10 ᠳ᠋ᠤᠭᠠᠷ ᠰᠠᠷ᠎ᠠ ᠶᠢᠨ 18 ᠤ ᠡᠳᠦᠷ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ︵ᠤᠰᠤᠲᠠᠢ ᠪᠠᠯᠭᠠᠰᠤ︶ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠯᠪᠠᠨ ᠭᠡᠷ ᠠᠩᠬᠠᠳᠠᠭᠴᠢ ᠤᠰᠤ ᠬᠥᠷᠥᠰᠥ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠢ ᠬᠤᠶᠢᠰᠢᠯᠠᠭᠤᠯᠤᠨ | ᠲᠤᠰᠢᠶᠠᠬᠤ ᠮᠡᠳᠡᠭᠳᠡᠯ ᠭᠠᠷᠭᠠᠵᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠳ᠋ᠠ ᠲᠠᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠲᠤᠰᠢᠶᠠᠬᠤ ᠶᠣᠰᠣᠲᠠᠢ 738.327 | ᠲᠦᠮᠡᠨ ᠲᠥᠭᠦᠷᠢᠭ ᠤᠨ ᠤᠰᠤ ᠬᠥᠷᠥᠰᠥ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠤᠨ ᠬᠤᠭᠤᠴᠠᠭ᠎ᠠ ᠶᠢ | 2023 ᠣᠨ ᠤ 1 ᠳ᠋ᠤᠭᠡᠷ ᠰᠠᠷ᠎ᠠ ᠶᠢᠨ 31 ᠤ ᠡᠳᠦᠷ ᠪᠣᠯᠲᠠᠯ᠎ᠠ ᠤᠷᠲᠤᠳᠬᠠᠪᠠ᠃ 9 ᠳ᠋ᠤᠭᠡᠷ ᠰᠠᠷ᠎ᠠ ᠶᠢᠨ 30 ᠤ | ᠡᠳᠦᠷ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ︽ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠤᠯᠪᠣᠭᠳᠠᠭᠰᠠᠨ ᠬᠡᠰᠡᠭ ᠵᠠᠰᠠᠭ | ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠬᠤᠶᠢᠰᠢᠯᠠᠭᠤᠯᠤᠨ ᠲᠤᠰᠢᠶᠠᠬᠤ ᠲᠤᠬᠠᠢ | ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ | ᠠᠯᠪᠠᠨ ᠵᠠᠷ 2022 ᠣᠨ ᠤ 29 ᠳ᠋ᠤᠭᠡᠷ ᠲᠣᠭᠠᠲᠤ︶ ᠨᠡᠶᠢᠲᠡᠯᠡᠵᠦ᠂ 2022 ᠣᠨ ᠤ 10 ᠳ᠋ᠤᠭᠠᠷ ᠰᠠᠷ᠎ᠠ ᠶᠢᠨ | 1 ᠤ ᠡᠳᠦᠷ ᠠᠴᠠ 2022 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ᠂ | ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠤᠰᠢᠶᠠᠪᠠᠯ ᠵᠣᠬᠢᠬᠤ ᠤᠰᠤ | ᠬᠥᠷᠥᠰᠥ ᠶᠢᠨ ᠬᠠᠮᠠᠭᠠᠯᠠᠯᠲᠠ ᠶᠢᠨ ᠲᠥᠯᠥᠪᠦᠷᠢ ᠶᠢᠨ ᠰᠦᠢᠳᠬᠡᠯ ᠢ ᠲᠤᠰᠢᠶᠠᠪᠠᠯ ᠵᠣᠬᠢᠬᠤ ᠡᠳᠦᠷ ᠠᠴᠠ ᠡᠬᠢᠯᠡᠨ | ᠨᠢᠭᠡ ᠤᠯᠠᠷᠢᠯ ᠬᠤᠶᠢᠰᠢᠯᠠᠭᠤᠯᠤᠨ ᠲᠤᠰᠢᠶᠠᠵᠦ ᠪᠤᠯᠤᠨ᠎ᠠ ᠭᠡᠵᠦ ᠲᠣᠭᠲᠠᠭᠠᠵᠠᠢ᠃ ᠠᠶᠢᠮᠠᠭ ᠤᠨ ᠤᠰᠤᠨ ᠤ | ᠶᠠᠪᠤᠳᠠᠯ ᠤᠨ ᠲᠣᠪᠴᠢᠶ᠎ᠠ ᠨᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ ᠢᠳᠡᠪᠬᠢᠲᠡᠢ ᠪᠠᠷ ᠵᠣᠯᠭᠠᠭᠤᠯᠵᠤ᠂ | ᠡᠯ᠎ᠡ ᠬᠤᠰᠢᠭᠤ ᠲᠤᠭᠤᠷᠢᠭ ᠤᠨ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ ᠰᠦᠢᠳᠬᠡᠯ ᠬᠤᠶᠢᠰᠢᠯᠠᠭᠤᠯᠬᠤ ᠶᠢ ᠭᠦᠢᠴᠡᠳᠬᠡᠬᠦ ᠴᠤᠪᠤᠷᠠᠯ ᠢ | ᠳᠥᠭᠦᠮᠴᠢᠯᠡᠨ᠂ ᠨᠠᠷᠢᠯᠢᠭ ᠣᠨᠣᠴᠠᠲᠠᠢ ᠪᠠᠷ ᠦᠢᠯᠡᠴᠢᠯᠡᠵᠦ᠂ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ | ᠬᠥᠲᠥᠯᠥᠨ ᠵᠢᠯᠤᠭᠤᠳᠴᠤ ᠪᠠᠶᠢᠭᠠᠳ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠡᠳ᠋ᠯᠡᠭᠦᠯᠵᠦ᠂ | ᠠᠵᠤ ᠠᠬᠤᠶᠢᠯᠠᠯ ᠨᠢ ᠭᠤᠶᠤᠴᠢᠯᠠᠯ ᠳᠤᠷᠠᠳᠬᠤ ᠦᠭᠡᠢ ᠪᠠᠷ ᠳᠠᠷᠤᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ | ᠪᠣᠳᠣᠯᠭ᠎ᠠ ᠶᠢ ᠠᠶᠠᠨᠳᠠᠭᠠᠨ ᠡᠳ᠋ᠯᠡᠭᠦᠯᠵᠦ᠂ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠶᠢ ᠪᠡᠶᠡᠯᠡᠭᠦᠯᠪᠡ᠃ | ᠠᠯᠪᠠᠨ ᠵᠠᠷ ᠢ ᠨᠡᠶᠢᠲᠡᠯᠡᠭᠰᠡᠨ ᠠᠴᠠ ᠨᠠᠰᠢ᠂ ᠮᠠᠨ ᠤ ᠠᠶᠢᠮᠠᠭ ᠤᠨ 18 ᠠᠵᠤ ᠠᠬᠤᠶᠢᠯᠠᠯ ᠨᠢᠭᠡᠨᠲᠡ ᠤᠰᠤ | ᠬᠥᠷᠥᠰᠥ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ | ᠪᠣᠳᠣᠯᠭ᠎ᠠ ᠶᠢ ᠭᠥᠷᠳᠡᠪᠡ᠃ ᠡᠨᠡᠬᠦ ᠠᠵᠢᠯ ᠪᠣᠯ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠧᠯᠸᠢᠰ ᠤᠳᠠᠰᠤᠳᠤ ᠬᠤᠷᠠᠯ ᠤᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠤᠰᠤᠨ ᠤ | ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ | ᠪᠤᠯᠤᠨ᠎ᠠ᠂ ᠲᠠᠷᠠᠭᠠᠴᠢ ᠶᠢᠨ ᠠᠯᠬᠤᠮ ᠳᠤ᠂ ᠮᠠᠨ ᠤ ᠠᠶᠢᠮᠠᠭ ᠤᠨ ᠤᠰᠤᠨ ᠤ ᠶᠠᠪᠤᠳᠠᠯ ᠤᠨ ᠰᠢᠰᠲ᠋ᠧᠮ ᠤᠨ ᠬᠢᠨ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠦᠢᠯᠡᠴᠢᠯᠡᠭᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠰᠦᠢᠳᠬᠡᠯ ᠢ ᠪᠠᠭᠤᠷᠠᠭᠤᠯᠤᠨ ᠰᠦᠢᠳᠬᠡᠯ ᠢ ᠬᠤᠶᠢᠰᠢᠯᠠᠭᠤᠯᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠢᠭᠤᠳ ᠲᠦᠷᠭᠡᠨ ᠡᠳ᠋ᠯᠡᠬᠦ ᠶᠢ ᠪᠠᠲᠤᠯᠠᠨ᠂ ᠴᠠᠭ | ᠲᠤᠬᠠᠢ ᠳᠤᠨᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠠᠷᠠᠳ ᠣᠯᠠᠨ ᠤ ᠳᠠᠷᠤᠭᠠᠰᠤ ᠶᠢ | ᠬᠥᠩᠭᠡᠯᠡᠨ ᠬᠦᠴᠢᠷᠳᠡᠯ ᠢ ᠰᠢᠢᠳᠪᠦᠷᠢᠯᠡᠵᠦ᠂ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠨ᠎ᠡ᠃ | | | | | |