︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ  ᠤᠨ ᠪᠡᠯᠡᠳᠬᠡᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ  ᠤᠨ ᠪᠡᠯᠡᠳᠬᠡᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠠᠷᠤᠳᠠᠯ ᠢ ᠨᠠᠶᠢᠷᠠᠭᠤᠯᠤᠨ ᠵᠣᠬᠢᠶᠠᠬᠤ ᠠᠷᠭ᠎ᠠ︾ ᠶᠢᠨ ᠬᠢᠨᠠᠨ ᠪᠠᠶᠢᠴᠠᠭᠠᠯᠲᠠ ᠶᠢ ᠤᠷᠤᠭᠰᠢᠲᠠᠶ ᠦᠩᠭᠡᠷᠭᠡᠪᠡ
ᠨᠡᠶᠢᠲᠡᠯᠡᠭᠰᠡᠨ ᠴᠠᠭ᠄
2022/12/16
  ᠲᠦᠷᠦᠭᠦᠬᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠣᠷᠮ᠎ᠠ ᠶᠢᠨ ᠪᠠᠷᠢᠮᠵᠢᠶ᠎ᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ  ᠤᠨ  ᠪᠡᠯᠡᠳᠭᠡᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠠᠷᠤᠳᠠᠯ ᠢ ᠨᠠᠶᠢᠷᠠᠭᠤᠯᠤᠨ ᠵᠣᠬᠢᠶᠠᠬᠤ ᠠᠷᠭ᠎ᠠ︾ ︵ᠳᠣᠷᠣᠭᠰᠢ ︽ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠣᠷᠮ᠎ᠠ︾ ᠪᠠ ︽ᠨᠠᠶᠢᠷᠠᠭᠤᠯᠤᠨ ᠵᠣᠬᠢᠶᠠᠬᠤ ᠠᠷᠭ᠎ᠠ︾ ᠭᠡᠵᠦ ᠲᠣᠪᠴᠢᠯᠠᠨ᠎ᠠ︶  ᠶᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠷᠭᠡᠵᠢᠯ  ᠤᠨ ᠬᠢᠨᠠᠨ ᠪᠠᠶᠢᠴᠠᠭᠠᠯᠲᠠ ᠳᠤ ᠤᠷᠤᠭᠰᠢᠲᠠᠶ ᠦᠩᠭᠡᠷᠡᠭᠦᠯᠪᠡ᠃  12 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠰᠦᠯᠵᠢᠶᠡᠨ ᠤ ᠬᠤᠷᠠᠯ ᠤᠨ ᠬᠡᠯᠪᠡᠷᠢ ᠪᠠᠷ ︽ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠣᠷᠮ᠎ᠠ ︾ ᠪᠠ ︽ ᠨᠠᠶᠢᠷᠠᠭᠤᠯᠤᠨ ᠵᠣᠬᠢᠶᠠᠬᠤ ᠠᠷᠭ᠎ᠠ ︾ ᠶᠢ ᠬᠢᠨᠠᠨ ᠪᠠᠶᠢᠴᠠᠭᠠᠬᠤ ᠬᠤᠷᠠᠯ ᠬᠤᠷᠠᠯᠳᠤᠭᠤᠯᠵᠤ᠂ ᠤᠰᠤᠨ ᠠᠰᠢᠭᠯᠠᠯᠲᠠ  ᠶᠢᠨ ᠲᠢᠩᠬᠢᠮ ᠤᠨ ᠶᠡᠷᠦᠩᠬᠡᠶ ᠢᠨᠵᠧᠨᠧᠷ ᠵᠣᠣ ᠬᠠᠶ ᠴᠦᠨ ᠬᠤᠷᠠᠯ ᠡᠷᠭᠢᠯᠡᠵᠦ᠂ ᠬᠠᠲᠤᠨ ᠭᠤᠤᠯ ᠤᠨ ᠵᠥᠪᠯᠡᠯ ᠤᠨ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠣᠷᠣᠨ ᠤ ᠭᠠᠳᠠᠨᠠᠬᠢ ᠲᠤᠰᠬᠠᠶ ᠮᠡᠷᠭᠡᠵᠢᠯᠲᠡᠨ ᠪᠠ ᠮᠠᠨ ᠤ ᠣᠷᠣᠨ ᠤ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠬᠤ ᠳᠤᠭᠤᠶᠢᠯᠠᠩ ᠢ ᠪᠦᠷᠢᠯᠳᠦᠭᠦᠯᠪᠡ᠃  ᠬᠤᠷᠠᠯ ᠳᠡᠭᠡᠷ᠎ᠡ ᠬᠢᠨᠠᠨ ᠲᠣᠭᠲᠠᠭᠠᠬᠤ ᠳᠤᠭᠤᠶᠢᠯᠠᠩ ᠤᠨ ᠬᠢᠨ ᠣᠷᠣᠨ ᠲᠤᠭ᠎ᠠ ᠲᠣᠭᠲᠠᠭᠠᠬᠤ ᠨᠢᠭᠡᠴᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠦᠨᠵᠡᠭᠡᠢ ᠶᠠᠷᠢᠯᠴᠠᠨ ᠬᠢᠨᠠᠨ ᠲᠣᠭᠲᠠᠭᠠᠪᠠ᠃ ᠨᠠᠷᠢᠨ ᠬᠢᠨᠠᠮᠠᠭᠠᠶ ᠦᠨᠡᠯᠡᠬᠦ  ᠪᠠᠷ ᠳᠡᠮᠵᠢᠨ᠂ ᠬᠢᠨᠠᠨ ᠲᠣᠭᠲᠠᠭᠠᠬᠤ ᠳᠤᠭᠤᠶᠢᠯᠠᠩ ᠠᠴᠠ ︽ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠣᠷᠮ᠎ᠠ︾  ᠶᠢ ᠨᠠᠶᠢᠷᠠᠭᠤᠯᠤᠨ ᠵᠣᠬᠢᠶᠠᠬᠤ ᠠᠷᠭ᠎ᠠ ᠨᠢ ᠰᠢᠨᠵᠢᠯᠡᠬᠦ ᠤᠬᠠᠭᠠᠨᠴᠢ᠂ ᠲᠣᠭᠲᠠᠭᠰᠠᠨ ᠨᠣᠷᠮ᠎ᠠ ᠶᠢᠨ ᠬᠢᠷᠢ ᠬᠡᠮᠵᠢᠶ᠎ᠡ ᠨᠢ ᠵᠣᠬᠢᠰᠲᠠᠶ᠂ ᠲᠥᠷᠥᠯ ᠵᠦᠶᠯ ᠤᠨ ᠨᠠᠷᠢᠨ ᠬᠠᠭᠤᠳᠠᠰᠤ ᠶᠢᠨ ᠠᠭᠤᠯᠭ᠎ᠠ ᠨᠢ ᠪᠦᠷᠢᠨ ᠪᠦᠲᠦᠨ᠂ ᠮᠠᠨ ᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠠᠷᠤᠳᠠᠯ ᠤᠨ ᠲᠥᠰᠦᠪ ᠪᠠ ᠣᠨ ᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠦᠨ᠎ᠡ ᠭᠡᠵᠦ ᠰᠠᠨᠠᠯ ᠨᠢᠭᠡᠲᠡᠢ ᠦᠵᠡᠵᠦ᠂ ᠬᠢᠨᠠᠨ ᠪᠠᠶᠢᠴᠠᠭᠠᠬᠤ ᠶᠢ ᠪᠠᠲᠤᠯᠠᠬᠤ ᠶᠢ ᠵᠦᠪᠰᠢᠶᠡᠷᠡᠪᠡ᠃     ︽ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠣᠷᠮ᠎ᠠ︾ ᠪᠠ ︽ᠨᠠᠶᠢᠷᠠᠭᠤᠯᠤᠨ ᠵᠣᠬᠢᠶᠠᠬᠤ ᠠᠷᠭ᠎ᠠ ︾ ᠶᠢ ᠲᠣᠭᠲᠠᠭᠠᠬᠤ ᠨᠢ ᠮᠠᠨ ᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠢᠯᠯᠠᠭᠠᠨ ᠢ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠶᠤᠯ ᠦᠭᠡᠶ ᠪᠠ ᠬᠡᠪ ᠤᠨ ᠠᠵᠢᠯᠯᠠᠭᠠᠨ ᠢ ᠪᠠᠲᠤᠯᠠᠵᠤ᠂ ᠤᠰᠤᠨ ᠠᠰᠢᠭᠯᠠᠯᠲᠠ  ᠶᠢᠨ ᠪᠠᠷᠢᠯᠭ᠎ᠠ ᠶᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠠᠷᠤᠳᠠᠯ ᠤᠨ ᠲᠥᠰᠦᠪ ᠤᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠶᠢ ᠵᠢᠷᠤᠮᠵᠢᠭᠤᠯᠤᠨ᠂ ᠮᠠᠨ ᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠲᠢᠩᠬᠢᠮ ᠠᠴᠠ ︽ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠣᠷᠮ᠎ᠠ︾ ᠪᠠ ︽ ᠨᠠᠶᠢᠷᠠᠭᠤᠯᠤᠨ ᠵᠣᠬᠢᠶᠠᠬᠤ ᠠᠷᠭ᠎ᠠ︾ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠳ᠋ ᠤᠨ ᠶᠠᠪᠤᠳᠠᠯ ᠤᠨ ᠭᠠᠵᠠᠷ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ᠂ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠥᠪ᠂ ᠬᠠᠲᠤᠨ ᠭᠤᠤᠯ ᠤᠨ   ᠳ᠋ᠧᠩᠺᠧᠤ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ᠂ ᠬᠠᠲᠤᠨ ᠭᠤᠤᠯ ᠤᠨ ᠰᠠᠨ ᠱᠧᠩ ᠬᠥᠩ ᠤᠰᠤᠨ ᠠᠰᠢᠭᠯᠠᠯᠲᠠ  ᠶᠢᠨ ᠬᠦᠢᠰᠦ ᠬᠠᠮᠢᠶᠠᠷᠤᠯᠲᠠ ᠶᠢᠨ ᠲᠥᠪ ᠵᠡᠷᠭᠡ ᠬᠠᠮᠢᠶ᠎ᠠ ᠪᠥᠬᠦᠶ ᠬᠥᠮᠦᠰ ᠸᠢᠳᠢᠣ᠋ ᠬᠢᠨᠠᠨ ᠪᠠᠶᠢᠴᠠᠭᠠᠬᠤ ᠬᠤᠷᠠᠯ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号