ᠰᠢᠨᠬᠤᠸᠠ ᠬᠤᠷᠢᠶ᠎ᠠ ︽ᠠᠵᠤ ᠠᠬᠤᠢ ᠶᠢᠨ ᠯᠠᠪᠯᠠᠯᠲᠠ ᠶᠢᠨ ᠰᠦᠯᠵᠢᠶ᠎ᠡ︾᠄ ᠪᠦᠬᠦ ᠣᠯᠤᠰ ᠲᠤ ᠨᠡᠶᠢᠲᠡ ᠶᠢᠨ 9614 ᠳ᠋ᠦᠩᠰᠢᠭᠤᠷ ᠲᠥᠭᠦᠷᠢᠭ ᠤᠨ ᠣᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠶᠢ ᠪᠡᠶᠡᠯᠡᠬᠦᠯᠵᠦ ᠲᠡᠦᠭᠡ ᠶᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2022/12/14
    ︽ᠠᠵᠤ ᠠᠬᠤᠢ ᠶᠢᠨ ᠯᠡᠪᠯᠡᠯᠲᠡ ᠶᠢᠨ ᠰᠣᠨᠢᠨ︾ ᠰᠤᠷᠪᠤᠯᠵᠢᠯᠠᠭᠴᠢ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃ 11 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ᠂ ᠪᠥᠬᠦ ᠤᠯᠤᠰ ᠲᠤ ᠤᠰᠤᠨ ᠠᠰᠢᠭᠯᠠᠯᠲᠠ ᠶᠢᠨ ᠰᠢᠨ᠎ᠡ ᠪᠠᠷ ᠠᠵᠢᠯ ᠡᠬᠢᠯᠡᠬᠦᠯᠦᠭᠰᠡᠨ ᠲᠥᠷᠥᠯ ᠵᠦᠢᠯ 2.4 ᠲᠦᠮᠡ ᠪᠠᠶᠢᠵᠤ᠂ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢ 11378 ᠳ᠋ᠦᠩᠰᠢᠭᠤᠷ ᠲᠥᠭᠦᠷᠢᠭ ᠪᠤᠲᠠᠲᠠᠶᠢᠵᠢᠭᠤᠯᠵᠤ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠨᠡᠶᠢᠲᠡ 9614 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠃    ᠲᠦᠷᠦᠭᠦᠬᠡᠨ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠯᠢ ᠭᠦᠸᠧ ᠶᠢᠩ ᠬᠠᠭᠠᠰ ᠰᠠᠷ᠎ᠠ ᠶᠢᠨ ᠠᠵᠢᠯ ᠵᠤᠬᠢᠴᠠᠭᠤᠯᠬᠤ ᠬᠤᠷᠠᠯ ᠢ ᠡᠷᠭᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠣᠨ ᠤ ᠬᠠᠷᠠᠯᠲᠠ ᠡᠭᠦᠷᠭᠡ ᠪᠠᠨ ᠲᠣᠭᠲᠠᠭᠠᠵᠤ᠂ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠭᠤᠭᠴᠤᠭ᠎ᠠ᠂ ᠴᠢᠬᠤᠯᠠ ᠡᠭᠦᠷᠭᠡ ᠶᠢ ᠰᠠᠶᠢᠲᠤᠷ ᠠᠩᠬᠠᠷᠴᠤ᠂ ᠵᠢᠯ ᠤᠨ ᠡᠴᠦᠰ ᠠᠴᠠ ᠡᠮᠦᠨᠡᠬᠢ ᠬᠢᠵᠠᠭᠠᠷ ᠲᠠᠢ ᠴᠠᠭ ᠲᠤ᠂ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠯᠢ ᠭᠦᠸᠧ ᠶᠢᠩ᠂ ᠶᠡᠭᠡ ᠲᠠᠯ᠎ᠠ ᠳᠤ ᠰᠠᠭᠤᠷᠢᠯᠠᠨ᠂ ᠴᠠᠭ ᠢ ᠵᠠᠪᠳᠠᠨ᠂ ᠥᠷᠯᠥᠭᠡ ᠦᠳᠡᠰᠢ ᠦᠭᠡᠢ ᠲᠡᠮᠡᠴᠡᠬᠦ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠢᠶᠠᠷ ᠴᠢᠩᠳᠠᠯᠠᠵᠤ᠂ ᠳᠣᠣᠷᠠᠬᠢ ᠠᠵᠢᠯ ᠤᠳ ᠢ ᠬᠦᠴᠦᠯᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠄    ᠨᠢᠭᠡ ᠳᠤ᠂ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ᠂ ᠵᠢᠯ ᠤᠨ ᠡᠴᠦᠰ ᠠᠴᠠ ᠡᠮᠦᠨ᠎ᠡ ᠤᠰᠤᠨ ᠠᠰᠢᠭᠯᠠᠯᠲᠠ ᠶᠢᠨ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠤᠨ ᠠᠵᠢᠯ ᠡᠬᠢᠯᠡᠭᠦᠯᠬᠦ ᠶᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠲᠡᠢ᠃    ᠬᠤᠶᠠᠷ ᠲᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠢ ᠲᠤᠭᠲᠠᠪᠤᠷᠢᠵᠢᠭᠤᠯᠵᠤ᠂ ᠲᠦᠷᠦᠯ ᠵᠦᠢᠯ ᠢ ᠰᠠᠶᠢᠲᠤᠷ ᠠᠳᠬᠤᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠪᠣᠳᠠᠲᠠᠢ ᠴᠢᠨᠠᠷᠲᠠᠢ ᠠᠬᠢᠴᠠ ᠲᠠᠢ ᠪᠠᠶᠢᠬᠤ ᠶᠢ ᠠᠬᠢᠭᠤᠯᠬᠤ ᠬᠡᠷᠡᠭᠲᠡᠢ᠃    ᠳᠥᠷᠪᠡ ᠳᠤ᠂ ᠲᠤᠷᠰᠢᠯᠭ᠎ᠠ ᠪᠠᠨ ᠳ᠋ᠦᠩᠨᠡᠨ ᠬᠡᠪ ᠵᠠᠭᠪᠤᠷ ᠢᠶᠠᠨ ᠵᠢᠷᠤᠮᠵᠢᠭᠤᠯᠵᠤ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ᠃    ᠲᠠᠪᠤ ᠳᠤ᠂ ᠣᠰᠣᠨ ᠠᠰᠢᠭᠯᠠᠯᠲᠠ ᠶᠢᠨ ᠢᠨᠵᠧᠨ᠋ᠷᠢᠩ ᠤᠨ ᠡᠪᠦᠯ ᠤᠨ ᠤᠯᠠᠷᠢᠯ ᠤᠨ ᠪᠠᠷᠢᠯᠭ᠎ᠠ ᠶᠢᠨ ᠶᠠᠰᠤ ᠴᠢᠨᠠᠷ ᠤᠨ ᠡᠵᠡᠮᠳᠡᠯ ᠪᠠ ᠠᠶᠤᠯᠭᠦᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ᠂ ᠦᠢᠯᠡᠳᠪᠦᠷᠢᠯᠡᠯ ᠤᠨ ᠠᠶᠤᠯᠭᠦᠢ ᠪᠠᠶᠢᠬᠤ ᠶᠢ ᠪᠠᠲᠤᠯᠠᠬᠤ ᠬᠡᠷᠡᠭᠲᠡᠢ᠃    ᠵᠢᠷᠭᠤᠭ᠎ᠠ ᠳᠤ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠠᠯᠲᠠ ᠠᠷᠭ᠎ᠠ ᠵᠠᠮ ᠳᠤ ᠠᠩᠬᠠᠷᠤᠯ ᠢᠶᠠᠨ ᠲᠥᠪᠯᠡᠷᠡᠭᠦᠯᠵᠦ᠂ ᠢᠷᠡᠬᠦ ᠵᠢᠯ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠵᠢᠴᠢ ᠪᠡᠯᠡ ᠮᠥᠩᠭᠦ ᠴᠤᠭᠯᠠᠭᠤᠯᠬᠤ ᠲᠥᠰᠥᠯ ᠢ ᠤᠷᠢᠳᠴᠢᠯᠠᠨ ᠲᠥᠯᠥᠪᠵᠢᠭᠦᠯᠵᠦ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ 
 
ᠢᠷᠡᠯᠲᠡ᠄ ᠠᠵᠤ ᠠᠬᠤᠢ ᠶᠢᠨ ᠯᠡᠪᠯᠡᠯᠲᠡ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号