ᠠᠷᠠᠳ ᠤᠨ ᠡᠳᠦᠷ ᠤᠨ ᠰᠣᠨᠢᠨ ᠤ ᠭᠠᠳᠠᠭᠠᠳᠤ ᠳᠤ ᠵᠣᠷᠢᠭᠤᠯᠤᠭᠰᠠᠨ ᠬᠡᠪᠯᠡᠯ᠄ ᠲᠦᠷᠦᠭᠦᠤ 11 ᠰᠠᠷ᠎ᠠ ᠳᠤ ᠪᠥᠬᠦ ᠤᠯᠤᠰ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ 33% ᠪᠠᠷ ᠨᠡᠮᠡᠭᠳᠡᠭᠰᠡᠨ
ᠨᠡᠶᠢᠲᠡᠯᠡᠭᠰᠡᠨ ᠴᠠᠭ᠄
2022/12/21
    ︽ᠠᠷᠠᠳ ᠤᠨ ᠡᠳᠦᠷ ᠤᠨ ᠰᠣᠨᠢᠨ ᠤ ᠭᠠᠳᠠᠭᠠᠳᠤ ᠳᠤ ᠵᠣᠷᠢᠭᠤᠯᠤᠭᠰᠠᠨ ᠬᠡᠪᠯᠡᠯ︾ ︵2022 ᠣᠨ ᠤ 12 ᠳ᠋ᠤᠭᠠᠷ ᠰᠠᠷ᠎ᠠ ᠶᠢᠨ 20 ᠤ ᠡᠳᠦᠷ 03 ᠳ᠋ᠤᠭᠠᠷ ᠬᠡᠪᠯᠡᠯ︶    ᠪᠡᠭᠡᠵᠢᠩ 12 ᠳ᠋ᠤᠭᠠᠷ ᠰᠠᠷ᠎ᠠ ᠶᠢᠨ 19 ᠤ ᠡᠳᠦᠷ ᠴᠠᠬᠢᠯᠭᠠᠨ ᠮᠡᠳᠡᠭᠡ ︵ᠰᠤᠷᠪᠤᠯᠵᠢᠯᠠᠭᠴᠢ ᠯᠢ ᠰᠢᠶᠤᠤ      ᠴᠢᠩ︶    ᠰᠤᠷᠪᠤᠯᠵᠢᠯᠠᠭᠴᠢ ᠣᠰᠤᠨ ᠠᠰᠢᠭᠯᠠᠯᠲᠠ ᠶᠢᠨ ᠶᠠᠮᠤᠨ ᠠᠴᠠ ᠤᠶᠢᠯᠠᠭᠠᠭᠰᠠᠨ ᠢᠶᠠᠷ᠂ 1 ᠠᠴᠠ 11 ᠳ᠋ᠦ᠋ᠭᠡᠷ ᠰᠠᠷ᠎ᠠ ᠪᠤᠯᠲᠠᠯ᠎ᠠ᠂ ᠪᠦᠬᠦ ᠣᠯᠤᠰ ᠤᠨ ᠣᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ 10085 ᠳ᠋ᠦᠩᠰᠢᠭᠤᠷ ᠲᠥᠬᠦᠷᠢᠭ ᠲᠤ ᠬᠦᠷᠴᠦ᠂ ᠨᠢᠳᠤᠨᠤᠨ ᠤ ᠪᠦᠬᠦ ᠵᠢᠯ ᠤᠨ ᠬᠢ ᠠᠴᠠ 33% ᠪᠠᠷ ᠨᠡᠮᠡᠭᠳᠡᠵᠡᠢ᠃ ᠣᠰᠤᠨ ᠠᠰᠢᠭᠯᠠᠯᠲᠠ ᠶᠢᠨ ᠪᠡᠯᠡ ᠤᠷᠤᠭᠤᠯᠤᠯᠲᠠ ᠨᠢ ᠠᠩᠬᠠᠳᠤᠭᠠᠷ ᠤᠳᠠᠭ᠎ᠠ 1 ᠲᠥᠮᠡᠨ ᠳ᠋ᠦᠩᠰᠢᠭᠤᠷ ᠲᠥᠭᠦᠷᠢᠭ ᠢ ᠳᠠᠪᠠᠭᠰᠠᠨ ᠨᠢ ᠰᠢᠨ᠎ᠡ ᠲᠤᠮᠲᠠᠲᠤ ᠣᠯᠤᠰ ᠪᠠᠶᠢᠭᠤᠯᠤᠭᠳᠠᠭᠰᠠᠨ ᠠᠴᠠ ᠨᠠᠰᠢ ᠣᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢ ᠬᠠᠮᠤᠭ ᠤᠨ ᠠᠷᠪᠢᠨ ᠪᠡᠶᠡᠯᠡᠬᠦᠯᠦᠭᠰᠡᠨ ᠨᠢᠭᠡ ᠵᠢᠯ ᠪᠤᠯᠤᠨ᠎ᠠ᠃ 10 ᠮᠣᠵᠢ ᠶᠢᠨ ᠪᠡᠯᠡ ᠤᠷᠤᠭᠤᠯᠤᠯᠲᠠ ᠨᠢ 500 ᠳ᠋ᠦᠩᠰᠢᠭᠤᠷ ᠲᠥᠭᠦᠷᠢᠭ ᠢ ᠳᠠᠪᠠᠵᠤ᠂ ᠡᠭᠦᠨ ᠳᠤ ᠭᠤᠸᠠᠩᠳᠦ᠋ᠩ 740 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠦ᠂ ᠶᠦᠨᠨᠠᠨ 652 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠡᠢ᠃ ᠣᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠨᠢ ᠪᠡᠯᠡ ᠤᠷᠤᠭᠤᠯᠤᠯᠲᠠ ᠶᠢ ᠲᠤᠭᠲᠠᠪᠤᠷᠢᠵᠢᠭᠤᠯᠬᠤ᠂ ᠠᠵᠢᠯ ᠤᠯᠭᠤᠯᠲᠠ ᠶᠢ ᠠᠬᠢᠭᠤᠯᠬᠤ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ 236 ᠲᠦᠮᠡᠨ ᠬᠦᠮᠦᠨ ᠳᠤ ᠠᠵᠢᠯ ᠤᠯᠭᠤᠵᠤ᠂ ᠡᠭᠦᠨ ᠳᠤ 192 ᠲᠦᠮᠡᠨ ᠬᠦᠯᠦᠰᠦᠨ ᠠᠵᠢᠯᠴᠢᠨ ᠪᠤᠢ᠃    11 ᠳ᠋ᠦ᠋ᠭᠡᠷ ᠰᠠᠷ᠎ᠠ ᠶᠢᠨ ᠰᠡᠭᠦᠯᠴᠢ ᠪᠤᠯᠲᠠᠯ᠎ᠠ᠂ ᠪᠦᠬᠦ ᠣᠯᠤᠰ ᠲᠤ ᠰᠢᠨ᠎ᠡ ᠪᠠᠷ ᠠᠵᠢᠯ ᠡᠬᠢᠯᠡᠬᠦᠯᠦᠭᠰᠡᠨ ᠣᠰᠤᠨ ᠠᠰᠢᠭᠯᠠᠯᠲᠠ ᠶᠢᠨ ᠲᠥᠷᠦᠯ ᠵᠦᠢᠯ 2.5 ᠲᠦᠮᠡ ᠪᠠᠶᠢᠵᠤ᠂ ᠰᠢᠨ᠎ᠡ ᠪᠠᠷ ᠨᠡᠮᠡᠭᠳᠡᠭᠰᠡᠨ ᠪᠡᠯᠡ ᠤᠷᠤᠭᠤᠯᠤᠯᠲᠠ ᠶᠢᠨ ᠬᠡᠪᠴᠢᠶ᠎ᠡ 1.18 ᠳᠦᠮᠡᠨ ᠳ᠋ᠦᠩᠰᠢᠭᠤᠷ ᠲᠦᠬᠦᠷᠢᠭ ᠲᠤ ᠬᠦᠷᠴᠦ᠂ ᠨᠢᠳᠦᠨᠤᠨ ᠤ ᠪᠦᠬᠦ ᠵᠢᠯ ᠤᠨ ᠬᠢ ᠠᠴᠠ 3767 ᠵᠦᠢᠯ ᠢᠯᠡᠬᠦᠦ ᠪᠠᠶᠢᠵᠤ᠂ ᠪᠡᠯᠡ ᠤᠷᠤᠭᠤᠯᠤᠯᠲᠠ ᠶᠢᠨ ᠬᠡᠪᠴᠢᠶ᠎ᠡ 6511 ᠳ᠋ᠦᠩᠰᠢᠭᠤᠷ ᠲᠥᠭᠦᠷᠢᠭ ᠢᠯᠡᠬᠦᠦ ᠨᠡᠮᠡᠭᠳᠡᠵᠡᠢ᠃ 
 
ᠢᠷᠡᠯᠲᠡ᠄ ᠠᠷᠠᠳ ᠤᠨ ᠡᠳᠦᠷ ᠤᠨ ᠰᠣᠨᠢᠨ ᠤ ᠭᠠᠳᠠᠭᠠᠳᠤ ᠳᠤ ᠵᠣᠷᠢᠭᠤᠯᠤᠭᠰᠠᠨ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号