢᠴᠢ ᠨᠠᠮᠤᠷ ᠡᠪᠦᠯ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠭᠤᠤᠯᠳᠠᠯᠭ᠎ᠠ ᠲᠠᠢ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠪᠣᠯᠤᠨ ᠤᠰᠤᠨ ᠠᠰᠢᠭᠯᠠᠯᠲᠠ ᠶᠢᠨ ᠶᠠᠮᠤᠨ ᠤ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠬᠠᠭᠠᠰ ᠰᠠᠷ᠎ᠠ ᠶᠢᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠯᠠᠵᠤ᠂ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠡᠷᠴᠢᠮ ᠢᠶᠠᠨ ᠨᠡᠮᠡᠭᠳᠡᠭᠦᠯᠵᠦ᠂ ᠬᠤᠴᠣᠷᠤᠩᠭᠤᠶ ᠲᠥᠰᠦᠯ ᠢ ᠴᠢᠩᠭ᠎ᠠ ᠠᠵᠢᠭᠯᠠᠬᠤ᠂ ᠵᠢᠯᠣᠭᠤᠳᠤᠨ ᠰᠢᠮᠳᠠᠭᠤᠯᠬᠤ ᠪᠠᠨ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠤᠪᠤᠶᠢᠮ᠎ᠠ ᠰᠠᠶᠢᠲᠤᠷ ᠠᠳᠬᠤᠵᠤ᠂ ᠪᠦᠬᠦ ᠵᠢᠯ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ᠱᠤᠩ ᠰᠢᠶᠥᠥ ᠶᠸᠦ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠰᠤᠨ ᠠᠰᠢᠭᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠤᠳᠤᠷᠢᠳᠤᠯᠭ᠎ᠠ ᠤᠯᠠᠨ ᠤᠳᠠᠭ᠎ᠠ ᠴᠣᠬᠤᠯᠠᠪᠤᠷᠢ ᠵᠢᠭᠠᠪᠤᠷᠢ ᠥᠭᠴᠦ᠂ ᠲᠦᠷᠤᠯ ᠵᠦᠢᠯ ᠤᠨ ᠨᠥᠭᠡᠴᠡ ᠶᠢ ᠴᠢᠩᠭᠠᠳᠬᠠᠵᠤ᠂ ᠪᠠᠷᠢᠯᠭ᠎ᠠ ᠶᠢᠨ ᠪᠦᠳᠤᠬᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠦ ᠱᠠᠭᠠᠷᠳᠠᠪᠠ᠃ ᠡᠯ᠎ᠡ ᠭᠠᠵᠠᠷ ᠤᠨ ᠬᠢᠨ ᠲᠥᠪ ᠤᠨ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠥᠯᠥᠪᠵᠢᠭᠦᠯᠭᠡ ᠵᠢᠴᠢ ᠲᠤᠬᠠᠶ ᠶᠢᠨ ᠭᠠᠵᠠᠷ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠮᠢᠶ᠎ᠠ ᠪᠥᠬᠦᠶ ᠲᠥᠯᠥᠪᠵᠢᠭᠦᠯᠭᠡ ᠲᠠᠢ ᠬᠠᠷᠭᠤᠭᠤᠯᠵᠤ᠂ ᠲᠥᠷᠥᠯ ᠵᠦᠶ᠋ᠯ ᠤᠨ ᠡᠬᠡ ᠲᠠᠩᠰᠠ ᠶᠢ ᠲᠦᠷᠭᠡᠬᠡᠨ ᠡᠮᠬᠢᠯᠡᠨ ᠪᠠᠶᠢᠭᠤᠯᠵᠤ᠂ 2023 ᠣᠨ ᠤ ᠲᠥᠷᠥᠯ ᠵᠦᠶ᠋ᠯ ᠤᠨ ᠬᠥᠮᠥᠷᠭᠡ ᠶᠢ ᠪᠠᠶᠢᠭᠤᠯᠤᠨ᠂ ᠲᠥᠷᠥᠯ ᠵᠦᠶ᠋ᠯ ᠤᠨ ᠡᠮᠦᠨᠡᠬᠢ ᠬᠤᠭᠤᠴᠠᠭᠠᠨ ᠤ ᠠᠵᠢᠯ ᠢ ᠭᠦᠨᠵᠡᠭᠡᠶᠢᠷᠡᠭᠦᠯᠦᠨ ᠨᠠᠷᠢᠯᠢᠬᠵᠢᠭᠤᠯᠬᠤ ᠬᠡᠷᠡᠭᠲᠡᠶ᠃ 2024 ᠣᠨ ᠵᠢᠴᠢ 2025 ᠣᠨ ᠤ ᠤᠰᠤᠨ ᠠᠰᠢᠭᠯᠠᠯᠲᠠ ᠶᠢᠨ ᠲᠥᠷᠥᠯ ᠵᠦᠶ᠋ᠯ ᠢ ᠤᠷᠢᠳᠴᠢᠯᠠᠨ ᠲᠥᠯᠥᠪᠵᠢᠭᠦᠯᠵᠦ᠂ ᠬᠦᠨᠳᠦ ᠬᠥᠩᠭᠡᠨ ᠠᠯᠭᠤᠷ ᠪᠠᠴᠢᠮ ᠢᠶᠠᠷ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠂ ᠴᠠᠭ ᠲᠤᠨᠢ ᠲᠣᠬᠢᠷᠠᠭᠤᠯᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠬᠦ ᠶᠢ ᠦᠨᠡᠨᠬᠦ ᠪᠠᠲᠤᠯᠠᠵᠤ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ ︽ᠬᠤᠶᠠᠷ ᠲᠠᠯ᠎ᠠ ᠪᠠᠷ ᠬᠦᠴᠦᠯᠡᠬᠦ︾ ᠶᠢ ᠪᠠᠷᠢᠮᠲᠠᠯᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠠᠯᠠ ᠣᠷᠣᠭᠤᠯᠵᠤ ᠪᠠᠯᠠ ᠳᠣᠭᠢᠷᠠᠭᠤᠯᠬᠤ ᠵᠠᠭᠪᠤᠷ ᠲᠤ ᠰᠢᠨ᠎ᠡ ᠶᠢ ᠡᠭᠦᠳᠦᠨ᠂ 2023 ᠣᠨ ᠤ ᠮᠠᠨ ᠤ ᠣᠷᠣᠨ ᠤ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠨᠠᠩ ᠶᠡᠭᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃    ᠬᠤᠷᠠᠯ ᠨᠢ ᠸᠢᠳᠢᠣ᠋ ᠲᠧᠯᠸᠢᠰ ᠤᠨ ᠬᠡᠯᠪᠡᠷᠢ ᠪᠠᠷ ᠶᠠᠪᠤᠭᠳᠠᠪᠠ᠃ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠶ ᠢᠨᠵᠧᠨᠧᠷ᠂ ᠪᠠᠶᠢᠭᠤᠯᠭ᠎ᠠ ᠶᠢᠨ ᠬᠤᠯᠪᠣᠭᠳᠠᠯ ᠪᠥᠬᠦᠶ ᠭᠠᠵᠠᠷ ᠳᠠᠰᠤᠭ᠂ ᠲᠢᠩᠬᠢᠮ ᠤᠨ ᠬᠠᠷᠢᠶ᠎ᠠ ᠬᠤᠯᠪᠣᠭᠳᠠᠯ ᠪᠥᠬᠦᠶ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠵᠢᠴᠢ ᠲᠤᠰᠠᠭᠠᠷ ᠲᠥᠯᠥᠪᠯᠡᠭᠡᠲᠦ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号