ᠥᠪᠥᠷ ᠮᠣᠩᠭᠤᠯ ᠲᠢᠩᠬᠢᠮ ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢ ᠪᠠᠳᠠᠷᠠᠭᠤᠯᠵᠤ ᠬᠦᠴᠦ  ᠪᠠᠨ ᠬᠠᠮᠲᠤᠳᠬᠠᠨ ᠤᠰᠤ ᠠᠷᠪᠢᠯᠠᠬᠤ ᠠᠵᠢᠯᠯᠠᠭ᠎ᠠ ᠶᠢ ᠳᠥᠯᠭᠢᠨ ᠠᠬᠢᠭᠤᠯᠬᠤ ᠡᠯ᠎ᠡ ᠵᠦᠶᠯ ᠤᠨ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ
ᠨᠡᠶᠢᠲᠡᠯᠡᠭᠰᠡᠨ ᠴᠠᠭ᠄
2022/12/22
  12 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠰᠤ ᠠᠷᠪᠢᠯᠠᠬᠤ ᠠᠵᠢᠯᠯᠠᠭ᠎ᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠬᠤᠷᠠᠯᠳᠤᠭᠤᠯᠪᠠ᠃ ᠬᠤᠷᠠᠯ ᠠᠴᠠ ᠪᠥᠬᠦ ᠣᠷᠣᠨ ᠤ 2022 ᠣᠨ ᠤ ᠤᠰᠤ ᠶᠢ ᠠᠷᠪᠢᠯᠠᠨ ᠬᠡᠷᠡᠭᠯᠡᠬᠦ ᠠᠵᠢᠯ ᠤᠨ ᠬᠡᠷᠡᠭᠵᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠶᠢ ᠠᠷᠪᠢᠯᠠᠨ ᠬᠡᠷᠡᠭᠯᠡᠬᠦ ᠠᠵᠢᠯ ᠤᠨ ᠲᠢᠩᠬᠢᠮ ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ 2023 ᠣᠨ ᠤ ᠠᠵᠢᠯ ᠤᠨ ᠭᠤᠤᠯᠳᠠᠯᠭ᠎ᠠ︾ ᠶᠢ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠲᠣᠰ ᠨᠢᠭᠡᠴᠡ ᠶᠢᠨ ᠢᠶᠠᠨ ᠤᠰᠤ ᠠᠷᠪᠢᠯᠠᠬᠤ ᠠᠵᠢᠯ ᠤᠨ ᠦᠷ᠎ᠡ ᠪᠦᠲᠦᠮᠵᠢ ᠵᠢᠴᠢ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠠᠨᠢᠯᠴᠠᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠤᠨ ᠳᠡᠳ᠋ ᠳᠠᠷᠤᠭ᠎ᠠ ᠯᠢ ᠪᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃  ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠡᠢ᠂ ᠡᠯ᠎ᠡ ᠰᠠᠯᠠᠭ᠎ᠠ ᠮᠥᠴᠢᠷ ᠤᠨ  ᠬᠢᠨ ᠣᠳᠣᠬᠠᠨ ᠤ ᠪᠠᠶᠢᠳᠠᠯ ᠪᠠ ᠡᠭᠦᠷᠭᠡ ᠶᠢ ᠵᠥᠪ ᠲᠠᠨᠢᠨ ᠣᠨᠣᠪᠴᠢᠲᠠᠢ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠰᠤ ᠠᠷᠪᠢᠯᠠᠬᠤ ᠤᠰᠤ ᠡᠵᠡᠮᠳᠡᠬᠦ ᠠᠵᠢᠯ ᠤᠨ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠳᠤᠲᠠᠮᠠᠭ᠂ ᠴᠠᠭ ᠬᠤᠭᠤᠴᠠᠭ᠎ᠠ ᠪᠠ ᠤᠷᠤᠨ ᠵᠠᠢ ᠶᠢᠨ ᠲᠠᠷᠬᠠᠯᠲᠠ ᠲᠡᠭᠰᠢ ᠪᠤᠰᠤ ᠣᠷᠣᠨ ᠤ ᠪᠠᠶᠢᠳᠠᠯ ᠤᠰᠤᠨ ᠤ ᠪᠠᠶᠢᠳᠠᠯ ᠳᠤ ᠰᠠᠭᠤᠷᠢᠯᠠᠵᠤ᠂ ᠨᠢᠭᠡᠳᠦᠯᠲᠡᠢ ᠲᠦᠯᠦᠪᠯᠡᠨ ᠵᠣᠯᠭᠠᠭᠤᠯᠬᠤ ᠪᠠ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠲᠤᠰ ᠲᠤᠰ ᠤᠨ ᠡᠭᠦᠷᠭᠡ ᠴᠢᠳᠠᠪᠬᠢ ᠪᠠ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠤᠰᠤ ᠠᠷᠪᠢᠯᠠᠬᠤ ᠠᠵᠢᠯ ᠤᠨ ᠬᠦᠴᠦᠲᠡᠢ ᠪᠦᠭᠡᠳ ᠡᠮᠬᠢ ᠵᠢᠷᠤᠮ ᠲᠠᠢ ᠪᠦᠲᠦᠮᠵᠢᠲᠡᠢ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠢ ᠭᠡᠵᠦ ᠴᠢᠩᠭᠠᠳᠬᠠᠵᠠᠢ᠃  ᠬᠤᠷᠠᠯ ᠠᠴᠠ᠂ 2023 ᠣᠨ ᠤ ᠪᠥᠬᠦ ᠣᠷᠣᠨ ᠤ ᠤᠰᠤ ᠠᠷᠪᠢᠯᠠᠬᠤ ᠠᠵᠢᠯ ᠢ ᠵᠢᠷᠭᠤᠭᠠᠨ ᠲᠠᠯ᠎ᠠ ᠪᠠᠷ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠨᠢᠭᠡ ᠳᠤ᠂ ᠤᠰᠤ ᠠᠷᠪᠢᠯᠠᠨ ᠬᠡᠷᠡᠭᠯᠡᠬᠦ ᠲᠢᠩᠬᠢᠮ ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠰᠠᠯᠠᠭ᠎ᠠ ᠮᠥᠴᠢᠷ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠶᠯ ᠤᠨ ᠬᠠᠷᠠᠯᠲᠠᠲᠦ ᠡᠭᠦᠷᠭᠡ ᠶᠢ ᠲᠤᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠠᠬᠢᠭᠤᠯᠤᠨ᠎ᠠ᠃ ᠬᠤᠶᠠᠷ  ᠲᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ  ᠶᠢ ᠴᠢᠩᠭᠠᠳᠬᠠᠵᠤ᠂ ᠪᠥᠬᠦ ᠣᠷᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠪᠠ︔ ᠭᠤᠷᠪᠠ ᠳᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ᠂ ᠤᠰᠤ ᠠᠷᠪᠢᠯᠠᠬᠤ ᠬᠡᠯᠪᠡᠷᠢ  ᠶᠢᠨ ᠳᠡᠭᠡᠳᠦ ᠰᠤᠷᠭᠠᠭᠤᠯᠢ᠂ ᠭᠤᠣᠯᠳᠠᠯᠭ᠎ᠠ ᠲᠠᠢ ᠠᠵᠢᠯ ᠲᠥᠷᠥᠯ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ᠂ ᠤᠰᠤ ᠠᠷᠪᠢᠯᠠᠬᠤ ᠬᠡᠯᠪᠡᠷᠢ ᠶᠢᠨ ᠤᠰᠤᠯᠠᠯᠲᠠ ᠶᠢᠨ ᠣᠷᠣᠨ᠂ ᠤᠰᠤ ᠠᠷᠪᠢᠯᠠᠬᠤ ᠬᠡᠯᠪᠡᠷᠢ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠬᠤ ᠬᠡᠷᠡᠭᠲᠡᠶ︔ ᠳᠥᠷᠪᠡ ᠳᠤ᠂ ᠡᠯ᠎ᠡ ᠠᠵᠢᠯ ᠲᠥᠷᠥᠯ ᠤᠨ ᠤᠰᠤ ᠠᠷᠪᠢᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠶᠯᠡᠳᠪᠦᠷᠢ ᠶᠢᠨ ᠤᠰᠤ ᠠᠷᠪᠢᠯᠠᠵᠤ ᠪᠤᠬᠢᠷᠳᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ  ᠪᠠᠭᠠᠰᠬᠠᠬᠤ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠬᠦᠷᠢᠶᠡᠨ ᠳᠠᠬᠢ ᠤᠰᠤ ᠠᠷᠪᠢᠯᠠᠬᠤ ᠶᠢ ᠠᠬᠢᠭᠤᠯᠤᠨ᠎ᠠ︔ ᠲᠠᠪᠤ ᠳᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠠᠶᠢᠮᠠᠭ ᠬᠤᠲᠠ ᠠᠯᠤᠰᠯᠠᠭᠰᠠᠨ ᠤᠰᠤᠨ ᠤ ᠡᠷᠬᠡ ᠶᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠢᠳᠡᠪᠬᠢᠲᠡᠶ ᠠᠬᠢᠭᠤᠯᠤᠨ᠂ ᠤᠰᠤ ᠠᠷᠪᠢᠯᠠᠬᠤ ᠭᠡᠷ᠎ᠡ ᠶᠢᠨ ᠬᠠᠮᠢᠶᠠᠷᠤᠯᠲᠠ ᠶᠢ ᠦᠷᠭᠦᠯᠵᠢᠯᠡᠨ ᠳᠡᠯᠭᠡᠷᠡᠭᠦᠯᠵᠦ᠂ ︽ᠤᠰᠤ ᠠᠷᠪᠢᠯᠠᠬᠤ ᠵᠢᠭᠡᠯᠡᠯᠭᠡ︾ ᠶᠢᠨ ᠪᠠᠯᠠ ᠲᠣᠬᠢᠷᠠᠭᠤᠯᠭ᠎ᠠ ᠶᠢᠨ  ᠦᠢᠯᠡᠴᠢᠯᠡᠭᠡ ᠶᠢ ᠠᠬᠢᠭᠤᠯᠤᠨ᠎ᠠ︔ ᠵᠢᠷᠭᠤᠭ᠎ᠠ ᠳᠤ᠂ ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠠᠷᠠᠳ ᠢᠷᠭᠡᠳ ᠤᠨ ᠤᠰᠤ ᠠᠷᠪᠢᠯᠠᠨ ᠬᠡᠷᠡᠭᠯᠡᠬᠦ ᠦᠢᠯᠡ ᠠᠵᠢᠯᠯᠠᠭ᠎ᠠ ᠶᠢᠨ ᠵᠢᠷᠤᠮᠵᠢᠯ︾ ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠶ ᠭᠡᠵᠦ ᠵᠢᠭᠠᠨ ᠭᠠᠷᠭᠠᠵᠠᠢ᠃  ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ᠂ ᠨᠡᠶᠢᠲᠡ 23 ᠵᠥᠪᠯᠡᠯ ᠠᠯᠪᠠᠨ ᠬᠡᠷ ᠲᠢᠩᠬᠢᠮ ᠲᠣᠪᠴᠢᠶ᠎ᠠ  ᠶᠢᠨ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠨᠥᠬᠦᠳ ᠵᠢᠴᠢ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃  ︵ᠤᠰᠤᠨ ᠤ ᠡᠬᠢ ᠪᠠᠶᠠᠯᠢᠭ ᠤᠨ ᠭᠠᠵᠠᠷ ᠠᠴᠠ ᠡᠬᠡ ᠪᠢᠴᠢᠭ ᠬᠠᠩᠭᠠᠪᠠ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号