ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/12/20
  12 ᠳ᠋ᠤᠭᠠᠷ ᠰᠠᠷ᠎ᠠ ᠶᠢᠨ 20 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠤ᠂ ᠲᠢᠩᠬᠢᠮ ᠤᠨ ᠨᠠᠮ  ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠲᠠᠩᠭᠠᠷᠢᠭᠯᠠᠬᠤ ᠶᠢ ᠬᠢᠨᠠᠬᠤ ᠶᠢᠨ ᠬᠠᠮᠲᠤ ᠶᠠᠷᠢᠶ᠎ᠠ ᠲᠠᠯᠪᠢᠵᠤ᠂ ᠲᠢᠩᠬᠢᠮ ᠤᠨ ᠪᠠᠶᠢᠭᠤᠯᠭ᠎ᠠ᠂ ᠲᠢᠩᠬᠢᠮ ᠤᠨ ᠬᠠᠷᠢᠶᠠᠨ ᠤ ᠠᠵᠢᠯ ᠦᠶᠯᠡᠰ  ᠤᠨ ᠨᠢᠭᠡᠴᠢ ᠶᠢᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ︵ᠳᠡᠪᠰᠢᠭᠰᠡᠨ︶ ᠭᠠᠵᠠᠷ ᠤᠨ ᠲᠠᠰ ᠤᠨ ᠺᠠᠳ᠋ᠷ ᠪᠣᠯᠤᠨ ᠰᠢᠨ᠎ᠡ ᠪᠠᠷ ᠠᠵᠢᠯ ᠳᠤ ᠣᠷᠣᠭᠰᠠᠨ ᠠᠯᠪᠠᠲᠠᠨ ᠲᠠᠩᠭᠠᠷᠢᠭᠯᠠᠬᠤ ᠶᠣᠰᠣᠯᠠᠯ ᠳᠤ ᠣᠷᠣᠯᠴᠠᠪᠠ᠃
宣誓-1.jpg
  ᠶᠣᠰᠣᠯᠠᠯ ᠤᠨ ᠠᠬᠤᠢ ᠲᠠᠯᠠᠪᠠᠢ ᠲᠥᠪ ᠬᠢᠴᠢᠶᠡᠩᠭᠦᠢ ᠪᠥᠭᠡᠳ ᠲᠠᠩᠭᠠᠷᠢᠭᠯᠠᠬᠤ ᠲᠠᠶᠢᠰᠠᠨ ᠳᠡᠭᠡᠷ᠎ᠡ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢ ᠲᠠᠯᠪᠢᠵᠤ᠂ ᠰᠦᠷ ᠵᠢᠪᠬᠤᠯᠠᠩᠲᠤ ᠤᠯᠤᠰ ᠤᠨ ᠳᠠᠭᠤᠤ ᠶᠢᠨ ᠳᠤᠮᠳᠠ ᠶᠣᠰᠣᠯᠠᠯ ᠤᠨ ᠬᠦᠰᠢᠭᠡ ᠶᠢ ᠰᠡᠬᠦᠭᠡᠪᠡ᠃ ᠳᠠᠭᠠᠭᠤᠯᠤᠨ ᠲᠠᠩᠭᠠᠷᠢᠭᠯᠠᠭᠴᠢ ᠵᠡᠭᠦᠨ ᠭᠠᠷ ᠢᠶᠠᠷ ᠢᠶᠠᠨ ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢ ᠳᠠᠷᠤᠵᠤ᠂ ᠪᠠᠷᠠᠭᠤᠨ ᠭᠠᠷ ᠤᠨ ᠨᠢᠳᠤᠷᠭ᠎ᠠ ᠪᠠᠨ ᠡᠷᠭᠦᠵᠦ᠂ ᠲᠠᠩᠭᠠᠷᠢᠭ ᠤᠨ ᠦᠭᠡ ᠶᠢ ᠤᠩᠰᠢᠨ᠎ᠠ᠃ ᠪᠤᠰᠤᠳ ᠲᠠᠩᠭᠠᠷᠢᠭᠯᠠᠭᠴᠢ ᠲᠡᠷᠢ ᠲᠡᠭᠰᠢ ᠵᠢᠭᠰᠠᠵᠤ᠂ ᠪᠠᠷᠠᠭᠤᠨ ᠭᠠᠷ ᠤᠨ ᠨᠢᠳᠤᠷᠭ᠎ᠠ ᠪᠠᠨ ᠡᠷᠭᠦᠵᠦ ᠲᠠᠩᠭᠠᠷᠢᠭ ᠤᠨ ᠦᠭᠡᠰ ᠢ ᠲᠠᠭᠠᠨ ᠤᠩᠰᠢᠪᠠ᠃
宣誓-2.jpg
  ᠲᠠᠩᠭᠠᠷᠢᠭᠯᠠᠵᠤ ᠳᠠᠭᠤᠰᠤᠭᠰᠠᠨ ᠤ ᠳᠠᠷᠠᠭ᠎ᠠ ᠱᠧᠩ ᠰᠢᠶᠤᠤ ᠶᠢᠦ ᠵᠢᠭᠠᠵᠤ ᠭᠠᠷᠭᠠᠬᠤ ᠳᠤ ᠪᠠᠨ᠂ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠪᠣᠯ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠬᠤᠯᠪᠣᠭᠳᠠᠯ ᠪᠥᠬᠦᠶ ᠲᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠭᠦᠨᠵᠡᠭᠡᠶᠢᠷᠡᠭᠦᠯᠬᠦ ᠦᠶᠯᠡᠳᠦᠯᠭᠡ ᠶᠢᠨ ᠤᠯᠠᠮ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠶᠣᠰᠣᠯᠠᠯ ᠮᠥᠨ᠃ ᠤᠯᠠᠨ ᠢᠶᠠᠷ ᠢᠶᠠᠨ ᠡᠷᠡᠰ ᠴᠢᠩᠭ᠎ᠠ ᠲᠠᠩᠭᠠᠷᠢᠭ ᠢᠶᠠᠨ ᠥᠷᠥᠴᠡ ᠵᠢᠷᠦᠬᠡᠨ ᠳᠡᠭᠡᠨ ᠬᠠᠳᠠᠩᠰᠢᠭᠤᠯᠵᠤ᠂ ᠪᠣᠳᠠᠲᠤ ᠣᠯᠠᠨ ᠠᠵᠢᠯᠯᠠᠭ᠎ᠠ ᠪᠠᠷ ᠢᠶᠠᠨ ᠦᠨᠳᠦᠰᠦᠨ ᠬᠠᠤᠯᠢ ᠳᠤ ᠦᠨᠡᠨᠴᠢ ᠪᠠᠶᠢᠵᠤ᠂ ᠦᠨᠳᠦᠰᠦᠨ ᠬᠠᠤᠯᠢ ᠶᠢ ᠵᠢᠷᠤᠮᠯᠠᠵᠤ᠂ ᠦᠨᠳᠦᠰᠦᠨ ᠬᠠᠤᠯᠢ ᠶᠢ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠠᠩᠭᠠᠷᠢᠭ ᠢᠶᠠᠨ ᠦᠢᠯᠡᠳᠦᠯᠭᠡᠵᠢᠭᠦᠯᠬᠦ ᠬᠡᠷᠡᠭᠲᠡᠢ ᠭᠡᠵᠡᠢ᠃  ᠱᠧᠩ ᠰᠢᠶᠤᠤ ᠶᠢᠦ ᠱᠠᠭᠠᠷᠳᠠᠬᠤ ᠳᠤ ᠪᠠᠨ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠳ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠨᠠᠮ ᠳᠤ ᠪᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠵᠤ᠂ ᠨᠠᠮ  ᠳᠤ ᠪᠠᠨ ᠦᠨᠡᠨᠴᠢ ᠰᠢᠳᠤᠷᠭᠤ ᠪᠠᠶᠢᠬᠤ ᠭᠡᠳᠡᠭ ᠡᠨᠡ ᠬᠦ ᠤᠯᠤᠰ ᠲᠦᠷᠦ ᠶᠢᠨ ᠴᠢᠭᠴᠢ ᠵᠢᠷᠤᠮ ᠢ ᠪᠠᠲᠤ ᠰᠠᠬᠢᠬᠤ ᠬᠡᠷᠡᠭᠲᠡᠢ︔ ᠬᠠᠤᠯᠢ ᠪᠠᠷ ᠵᠠᠰᠠᠬᠤ ᠶᠢ ᠬᠢᠴᠢᠶᠡᠩᠭᠦᠶᠢᠯᠡᠨ ᠵᠢᠷᠤᠮᠯᠠᠵᠤ᠂ ᠦᠨᠳᠦᠰᠦᠨ ᠬᠠᠤᠯᠢ ᠳᠤ ᠡᠭᠦᠷᠢᠳᠡ ᠦᠨᠡᠨᠴᠢ ᠰᠢᠳᠤᠷᠭᠤ ᠪᠠᠶᠢᠵᠤ᠂ ᠦᠨᠳᠦᠰᠦᠨ ᠬᠠᠤᠯᠢ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠦᠶᠯᠡᠰ ᠲᠤ ᠪᠠᠨ ᠢᠮᠠᠭᠲᠠ ᠦᠨᠡᠨᠴᠢ ᠰᠢᠳᠤᠷᠭᠤ ᠵᠢᠳᠬᠦᠵᠦ᠂ ︽ᠠᠷᠪᠠᠨ ᠵᠢᠷᠭᠤᠭᠠᠨ ᠥᠰᠥᠭ︾ ᠤᠨ ᠤᠰᠤ ᠵᠠᠰᠠᠬᠤ ᠰᠡᠳᠬᠢᠮᠵᠢ ᠶᠢ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠡᠯ᠎ᠡ ᠭᠤᠭᠴᠣᠭᠠᠨ ᠤ ᠪᠥᠬᠦ ᠶᠠᠪᠤᠴᠠ ᠳᠤ ᠲᠡᠷᠡ ᠶᠣᠰᠣᠭᠠᠷ  ᠨᠢ ᠨᠠᠶᠢᠳᠠᠪᠤᠷᠢᠵᠢᠭᠤᠯᠬᠤ ᠬᠡᠷᠡᠭᠲᠡᠶ︔ ᠰᠠᠬᠢᠯᠭ᠎ᠠ ᠪᠠᠲᠤ ᠶᠢ ᠲᠣᠳᠣᠷᠬᠠᠶᠢᠯᠠᠨ ᠪᠡᠶᠡᠴᠢᠯᠡᠨ ᠰᠠᠬᠢᠵᠤ᠂ ᠶᠣᠰᠣ ᠰᠤᠷᠲᠠᠬᠤᠨ ᠲᠠᠢ ᠪᠠᠶᠢᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠤᠯᠤᠰ ᠤᠨ ᠠᠵᠢᠯᠳᠠᠨ ᠤ ᠨᠡᠷ᠎ᠡ ᠲᠥᠷᠥ ᠪᠣᠯᠣᠨ ᠲᠤᠰᠢᠶᠠᠯ ᠬᠠᠷᠢᠭᠤᠴᠠᠯᠭ᠎ᠠ  ᠪᠠᠨ ᠪᠠᠲᠤ ᠴᠡᠭᠡᠵᠢᠯᠡᠬᠦ ᠬᠡᠷᠡᠭᠲᠡᠢ ᠭᠡᠵᠡᠢ᠃ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号