ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠨᠠᠮ ᠤᠨ ᠠᠵᠢᠯ ︵ᠰᠠᠬᠢᠯᠭ᠎ᠠ ᠪᠠᠲᠤ ᠪᠠᠶᠢᠴᠠᠭᠠᠬᠤ‌ᠠᠵᠢᠯ︶ ᠤᠨ ᠺᠠᠳ᠋ᠷ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ  ᠲᠣᠣᠷᠠᠯᠵᠢ ᠶᠢᠨ ᠠᠵᠢᠯᠲᠠᠨ ᠤ ᠲᠤᠰᠬᠠᠶ ᠰᠡᠳᠦᠪᠲᠦ ᠪᠤᠯᠪᠠᠰᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2022/12/21
  12 ᠳ᠋ᠤᠭᠠᠷ ᠰᠠᠷ᠎ᠠ ᠶᠢᠨ 12 ᠠᠴᠠ 15 ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠨᠠᠮ ᠤᠨ ᠠᠵᠢᠯ ︵ᠰᠠᠬᠢᠯᠭ᠎ᠠ ᠪᠠᠲᠤ ᠪᠠᠶᠢᠴᠠᠭᠠᠬᠤ  ᠠᠵᠢᠯ︶ ᠤᠨ ᠺᠠᠳ᠋ᠷ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠲᠣᠣᠷᠠᠯᠵᠢ ᠶᠢᠨ ᠠᠵᠢᠯᠲᠠᠨ ᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ  ᠶᠢ ᠠᠬᠢᠭᠤᠯᠪᠠ᠃
纪检.jpg
  ᠪᠣᠯᠪᠠᠰᠤᠷᠠᠯ ᠤᠨ ᠠᠩᠭᠢ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠶ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ  ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠵᠢᠱᠢᠶ᠎ᠡ ᠦᠵᠡᠭᠦᠯᠬᠦ ᠠᠩᠭᠢ ᠪᠣᠳᠠᠲᠤ ᠪᠣᠯᠪᠠᠰᠤᠷᠠᠯ  ᠤᠨ ᠠᠩᠭᠢ ᠪᠠᠷ ᠥᠯᠢᠭᠡᠷ ᠳᠠᠭᠤᠷᠢᠶᠠᠯ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠶᠢᠨ ᠱᠦᠵᠢ᠂ ᠨᠠᠮ ᠤᠨ ᠠᠵᠢᠯ ︵ᠰᠠᠬᠢᠯᠭ᠎ᠠ ᠪᠠᠲᠤ ᠪᠠᠶᠢᠴᠠᠭᠠᠬᠤ ᠠᠵᠢᠯ︶ ᠤᠨ ᠺᠠᠳ᠋ᠷ ᠵᠢᠴᠢ ᠦᠵᠡᠯ ᠤᠬᠠᠮᠰᠠᠷ  ᠤᠨ ᠬᠡᠯᠪᠡᠷᠢ ᠶᠢᠨ ᠲᠤᠤᠷᠠᠯᠵᠢ ᠶᠢᠨ ᠠᠵᠢᠯᠲᠠᠨ ᠤ ᠡᠩᠨᠡᠭᠡᠨ ᠤ ᠴᠢᠳᠠᠪᠤᠷᠢ ᠪᠣᠯᠪᠠᠰᠤᠷᠠᠯ ᠢ ᠳᠡᠭᠡᠭᠰᠢᠯᠡᠭᠦᠯᠬᠦ ᠲᠣᠭᠤᠷᠢᠨ  ᠳᠤ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠣᠨᠣᠪᠴᠢᠲᠠᠶ  ᠣᠶᠢᠯᠠᠭᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠪᠥᠬᠦ ᠣᠷᠣᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠬᠥᠲᠥᠯᠥᠨ ᠳᠠᠭᠠᠭᠤᠯᠬᠤ ᠪᠠᠷ ᠵᠣᠷᠢᠯᠭ᠎ᠠ ᠪᠣᠯᠭᠠᠪᠠ᠃  ᠪᠤᠯᠪᠠᠰᠤᠷᠠᠯ ᠨᠢ ᠰᠦᠯᠵᠢᠶᠡᠨ ᠳᠡᠭᠡᠷ᠎ᠡ ᠤᠬᠠᠭᠤᠯᠤᠨ ᠲᠠᠶᠢᠯᠪᠤᠷᠢᠯᠠᠵᠤ ᠬᠢᠴᠢᠶᠡᠯ  ᠣᠷᠣᠬᠤ᠂ ᠰᠦᠯᠵᠢᠶᠡᠨ ᠤ ᠭᠠᠳᠠᠨ᠎ᠠ ᠳᠤᠭᠤᠶᠢᠯᠠᠩ ᠬᠤᠪᠢᠶᠠᠨ ᠶᠠᠷᠢᠯᠴᠠᠬᠤ ᠪᠠ ᠰᠤᠷᠤᠯᠭ᠎ᠠ ᠲᠡᠭᠦᠰᠬᠦ ᠰᠢᠯᠭᠠᠯᠲᠠ ᠬᠢᠬᠦ ᠵᠡᠷᠭᠡ ᠠᠷᠭ᠎ᠠ ᠬᠡᠯᠪᠡᠷᠢ ᠶᠢ ᠠᠪᠴᠤ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ︿ᠲᠠᠪᠤ ᠶᠢ ᠪᠠᠲᠤ ᠡᠵᠡᠮᠰᠢᠬᠦ﹀ ᠶᠢ ᠪᠡᠶᠡᠯᠡᠭᠦᠯᠬᠦ ᠲᠣᠬᠠᠢ︾᠂ ︽ᠠᠭᠤᠤ ᠶᠡᠭᠡ ᠰᠡᠷᠭᠦᠨ ᠮᠠᠨᠳᠤᠯᠲᠠ ᠲᠡᠶᠢᠰᠢ ᠲᠤᠮᠤ ᠠᠯᠬᠤᠮ ᠢᠶᠠᠷ ᠤᠷᠤᠭᠰᠢᠯᠠᠶ᠎ᠠ — ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ︾᠂ ︽ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠤᠶ᠎ᠠ — ᠨᠠᠮ ᠤᠨ ᠬᠤᠷᠢᠳᠤᠭᠠᠷ ᠶᠡᠭᠡ ᠬᠤᠷᠠᠯ  ᠤᠨ   ᠢᠯᠡᠳᠭᠡᠯ ᠤᠨ ᠰᠤᠷᠤᠯᠴᠠᠯᠭ᠎ᠠ ᠵᠠᠳᠠᠯᠤᠯᠲᠠ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ  ᠢ ᠰᠤᠷᠤᠯᠴᠠᠨ ᠲᠤᠭᠤᠰᠢᠯᠠᠭᠤᠯᠬᠤ ᠲᠤᠬᠠᠢ︾᠂ ︽ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠨᠡᠶᠢᠭᠡᠮ ᠵᠢᠷᠤᠮᠲᠦ ᠰᠣᠶᠣᠯ ᠤᠨ ᠰᠢᠨ᠎ᠡ ᠠᠮᠵᠢᠯᠲᠠ ᠶᠢ ᠴᠣᠭᠴᠠᠯᠠᠶ᠎ᠠ︾ ︽ᠰᠤᠷᠲᠠᠯ ᠢ ᠲᠦᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠪᠠᠷᠢᠮᠳᠠᠯᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠲᠤᠬᠠᠢ︾᠂ ︽︿ᠭᠤᠷᠪᠠᠨ ᠦᠭᠡᠢ﹀ ᠢ ᠨᠢᠭᠡ ᠴᠣᠭᠴᠠᠵᠢᠭᠤᠯᠤᠨ ᠠᠬᠢᠭᠤᠯᠬᠤ ᠪᠠᠶᠢᠭᠤᠯᠤᠮᠵᠢ ᠶᠢᠨ ᠲᠣᠭᠲᠠᠴᠠ ᠶᠢ ᠪᠠᠶᠢᠭᠤᠯᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠬᠦ ᠲᠤᠬᠠᠢ︾ ᠵᠡᠷᠭᠡ ᠤᠬᠠᠭᠤᠯᠤᠨ ᠲᠠᠶᠢᠯᠪᠤᠷᠢᠯᠠᠬᠤ ᠬᠢᠴᠢᠶᠡᠯ ᠢ ᠰᠤᠷᠤᠯᠴᠠᠪᠠ᠃ ᠪᠤᠯᠪᠠᠰᠤᠷᠠᠯ ᠢᠶᠠᠷ ᠳᠠᠮᠵᠢᠭᠤᠯᠤᠨ ᠨᠠᠮ ᠤᠨ ᠠᠵᠢᠯ ᠤᠨ ᠺᠠᠳ᠋ᠷᠴᠤᠳ ᠡᠭᠦᠷᠭᠡ ᠴᠢᠳᠠᠪᠤᠷᠢ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶ ᠲᠠᠨᠢᠵᠤ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠪᠠᠨ ᠲᠤᠳᠤᠷᠬᠠᠶᠢᠯᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠤᠯᠤᠨ ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠲᠠᠰᠤᠷᠠᠯᠲᠠ ᠥᠬᠡᠶ ᠴᠢᠩᠭᠠᠳᠬᠠᠬᠤ ᠳᠤ ᠪᠠᠲᠤ ᠪᠠᠬᠢ ᠰᠠᠭᠤᠷᠢ ᠶᠢ ᠳᠠᠯᠪᠢᠵᠦ ᠦᠭᠴᠡᠢ᠃  ᠲᠢᠩᠬᠢᠮ ᠤᠨ ᠪᠠᠶᠢᠭᠤᠯᠭ᠎ᠠ᠂ ᠲᠢᠩᠬᠢᠮ ᠤᠨ ᠬᠠᠷᠢᠶ᠎ᠠ ᠡᠯ᠎ᠡ ᠨᠢᠭᠡᠴᠢ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠤᠨ ᠨᠠᠮ ᠤᠨ ᠡᠭᠦᠷ  ᠤᠨ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠭᠠᠵᠠᠷ ᠤᠨ ᠲᠠᠰ ᠤᠨ ᠺᠠᠳ᠋ᠷ᠂ ᠨᠠᠮ ᠤᠨ ᠠᠵᠢᠯ ᠪᠠ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠵᠢᠴᠢ ᠲᠣᠣᠷᠠᠯᠵᠢ ᠶᠢᠨ ᠳᠠᠷᠤᠭ᠎ᠠ᠂ ᠲᠣᠣᠷᠠᠯᠵᠢ ᠶᠢᠨ ᠠᠵᠢᠯᠲᠠᠨ ᠨᠡᠶᠢᠲᠡ 230 ᠭᠠᠷᠤᠶ ᠬᠥᠮᠦᠨ ᠪᠤᠯᠪᠠᠰᠤᠷᠠᠯ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号