ᠤᠷᠠᠳ ᠤᠨ ᠳᠤᠮᠳᠠᠳᠤ ᠬᠤᠰᠢᠭᠤ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/12/27
  ᠤᠷᠠᠳ ᠤᠨ ᠳᠤᠮᠳᠠᠳᠤ ᠬᠤᠰᠢᠭᠤ ᠤᠰᠤᠨ ᠤ ᠪᠠᠶᠢᠳᠠᠯ ᠳᠤ ᠰᠠᠭᠤᠷᠢᠯᠠᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠤᠳᠤᠯᠬᠢᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠢᠭᠡᠳᠦᠯᠲᠡᠶ ᠲᠦᠯᠦᠪᠯᠡᠨ ᠠᠷᠭ᠎ᠠ ᠰᠦᠪᠡᠭᠴᠢᠯᠡᠵᠦ᠂ ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠤᠨ ᠤ ᠤᠰᠤ ᠬᠠᠩᠭᠠᠬᠤ ᠦᠶᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃  2022 ᠣᠨ ᠳᠤ᠂ ᠤᠷᠠᠳ ᠤᠨ ᠳᠤᠮᠳᠠᠳᠤ ᠬᠤᠰᠢᠭᠤ ᠳ᠋ᠧ ᠯᠢᠩ ᠱᠠᠨ ᠪᠠᠯᠭᠠᠰᠤᠨ ᠤ ᠳ᠋ᠠ ᠱᠧᠩ ᠲᠣᠰᠬᠤᠨ ᠤ ᠠᠷᠠᠳ ᠤᠨ ᠵᠥᠪᠯᠡᠯ ᠤᠨ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ 365.34 ᠲᠦᠮᠡᠨ ᠲᠥᠭᠦᠷᠢᠭ ᠲᠤ ᠬᠦᠷᠴᠦ᠂ ᠭᠤᠣᠯᠳᠠᠭᠤ 34.9 ᠺᠢᠯᠤᠮᠲ᠋ᠧᠷ ᠤᠨ ᠤᠰᠤ ᠳᠠᠮᠵᠢᠭᠤᠯᠬᠤ ᠬᠤᠭᠤᠯᠠᠢ ᠶᠢ ᠳᠡᠪᠢᠰᠴᠦ᠂ 5 ᠬᠡᠢ ᠭᠠᠳᠠᠭᠰᠢᠯᠠᠭᠤᠯᠬᠤ ᠬᠤᠳᠳᠤᠭ ᠂ 20 ᠨᠡᠭᠡᠯᠡᠬᠡᠶ ᠶᠢᠨ ᠬᠤᠳᠳᠤᠭ ᠢ ᠰᠢᠨ᠎ᠡ ᠪᠠᠷ ᠪᠠᠶᠢᠭᠤᠯᠪᠠ᠃
1.jpg
  ᠲᠣᠰ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠨᠢ ᠤᠷᠠᠳ ᠤᠨ ᠳᠤᠮᠳᠠᠳᠤ ᠬᠤᠰᠢᠭᠤᠨ ᠤ ᠳ᠋ᠧ ᠯᠢᠩ ᠱᠠᠨ ᠪᠠᠯᠭᠠᠰᠤᠨ ᠤ ᠳ᠋ᠠ ᠱᠧᠩ ᠲᠣᠰᠬᠤᠨ ᠤ ᠠᠷᠠᠳ ᠤᠨ ᠵᠦᠪᠯᠡᠯ ᠤᠨ ᠪᠠᠶᠢᠭ᠎ᠠ ᠭᠠᠵᠠᠷ ᠤᠨ 521 ᠡᠷᠦᠬᠡ᠂ 2136 ᠬᠥᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠠᠶᠢᠵᠢᠷᠠᠭᠤᠯᠵᠤ᠂ ᠬᠤᠭᠤᠯᠠᠶ  ᠶᠢᠨ ᠲᠣᠤᠷ ᠨᠢ ᠬᠠᠭᠤᠴᠢᠷᠠᠭᠰᠠᠨ᠂ ᠡᠪᠳᠡᠷᠡᠵᠦ ᠰᠦᠶᠳᠦᠭᠰᠡᠨ ᠨᠢ ᠬᠦᠨᠳᠦ ᠨᠣᠴᠢᠲᠠᠶ ᠤᠰᠤᠨ ᠤ ᠬᠠᠩᠭᠠᠯᠭ᠎ᠠ ᠶᠢᠨ ᠪᠠᠶᠢᠳᠠᠯ ᠢ ᠲᠤᠶᠢᠯᠪᠤᠷᠢᠲᠠᠶ ᠰᠢᠶᠳᠪᠦᠷᠢᠯᠡᠵᠦ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃
2.jpg
  ᠲᠠᠷᠠᠭᠠᠴᠢ ᠶᠢᠨ ᠠᠯᠬᠤᠮ ᠳᠤ᠂ ᠤᠷᠠᠳ ᠤᠨ ᠳᠤᠮᠳᠠᠳᠤ ᠬᠤᠰᠢᠭᠤ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠤᠬᠠᠭᠤᠯᠵᠤ᠂ ᠠᠮᠤᠷ ᠲᠦᠪᠰᠢᠨ ᠢᠶᠠᠷ ᠤᠰᠤ ᠬᠡᠷᠡᠭᠯᠡᠬᠦ᠂ ᠤᠰᠤ ᠶᠢ ᠠᠷᠪᠢᠯᠠᠨ ᠬᠡᠷᠡᠭᠯᠡᠬᠦ ᠪᠠ ᠦᠨ᠎ᠡ ᠲᠥᠯᠥᠪᠦᠷᠢ ᠲᠠᠢ ᠪᠠᠷ ᠤᠰᠤ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠶᠠᠰᠤ ᠴᠢᠨᠠᠷ ᠪᠠ ᠦᠶᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠰᠠᠶᠢᠨ ᠦᠶᠯᠡᠴᠢᠯᠡᠨ᠎ᠡ᠃   
 
ᠢᠷᠡᠯᠲᠡ᠄ ᠤᠷᠠᠳ ᠤᠨ ᠳᠤᠮᠳᠠᠳᠤ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号