ᠠᠯᠠᠱᠠ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/11/7
  ᠡᠨᠡ ᠵᠢᠯ ᠠᠴᠠ ᠨᠠᠭᠠᠰᠢ᠂ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠵᠢᠴᠢ ᠪᠥᠬᠦ ᠠᠶᠢᠮᠠᠭ ᠤᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ︽ᠲᠠᠯᠪᠢᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃  ᠨᠢᠭᠡ ᠳᠤ᠂ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠤᠷᠤᠨ ᠤ ᠦᠨᠡᠯᠡᠨ ᠵᠢᠱᠢᠯᠲᠡ ᠶᠢ ᠢᠳᠡᠪᠬᠢᠲᠡᠶ ᠶᠠᠪᠤᠭᠳᠠᠭᠤᠯᠤᠨ᠎ᠠ  ᠨᠡᠭᠡᠭᠡᠯᠲᠡ ᠶᠢᠨ ᠲᠣᠭᠤᠷᠢᠭ᠂ ᠠᠵᠤ ᠦᠶ᠋ᠯᠡᠳᠪᠦᠷᠢ ᠶᠢᠨ ᠬᠦᠷᠢᠶᠡᠯᠡᠩ ᠤᠨ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠲᠦᠷᠭᠡᠳᠬᠡᠨ ᠠᠬᠢᠭᠤᠯᠪᠠ᠃ ᠣᠳᠣᠬᠠᠨ ᠳᠤ ᠠᠯᠠᠱᠠ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠬᠢᠭᠡᠳ ᠣᠯᠠᠨᠪᠤᠯᠠᠭ ᠠᠵᠤ ᠦᠶ᠋ᠯᠡᠰ ᠤᠨ ᠬᠦᠷᠢᠶᠡᠯᠡᠩ ᠤᠨ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠣᠷᠣᠨ ᠪᠦᠰᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠢᠨᠠᠨ ᠲᠣᠭᠲᠠᠭᠠᠯᠲᠠ ᠶᠢ ᠥᠩᠭᠡᠷᠡᠭᠡᠵᠦ᠂ ᠲᠩᠷᠢ ᠮᠡᠷᠭᠡᠵᠢᠯ ᠤᠨ ᠠᠵᠤ ᠦᠶ᠋ᠯᠡᠰ ᠤᠨ ᠬᠦᠷᠢᠶᠡᠯᠡᠩ ᠪᠣᠯᠤᠨ ᠴᠡᠭᠡ ᠪᠣᠭᠤᠮᠲᠠ ᠶᠢᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠣᠷᠣᠨ ᠪᠦᠰᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠶᠠᠭ ᠨᠠᠶᠢᠷᠠᠭᠤᠯᠤᠨ ᠵᠣᠬᠢᠶᠠᠵᠤ ᠪᠠᠶᠢᠨ᠎ᠠ᠃  ᠬᠤᠶᠠᠷ ᠲᠤ᠂ ᠠᠳᠠᠯᠢ ᠪᠤᠰᠤ ᠲᠥᠷᠥᠯ ᠬᠡᠯᠪᠡᠷᠢ ᠶᠢᠨ ᠦᠶ᠋ᠯᠡᠳᠪᠦᠷᠢᠯᠡᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠵᠥᠷᠢᠶᠡᠲᠦ ᠬᠠᠮᠢᠶᠠᠷᠤᠯᠲᠠ ᠶᠢᠨ ᠠᠷᠭ᠎ᠠ   ᠶᠢ ᠰᠦᠪᠡᠭᠴᠢᠯᠡᠨ᠎ᠡ  ᠮᠠᠨ ᠤ ᠠᠶᠢᠮᠠᠭ ᠤᠨ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ᠭᠤᠷᠪᠠᠨ ᠬᠤᠰᠢᠭᠤᠨ ᠤ ᠪᠠᠶᠢᠭ᠎ᠠ ᠭᠠᠵᠠᠷ ᠤᠨ ᠪᠠᠯᠭᠠᠰᠤ ᠲᠣᠭᠤᠷᠢᠭ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠵᠠᠰᠠᠭ ᠵᠠᠬᠢᠷᠭᠠᠨ ᠤ ᠠᠯᠪᠠᠨ ᠭᠠᠵᠠᠷ᠂ ᠬᠤᠳᠠᠯᠳᠤᠭᠠᠨ ᠤ ᠮᠥᠩᠭᠦᠨ ᠭᠦᠶ᠋ᠯᠭᠡᠭᠡ᠂ ᠢᠳᠡᠭᠡᠨ ᠤᠮᠳᠠᠭᠠᠨ ᠤᠷᠤᠨ ᠰᠠᠭᠤᠴᠠ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠶ᠋ᠯᠭᠡᠭᠡ ᠵᠡᠷᠭᠡ ᠪᠠᠷᠢᠯᠭ᠎ᠠ ᠶᠢᠨ ᠲᠥᠷᠥᠯ ᠵᠦᠶ᠋ᠯ ᠤᠨ ᠬᠥᠷᠥᠰᠥ ᠰᠢᠷᠤᠢ ᠶᠢᠨ ᠬᠠᠮᠠᠭᠠᠯᠠᠯᠳᠠ ᠶᠢ ᠬᠢᠨᠠᠨ ᠵᠥᠪᠰᠢᠶᠡᠷᠡᠬᠦ ᠪᠠ ᠰᠢᠯᠭᠠᠨ ᠪᠠᠶᠢᠴᠠᠭᠠᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ 2022 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠲᠥᠰᠦᠯ ᠤᠨ ᠮᠡᠳᠡᠭᠦᠯᠦᠯᠲᠡ ᠶᠢᠨ ᠬᠦᠰᠦᠨᠦᠭᠲᠦ ᠪᠣᠯᠭᠠᠨ ᠳᠥᠭᠦᠮᠴᠢᠯᠡᠵᠦ᠂ ᠠᠮᠠᠯᠠᠯᠲᠠ ᠶᠢᠨ ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠲᠤᠬᠠᠢ ᠶᠢᠨ ᠲᠠᠯᠠᠪᠠᠢ ᠳᠤ ᠳᠠᠷᠤᠶ ᠲᠦᠷᠭᠡᠨ ᠭᠦᠢᠴᠡᠳᠭᠡᠨ᠎ᠡ︔ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠲᠦᠬᠦᠭᠡᠷᠦᠮᠵᠢ ᠶᠢ ᠥᠪᠡᠷᠲᠡᠬᠡᠨ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠵᠦᠪᠬᠡᠨ ᠤᠰᠤᠨ ᠤ ᠶᠠᠪᠤᠳᠠᠯ ᠤᠨ ᠲᠤᠪᠴᠢᠶᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠢᠨᠠᠨ ᠲᠤᠭᠲᠠᠭᠠᠯᠳᠠ ᠶᠢᠨ ᠪᠢᠴᠢᠭ ᠢᠶᠠᠨ ᠲᠤᠰᠢᠶᠠᠵᠤ᠂ ᠳᠠᠩᠰᠠᠯᠠᠭᠤᠯᠬᠤ ᠶᠢᠨ ᠬᠠᠮᠲᠤ ᠳᠠᠩᠰᠠᠯᠠᠭᠤᠯᠤᠭᠰᠠᠨ ᠬᠠᠷᠢᠭᠤ ᠪᠠᠷᠢᠮᠲᠠ ᠪᠠᠨ ᠠᠪᠤᠨ᠎ᠠ᠃  ᠭᠤᠷᠪᠠ ᠳᠤ᠂ ᠬᠥᠷᠥᠰᠥ ᠰᠢᠷᠣᠶ ᠶᠢᠨ ᠬᠠᠮᠠᠭᠠᠯᠠᠯᠳᠠ ᠳᠤ ︽ᠬᠢᠨᠠᠨ ᠰᠢᠯᠭᠠᠯᠳᠠ ᠦᠭᠡᠢ ᠪᠠᠷ ᠳᠠᠷᠤᠢ ᠲᠦᠷᠭᠡᠨ ᠡᠳ᠋ᠯᠡᠬᠦ︾ ᠲᠥᠷᠥ ᠶᠢᠨ ᠪᠣᠳᠣᠯᠭ᠎ᠠ ᠶᠢ ᠬᠡᠷᠡᠭᠵᠢᠬᠦᠯᠦᠨ᠎ᠡ  ᠲᠠᠲᠠᠪᠤᠷᠢᠯᠠᠭᠰᠠᠨ ᠭᠠᠵᠠᠷ ᠤᠨ ᠲᠠᠯᠠᠪᠠᠶ ᠪᠠ ᠮᠠᠯᠲᠠᠵᠤ ᠤᠪᠤᠭᠠᠯᠠᠭᠰᠠᠨ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ ᠪᠠᠷ ᠬᠤᠪᠢᠶᠠᠷᠢᠯᠠᠵᠤ᠂ ᠲᠠᠲᠠᠪᠤᠷᠢᠯᠠᠭᠰᠠᠨ ᠭᠠᠵᠠᠷ ᠤᠨ ᠲᠠᠯᠠᠪᠠᠶ ᠨᠢ 0.5 ᠡᠾᠧᠺᠳ᠋ᠷ ᠬᠥᠷᠬᠦ ᠥᠬᠡᠶ ᠮᠥᠷᠲᠡᠭᠡᠨ ᠮᠠᠯᠲᠠᠵᠤ ᠣᠪᠣᠭᠠᠯᠠᠭᠰᠠᠨ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ ᠨᠢ ᠮᠢᠩᠭᠠᠨ ᠺᠦᠪ ᠮᠧᠳ᠋ᠷ ᠲᠤ ᠬᠥᠷᠬᠦ ᠥᠬᠡᠶ ᠲᠥᠷᠥᠯ ᠵᠦᠢᠯ ᠳᠤ ︽ᠬᠢᠨᠠᠨ ᠰᠢᠯᠭᠠᠯᠳᠠ ᠦᠭᠡᠢ ᠪᠠᠷ ᠳᠠᠷᠤᠢ ᠲᠦᠷᠭᠡᠨ ᠡᠳ᠋ᠯᠡᠬᠦ︾ ᠲᠥᠷᠥ ᠶᠢᠨ ᠪᠣᠳᠣᠯᠭ᠎ᠠ ᠶᠢ ᠬᠡᠷᠡᠭᠵᠢᠬᠦᠯᠵᠦ᠂ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠲᠥᠰᠦᠯ ᠢ ᠬᠢᠨᠠᠨ ᠵᠥᠪᠰᠢᠶᠡᠷᠡᠭᠦᠯᠬᠦ ᠭᠠᠷᠳᠠᠮ ᠢ ᠳᠠᠭᠢᠵᠤ ᠭᠦᠶ᠋ᠴᠡᠳᠬᠡᠬᠦ ᠥᠬᠡᠶ᠃  ᠳᠥᠷᠪᠡ ᠳᠤ᠂ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠨᠥᠬᠦᠪᠥᠷᠢ ᠰᠦᠶ᠋ᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ  ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠢᠳᠡᠪᠬᠢᠲᠡᠢ ᠴᠢᠩᠭᠠᠳᠬᠠᠵᠤ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠵᠠᠷᠯᠠᠯ ᠤᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠵᠤ᠂ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠨᠥᠬᠦᠪᠥᠷᠢ ᠰᠦᠶ᠋ᠳᠬᠡᠯ ᠢ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ 2022 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ᠂ ᠰᠦᠢᠳᠭᠡᠯ ᠲᠤᠰᠢᠶᠠᠬᠤ ᠡᠳᠦᠷ ᠠᠴᠠ ᠡᠬᠢᠯᠡᠨ ᠨᠢᠭᠡ ᠤᠯᠠᠷᠢᠯ ᠤᠨ ᠬᠤᠭᠤᠴᠠᠭ᠎ᠠ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠣᠳᠣᠬᠠᠨ ᠳᠤ ᠠᠯᠠᠱᠠ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠨᠢ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠨᠥᠬᠦᠪᠥᠷᠢ ᠰᠦᠶ᠋ᠳᠬᠡᠯ ᠢ ᠬᠤᠶᠢᠰᠢᠯᠠᠭᠤᠯᠤᠨ ᠲᠤᠰᠢᠶᠠᠬᠤ ᠲᠤᠬᠠᠢ ᠠᠩᠬᠠᠳᠠᠭᠴᠢ ᠮᠡᠳᠡᠭᠳᠡᠯ ᠢ ᠨᠡᠶᠢᠲᠡᠯᠡᠵᠦ᠂ ᠠᠵᠤ ᠠᠬᠤᠶᠢᠯᠠᠯ ᠤᠨ ᠲᠤᠰᠢᠶᠠᠬᠤ ᠶᠣᠰᠣᠲᠠᠶ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠨᠥᠬᠦᠪᠥᠷᠢ ᠰᠦᠢᠳᠭᠡᠯ ᠨᠡᠶᠢᠲᠡ 738.327 ᠲᠦᠮᠡᠨ ᠲᠥᠭᠦᠷᠢᠭ ᠤᠨ ᠰᠦᠶ᠋ᠳᠬᠡᠯ ᠲᠤᠰᠢᠶᠠᠬᠤ ᠬᠤᠭᠤᠴᠠᠭ᠎ᠠ ᠶᠢ 2023 ᠣᠨ ᠤ 1 ᠳ᠋ᠦ᠋ᠭᠡᠷ ᠰᠠᠷ᠎ᠠ ᠶᠢᠨ 31 ᠤ ᠡᠳᠦᠷ ᠪᠣᠯᠲᠠᠯ᠎ᠠ ᠤᠷᠲᠤᠳᠬᠠᠪᠠ᠃  ᠲᠠᠪᠤ ᠳᠤ᠂ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠬᠢᠨᠠᠨ ᠵᠥᠪᠰᠢᠶᠡᠷᠡᠬᠦ ︽ᠭᠤᠷᠪᠠ ᠶᠢ ᠬᠠᠰᠤᠵᠤ ᠨᠢᠭᠡ ᠶᠢ ᠰᠢᠯᠢᠳᠡᠭᠵᠢᠭᠦᠯᠬᠦ︾ ᠠᠵᠢᠯ ᠢ ᠦᠷᠭᠦᠯᠵᠢᠯᠡᠨ ᠠᠬᠢᠭᠤᠯᠤᠨ᠎ᠠ  ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠠᠶᠢᠮᠠᠭ ᠬᠤᠲᠠ ᠶᠢᠨ ᠠᠷᠭ᠎ᠠ ᠪᠠᠷᠢᠯ ᠢᠶᠠᠷ ᠪᠠᠷᠢᠮᠵᠢᠶ᠎ᠠ       ᠪᠣᠯᠭᠠᠨ᠂ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠲᠥᠰᠦᠯ ᠢ ᠬᠢᠨᠠᠨ ᠵᠥᠪᠰᠢᠶᠡᠷᠡᠬᠦ ᠠᠮᠠᠯᠠᠯᠲᠠ ᠶᠢᠨ ᠴᠠᠭ ᠤᠨ ᠬᠢᠵᠠᠭᠠᠷ ᠢ 5 ᠠᠵᠢᠯᠯᠠᠬᠤ ᠡᠳᠦᠷ ᠪᠠᠶᠢᠭᠰᠠᠨ ᠠᠴᠠ ᠨᠢ 3 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠪᠥᠬᠦ ᠠᠶᠢᠮᠠᠭ ᠤᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠲᠥᠰᠦᠯ ᠢ ᠬᠢᠨᠠᠨ ᠵᠥᠪᠰᠢᠶᠡᠷᠡᠬᠦ ᠠᠵᠢᠯ ᠢ ᠤᠷᠢᠳᠴᠢᠯᠠᠨ ᠡᠬᠢᠯᠡᠭᠦᠯᠵᠦ᠂ ᠣᠷᠣᠯᠠᠨ ᠭᠦᠶ᠋ᠴᠡᠳᠬᠡᠬᠦ ᠪᠠ ᠬᠠᠪᠰᠤᠷᠤᠨ ᠭᠦᠶ᠋ᠴᠡᠳᠬᠡᠵᠦ᠂ ᠦᠶ᠋ᠯᠡᠴᠢᠯᠡᠭᠡ ᠶᠢ ᠰᠠᠶᠢᠵᠢᠷᠠᠭᠤᠯᠤᠨ᠂ ᠰᠠᠶᠢᠨ ᠲᠥᠷᠥᠯ ᠵᠦᠶ᠋ᠯ ᠪᠠ ᠲᠣᠮᠣ ᠲᠥᠷᠥᠯ ᠵᠦᠶ᠋ᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠳᠤ ᠬᠦᠴᠦᠨ ᠨᠡᠮᠡᠷᠢᠯᠡᠨ᠎ᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号