ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠲᠥᠪ ᠲᠧᠯᠸᠢᠰ᠄ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠭᠰᠡᠨ ᠵᠢᠷᠭᠤᠭᠠᠨ ᠵᠢᠯ ᠳᠤ ᠮᠠᠨ ᠤ ᠤᠯᠤᠰ ᠤᠨ ᠭᠤᠣᠯ ᠮᠥᠷᠡᠨ ᠨᠠᠭᠤᠷ ᠴᠥᠭᠦᠷᠥᠮ ᠤᠨ ᠪᠠᠶᠢᠳᠠᠯ ᠲᠡᠦᠬᠡᠲᠦ ᠴᠢᠨᠠᠷᠲᠠᠢ ᠬᠤᠪᠢᠷᠠᠯᠲᠠ ᠭᠠᠷᠪᠠ
ᠨᠡᠶᠢᠲᠡᠯᠡᠭᠰᠡᠨ ᠴᠠᠭ᠄
2022/12/27
    ᠰᠤᠷᠪᠤᠯᠵᠢᠯᠠᠭᠴᠢ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠡᠨᠡ ᠵᠢᠯ ᠤᠰᠤᠨ ᠠᠰᠢᠭᠯᠠᠯᠲᠠ ᠶᠢᠨ ᠶᠠᠮᠤᠨ ᠭᠤᠣᠯ ᠮᠦᠷᠡᠨ ᠤ ᠳᠠᠷᠤᠭ᠎ᠠ ᠶᠢᠨ ᠰᠢᠰᠲ᠋ᠧᠮ ᠳᠤ ᠲᠦᠰᠢᠭᠯᠡᠨ ᠭᠤᠣᠯ ᠮᠦᠷᠡᠨ ᠤ ︽ᠲᠦᠷᠪᠡᠨ ᠰᠠᠮᠠᠭᠤᠨ ᠢ ᠴᠡᠭᠴᠡᠯᠡᠬᠦ︾ ᠶᠢ ᠪᠠᠶᠢᠩᠭᠤᠵᠢᠭᠤᠯᠤᠨ ᠵᠢᠷᠤᠮᠵᠢᠭᠤᠯᠬᠤ ᠶᠢ ᠭᠦᠨᠵᠡᠭᠡᠢ ᠠᠬᠢᠭᠤᠯᠵᠤ᠂ ᠭᠤᠣᠯ ᠨᠠᠭᠤᠷ ᠢ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠪᠠᠶᠢᠭᠤᠯᠤᠭᠰᠠᠨ ᠵᠡᠷᠭᠡ 2.89 ᠲᠦᠮᠡᠨ ᠠᠰᠠᠭᠤᠳᠠᠯ ᠢ ᠴᠡᠭᠴᠡᠯᠡᠨ ᠵᠠᠰᠠᠵᠤ᠂ ᠣᠰᠤᠨ ᠬᠠᠰᠢᠯᠭ᠎ᠠ ᠶᠢᠨ ᠰᠣᠯᠪᠢᠴᠠᠭᠰᠠᠨ ᠪᠠᠷᠢᠯᠭ᠎ᠠ ᠶᠢ 10236 ᠴᠡᠭᠴᠡᠯᠡᠨ ᠵᠠᠰᠠᠵᠤ᠂ ᠡᠷᠭᠢ ᠲᠠᠭᠠᠤ ᠶᠢᠨ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ 1.75 ᠲᠦᠮᠡᠨ ᠺᠢᠯᠣᠮᠧᠳ᠋ᠷ ᠢ ᠴᠡᠭᠴᠡᠯᠡᠨ ᠵᠠᠰᠠᠪᠠ᠃    ᠤᠳᠤᠬᠠᠨ ᠪᠣᠯᠲᠠᠯ᠎ᠠ᠂ ᠮᠠᠨ ᠤ ᠤᠯᠤᠰ ᠨᠢᠭᠡᠨᠲᠡ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠡᠷᠡᠭᠵᠢᠬᠦᠯᠦᠭᠡᠳ ᠵᠢᠷᠭᠤᠭᠠᠨ ᠵᠢᠯ ᠪᠣᠯᠵᠤ᠂ ᠵᠢᠷᠭᠤᠭᠠᠨ ᠵᠢᠯ ᠤᠨ ᠲᠤᠷᠰᠢ᠂ ᠪᠥᠬᠦ ᠤᠯᠤᠰ ᠤᠨ 31 ᠮᠤᠵᠢ ᠣᠷᠣᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠮᠤᠵᠢ ᠶᠢᠨ ᠱᠠᠲᠤᠨ ᠤ ᠬᠤᠣᠰ ᠶᠡᠷᠦᠩᠬᠡᠢ ᠭᠤᠣᠯ ᠮᠦᠷᠡᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ 30 ᠲᠦᠮᠡᠨ ᠨᠡᠷᠡᠰ ᠮᠤᠵᠢ ᠬᠤᠲᠠ ᠰᠢᠶᠠᠨ ᠰᠢᠶᠠᠩ ᠤᠨ ᠳᠥᠷᠪᠡᠨ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠢ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ 90 ᠲᠦᠮᠡᠨ ᠨᠡᠷᠡᠰ ᠲᠣᠰᠬᠤᠨ ᠤ ᠲᠠᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠢ ᠭᠤᠣᠯ ᠮᠥᠷᠡᠨ ᠨᠠᠭᠤᠷ ᠴᠥᠭᠦᠷᠥᠮ ᠤᠨ ︽ᠬᠠᠮᠤᠭ ᠤᠨ ᠡᠮᠦᠨ᠎ᠡ ᠬᠠᠷᠠᠭᠤᠯ︾ ᠢ ᠰᠠᠬᠢᠨ      ᠬᠠᠮᠠᠭᠠᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠪᠠᠶᠢᠳᠠᠯ ᠲᠡᠦᠬᠡᠲᠦ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠪᠠ᠃    ︽ᠭᠤᠣᠯ ᠮᠥᠷᠡᠨ ᠨᠠᠭᠤᠷ ᠴᠦᠬᠦᠷᠡᠮ ᠤᠨ ᠳᠠᠷᠤᠭ᠎ᠠ ᠶᠢᠨ ᠳᠦᠷᠢᠮ︾ ᠢ ᠲᠡᠰ ᠳᠡᠪᠰᠢᠭᠦᠯᠵᠤ᠂ ᠭᠤᠣᠯ ᠮᠥᠷᠡᠨ ᠤ ᠤᠰᠤ ᠲᠤᠩᠭᠠᠯᠠᠭ ᠪᠠᠶᠢᠬᠤ ᠶᠢ ᠪᠡᠶᠡᠯᠡᠬᠦᠯᠪᠡ᠃    ᠡᠨᠡ ᠬᠡᠳᠦᠨ ᠡᠳᠦᠷ᠂ ᠱᠠᠨᠳᠦ᠋ᠩ ᠤᠨ ᠱᠧᠦ ᠭᠤᠸᠠᠩ ᠤᠨ ᠮᠢ ᠡᠾᠧ ᠭᠤᠣᠯ ᠤᠨ ᠬᠠᠨ ᠴᠢᠶᠣᠤ ᠭᠤᠣᠯ ᠤᠨ ᠬᠠᠰᠢᠯᠭ᠎ᠠ ᠶᠢᠨ ᠣᠷᠴᠢᠮ ᠤᠨ ᠤᠰᠤᠨ ᠣᠷᠣᠨ ᠳᠤ᠂ ᠵᠠᠭᠤ ᠭᠠᠷᠤᠢ ᠴᠠᠭᠠᠨ ᠶᠠᠰᠤᠲᠤ ᠲᠠᠬᠢᠶ᠎ᠠ ᠢᠷᠡᠵᠦ᠂ ᠣᠯᠠᠨ ᠤ ᠠᠩᠬᠠᠷᠤᠯ ᠢ ᠲᠠᠲᠠᠵᠤ ᠪᠤᠢ᠃    ᠱᠧᠦ ᠭᠤᠸᠠᠩ ᠤᠨ ᠬᠤᠳᠠ ᠶᠢᠨ ᠠᠷᠠᠳ ᠵᠠᠩ ᠱᠧᠩ ᠯᠦᠩ᠄ ᠤᠳᠤ ᠮᠢ ᠾᠧ ᠭᠤᠣᠯ ᠤᠨ ᠡᠷᠬᠢᠨ ᠲᠣᠭᠤᠷᠢᠨ ᠤ ᠣᠰᠤᠨ ᠤ ᠴᠢᠨᠠᠷ ᠦᠨᠡᠬᠡᠷ ᠰᠠᠶᠢᠨ ᠪᠤᠯᠵᠤ᠂ ᠡᠯ᠎ᠡ ᠵᠦᠢᠯ ᠤᠨ ᠤᠰᠤᠨ ᠤ ᠰᠢᠪᠠᠭᠤ ᠪᠦᠷ ᠪᠠᠶᠢᠨ᠎ᠠ᠃ ᠵᠤᠨ ᠤ ᠪᠣᠯᠬᠤ ᠳᠤ᠂ ᠡᠯ᠎ᠡ ᠵᠦᠢᠯ ᠤᠨ ᠣᠰᠤᠨ ᠤ ᠤᠷᠭᠤᠮᠠᠯ ᠣᠷᠭᠤᠳᠠᠭ᠃ ᠭᠤᠤᠯ ᠤᠨ ᠤᠰᠤᠨ ᠳᠤ ᠪᠠᠰᠠ ᠡᠯ᠎ᠡ ᠵᠦᠢᠯ ᠤᠨ ᠵᠢᠭᠠᠰᠤ ᠤᠮᠪᠠᠵᠤ ᠪᠠᠶᠢᠳᠠᠭ᠂ ᠡᠨᠡ ᠪᠣᠯ ᠥᠩᠭᠡᠷᠡᠭᠰᠡᠨ ᠳᠤ ᠪᠠᠶᠢᠭ᠎ᠠ ᠦᠭᠡᠢ ᠦᠵᠡᠭᠳᠡᠯ ᠶᠤᠮ᠃    ᠥᠩᠭᠡᠷᠡᠭᠰᠡᠨ ᠳᠤ᠂ ᠬᠢᠨᠠᠯᠲᠠ ᠬᠠᠮᠢᠶᠠᠷᠤᠯᠲᠠ ᠳᠤᠲᠠᠭᠳᠠᠭᠰᠠᠨ ᠠᠴᠠ ᠪᠣᠯᠵᠤ᠂ ᠮᠢ ᠾᠧ ᠭᠤᠣᠯ ᠤᠨ ᠤᠷᠤᠰᠬᠠᠯ ᠲᠠᠰᠤᠷᠠᠬᠤ᠂ ᠴᠢᠭᠢᠭᠯᠢᠭ ᠭᠠᠵᠠᠷ ᠤᠨ ᠲᠠᠯᠠᠪᠠᠢ ᠪᠠᠭᠠᠰᠬᠤ ᠵᠡᠷᠭᠡ ᠦᠵᠡᠭᠳᠡᠯ ᠣᠷᠣᠰᠢᠵᠤ ᠪᠠᠶᠢᠵᠠᠢ᠃ ᠣᠳᠣᠬᠠᠨ ᠳᠤ ᠠᠳᠡᠬᠢ ᠤᠰᠤᠨ ᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠭᠰᠠᠨ ᠨᠢ ᠱᠧᠦ ᠭᠤᠸᠠᠩ ᠤᠨ ᠣᠶᠢᠷ᠎ᠠ ᠶᠢᠨ ᠵᠢᠯ ᠳᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠤ᠂ ᠮᠢ ᠾᠧ ᠭᠤᠣᠯ ᠵᠡᠷᠭᠡ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠡᠷᠴᠢᠮ ᠢᠶᠠᠨ ᠴᠢᠩᠭᠠᠷᠠᠭᠤᠯᠤᠭᠰᠠᠨ ᠠᠴᠠ ᠪᠣᠯᠵᠠᠢ᠃ ᠮᠢ ᠾᠧ ᠭᠤᠣᠯ ᠤᠨ ᠱᠧᠦ ᠭᠤᠸᠠᠩ ᠬᠤᠳᠠ ᠶᠢᠨ ᠬᠢᠯᠢ ᠳᠣᠲᠣᠷᠠᠬᠢ ᠪᠦᠬᠦ ᠤᠷᠳᠤ ᠨᠢ 95 ᠺᠢᠯᠣᠮᠧᠳ᠋ᠷ ᠲᠤ ᠪᠠᠶᠢᠵᠤ᠂ ᠰᠢᠶᠠᠨ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠭᠤᠣᠯ ᠮᠥᠷᠡᠨ ᠤ ᠲᠠᠷᠤᠭ᠎ᠠ ᠶᠢ ᠨᠡᠶᠢᠳᠡ 136 ᠨᠡᠷ᠎ᠡ ᠲᠤᠬᠢᠷᠠᠭᠤᠯᠵᠤ᠂ ᠱᠠᠲᠤ ᠬᠤᠪᠢᠶᠠᠨ ᠬᠡᠰᠡᠭ ᠬᠤᠪᠢᠶᠠᠨ ᠨᠢᠭᠡ ᠭᠤᠣᠯ ᠢ ᠬᠠᠮᠲᠤ ᠪᠠᠷ ᠬᠠᠮᠢᠶᠠᠷᠴᠤ ᠪᠠᠶᠢᠳᠠᠭ᠃    ᠱᠧᠦ ᠭᠤᠸᠠᠩ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠵᠢᠶᠠᠨ ᠸᠧᠢ᠄ 2017 ᠣᠨ ᠳᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠭᠰᠡᠨ ᠠᠴᠠ ᠨᠠᠰᠢ᠂ ᠪᠢᠳᠡ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠴᠡᠭᠴᠡᠯᠡᠬᠦ︾ ᠶᠢ ᠪᠠᠶᠢᠩᠭᠤᠵᠢᠭᠤᠯᠬᠤ ᠪᠠ ᠵᠢᠷᠤᠮᠵᠢᠭᠤᠯᠬᠤ ᠶᠢ ᠭᠦᠨᠵᠡᠭᠡᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠲᠠᠢ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ 3937 ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠵᠦ᠂ ᠭᠤᠣᠯ ᠤᠨ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠵᠢᠶᠠᠩᠰᠢ ᠮᠤᠵᠢ ᠭᠤᠣᠯ ᠮᠦᠷᠡᠨ ᠤ ᠳᠠᠷᠤᠭ᠎ᠠ ᠪᠣᠯᠣᠨ ᠪᠤᠰᠤᠳ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠭᠤᠣᠯ ᠴᠣᠭᠴᠠ ᠶᠢᠨ ᠬᠤᠭᠤᠷᠣᠨᠳᠣᠬᠢ ᠬᠠᠮᠵᠢᠯᠴᠠᠭᠠᠨ ᠤ ᠲᠣᠭᠲᠠᠴᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠵᠢᠶᠠᠩᠰᠢ ᠶᠢᠨ ᠵᠢᠩ ᠠᠨ ᠳᠤ᠂ ᠲᠤᠬᠠᠢ ᠶᠢᠨ ᠭᠠᠵᠠᠷ ᠤᠨ ᠬᠢᠨ ︽ᠠᠮᠢ ᠠᠬᠤᠢ ᠶᠢᠨ ᠬᠠᠮᠠᠭᠠᠯᠠᠭᠴᠢ︾ ᠭᠡᠬᠦ ᠤᠬᠠᠭᠳᠠᠬᠤᠨ ᠢᠶᠠᠷ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠰᠢᠨ᠎ᠡ ᠶᠢ ᠡᠭᠦᠳᠬᠦ ᠲᠣᠭᠲᠠᠴᠠ ᠶᠢ ᠪᠣᠶ ᠪᠣᠯᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ ᠲᠥᠪᠯᠡᠷᠡᠭᠦᠯᠦᠨ ᠠᠵᠢᠯᠯᠠᠭᠤᠯᠵᠤ᠂ ᠪᠠᠶᠢᠭᠠᠯᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠲᠤᠰᠬᠠᠶᠢᠯᠠᠨ ᠥᠷᠨᠢᠭᠦᠯᠪᠡ᠃    ᠵᠢᠶᠠᠩᠰᠢ ᠮᠤᠵᠢ ᠶᠢᠨ ᠶᠦᠩ ᠹᠧᠩ ᠰᠢᠶᠠᠨ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠦᠬᠦ ᠮᠤᠵᠢ ᠳᠤ ︽ᠮᠤᠵᠢ᠂ ᠬᠤᠲᠠ᠂ ᠰᠢᠶᠠᠨ᠂ ᠰᠢᠶᠠᠩ᠂ ᠲᠣᠰᠬᠤᠨ᠂ ᠳᠤᠭᠤᠶᠢᠯᠠᠩ︾ ᠭᠡᠬᠦ ᠵᠢᠷᠭᠤᠭᠠᠨ ᠳᠡᠰ ᠤᠨ ᠭᠤᠣᠯ ᠮᠦᠷᠡᠨ ᠤ ᠳᠠᠷᠤᠭ᠎ᠠ ᠶᠢᠨ ᠳᠦᠷᠢᠮ ᠢ ᠪᠠᠶᠢᠭᠤᠯᠵᠤ᠂ ︽ᠭᠤᠣᠯ ᠮᠦᠷᠡᠨ + ᠴᠠᠭᠳᠠᠭᠠᠨ ᠳᠠᠷᠤᠭ᠎ᠠ︾᠂ ︽ᠭᠤᠣᠯ ᠮᠦᠷᠡᠨ + ᠪᠠᠶᠢᠴᠠᠭᠠᠬᠤ ᠲᠠᠰᠤᠭ︾᠂ ︽ᠭᠤᠣᠯ ᠮᠦᠷᠡᠨ + ᠠᠵᠤ ᠠᠬᠤᠶᠢᠯᠠᠯ ᠤᠨ ᠭᠤᠣᠯ ᠮᠦᠷᠡᠨ ᠤ ᠳᠠᠷᠤᠭ᠎ᠠ᠂ ᠠᠷᠠᠳ ᠤᠨ ᠳᠤᠮᠳᠠᠬᠢ ᠭᠤᠣᠯ ᠮᠦᠷᠡᠨ ᠤ ᠳᠠᠷᠤᠭ᠎ᠠ︾ ᠶᠢᠨ ᠵᠠᠭᠪᠤᠷ ᠢ ᠲᠡᠬᠦᠯᠳᠡᠷᠵᠢᠬᠦᠯᠵᠦ᠂ ᠨᠡᠶᠢᠭᠡᠮ ᠤᠨ ᠬᠦᠴᠦᠨ ᠢ ᠠᠰᠢᠭᠯᠠᠨ ᠵᠠᠰᠠᠭ ᠵᠠᠬᠢᠷᠭᠠᠨ ᠤ ᠭᠤᠣᠯ ᠮᠦᠷᠡᠨ ᠤ ᠳᠠᠷᠤᠭ᠎ᠠ ᠶᠢᠨ ᠤᠰᠤ ᠶᠢ ᠵᠠᠰᠠᠬᠤ ᠳᠤ ᠬᠠᠪᠰᠤᠷᠴᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠰᠢᠶᠠᠨ ᠳᠤ ᠪᠦᠷᠬᠦᠬᠦᠯᠬᠦ ᠶᠢ      ᠪᠡᠶᠡᠯᠡᠬᠦᠯᠪᠡ᠃    ︽ᠭᠤᠣᠯ ᠮᠦᠷᠡᠨ ᠤ ᠳᠠᠷᠤᠭ᠎ᠠ ᠶᠢᠨ ᠳᠦᠷᠢᠮ︾ ᠢ ᠣᠶᠤᠨᠯᠢᠭ ᠢᠶᠠᠷ ᠬᠠᠮᠢᠶᠠᠷᠤᠨ ᠬᠠᠮᠠᠭᠠᠯᠠᠬᠤ ᠶᠢ ︽ᠭᠤᠣᠯ ᠤᠨ ᠪᠠᠶᠢᠩᠭᠤ ᠶᠢᠨ ᠵᠠᠰᠠᠯᠲᠠ︾ ᠪᠣᠯᠭᠠᠨ ᠲᠠᠰ ᠲᠡᠪᠰᠢᠬᠦᠯᠪᠡ᠃    ᠵᠧᠵᠢᠶᠠᠩ ᠤᠨ ᠬᠠᠩᠵᠧᠦ ᠣᠶᠤᠨᠴᠢᠯᠠᠭᠰᠠᠨ ᠮᠡᠷᠭᠡᠵᠢᠯ ᠢ ᠬᠡᠷᠡᠭᠯᠡᠬᠦ ᠪᠠᠷ ᠳᠠᠮᠵᠢᠭᠤᠯᠤᠨ᠂ ᠡᠯ᠎ᠡ ᠱᠠᠲᠤᠨ ᠤ ᠭᠤᠣᠯ ᠮᠦᠷᠡᠨ ᠤ ᠳᠠᠷᠤᠭ᠎ᠠ ᠶᠢ ᠬᠠᠪᠰᠤᠷᠤᠨ ᠭᠤᠣᠯ ᠢ ᠵᠠᠰᠠᠵᠤ᠂ ᠤᠰᠤᠨ ᠤ ᠣᠷᠴᠢᠨ ᠲᠣᠭᠤᠷᠢᠨ ᠢ ᠬᠠᠮᠠᠭᠠᠯᠠᠵᠤ᠂ ︽ᠭᠤᠣᠯ ᠮᠦᠷᠡᠨ ᠤ ᠳᠠᠷᠤᠭ᠎ᠠ ᠶᠢᠨ ᠳᠦᠷᠢᠮ︾ ᠢ ᠲᠡᠰ ᠳᠡᠪᠰᠢᠭᠦᠯᠦᠭᠡᠳ ︽ᠭᠤᠣᠯ ᠤᠨ ᠪᠠᠶᠢᠩᠭᠤ ᠶᠢᠨ ᠵᠠᠰᠠᠯᠲᠠ︾ ᠪᠣᠯᠭᠠᠪᠠ᠃    ᠣᠶᠢᠷ᠎ᠠ ᠳᠤ᠂ ᠬᠠᠩᠵᠧᠦ ᠬᠤᠲᠠ ᠶᠢᠨ ᠱᠠᠩ ᠴᠧᠩ ᠲᠣᠭᠤᠷᠢᠭ ᠤᠨ ᠭᠤᠣᠯ ᠮᠦᠷᠡᠨ ᠤ ᠳᠠᠷᠤᠭ᠎ᠠ ᠶᠢᠨ ᠠᠯᠪᠠᠨ ᠭᠡᠷ ᠤᠨ ᠤᠶᠤᠨᠴᠢᠯᠠᠭᠰᠠᠨ ᠲᠠᠪᠴᠠᠩ ᠳᠡᠭᠡᠷ᠎ᠡ ᠬᠠᠷᠢᠶ᠎ᠠ ᠣᠷᠣᠨ ᠤ ᠬᠢᠨ ᠨᠢᠭᠡᠨ ᠭᠤᠣᠯ ᠲᠠᠭᠠᠤ ᠶᠢᠨ ᠰᠦᠯᠵᠢᠶᠡᠨ ᠬᠢᠨᠠᠯᠲᠠ ᠶᠢᠨ ᠲᠥᠬᠦᠭᠡᠷᠦᠮᠵᠢ ᠶᠢᠨ ᠲᠤᠭ᠎ᠠ ᠪᠠᠷᠢᠮᠲᠠ ᠬᠡᠪ ᠤᠨ ᠪᠤᠰᠤ ᠪᠠᠶᠢᠬᠤ ᠶᠢ ᠢᠯᠡᠷᠡᠭᠦᠯᠪᠡ᠃    ᠬᠠᠩᠵᠧᠦ ᠬᠤᠲᠠ ᠶᠢᠨ ᠱᠠᠩ ᠴᠧᠩ ᠲᠣᠭᠤᠷᠢᠭ ᠤᠨ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠤᠨ ᠤᠶᠤᠨᠴᠢᠯᠠᠭᠰᠠᠨ ᠲᠠᠪᠴᠠᠩ ᠤᠨ ᠲᠦᠷᠦᠯ ᠵᠦᠢᠯ ᠤᠨ ᠬᠠᠷᠢᠭᠤᠴᠠᠯᠭᠠᠲᠠᠨ ᠨᠢᠶᠧ ᡁᠢ ᠭᠠᠩ᠄ ᠤᠰᠤᠨ ᠤ ᠴᠢᠨᠠᠷ ᠢ ᠬᠢᠨᠠᠨ ᠬᠡᠮᠵᠢᠬᠦ ᠰᠦᠯᠵᠢᠶᠡᠨ ᠲᠥᠬᠦᠭᠡᠷᠦᠮᠵᠢ ᠶᠢᠨ ᠢᠯᠡᠷᠡᠭᠦᠯᠦᠭᠰᠡᠨ ᠢᠶᠠᠷ᠂ ᠮᠠᠨ ᠤ ᠬᠠᠷᠢᠶᠠᠨ ᠳᠠᠬᠢ ᠨᠢᠭᠡ ᠵᠤᠷᠪᠤᠰ ᠭᠤᠣᠯ ᠤᠨ ᠶᠠᠮᠠᠷ ᠨᠢᠭᠡᠨ ᠴᠡᠭ ᠤᠨ ᠠᠭᠤᠰᠤᠭᠳᠠᠮᠠᠯ ᠬᠦᠴᠢᠯᠲᠥ᠋ᠷᠥᠭᠴᠢ ᠶᠢᠨ ᠬᠡᠮᠵᠢᠶ᠎ᠡ ᠲᠦᠷᠭᠡᠨ ᠢᠶᠠᠷ ᠪᠠᠭᠤᠷᠠᠪᠠ᠂ ᠡᠨᠡ ᠬᠦ ᠠᠰᠠᠭᠤᠳᠠᠯ ᠢ ᠣᠯᠵᠤ ᠮᠡᠳᠡᠭᠰᠡᠨ ᠤ ᠳᠠᠷᠠᠭ᠎ᠠ᠂ ᠪᠢᠳᠡ ᠰᠦᠯᠵᠢᠶᠡᠨ ᠬᠢᠨᠠᠨ ᠡᠵᠡᠮᠳᠡᠯ ᠢᠶᠠᠷ ᠳᠡᠮᠵᠢᠨ᠂ ᠡᠨᠡ ᠴᠡᠭ ᠤᠨ ᠡᠷᠬᠢᠨ ᠲᠣᠭᠤᠷᠢᠨ ᠤ ᠪᠠᠶᠢᠳᠠᠯ ᠢ ᠪᠠᠶᠢᠴᠠᠭᠠᠨ ᠦᠵᠡᠭᠰᠡᠨ ᠤ ᠳ᠋ᠦᠩ ᠳᠤ᠂ ᠭᠤᠣᠯ ᠤᠨ ᠳᠡᠭᠡᠳᠦ ᠤᠷᠤᠰᠬᠠᠯ ᠳᠤ ᠪᠣᠷᠣᠭᠠᠨ ᠤ ᠤᠰᠤ ᠭᠠᠳᠠᠭᠰᠢᠯᠠᠭᠤᠯᠬᠤ ᠬᠤᠭᠤᠯᠠᠢ ᠪᠠᠷ ᠪᠤᠬᠢᠷ ᠤᠰᠤ ᠣᠷᠤᠵᠤ ᠪᠠᠶᠢᠬᠤ ᠶᠢ ᠢᠯᠡᠷᠡᠬᠦᠯᠵᠡᠢ᠃    ᠠᠰᠠᠭᠤᠳᠠᠯ ᠢ ᠢᠯᠡᠷᠡᠭᠦᠯᠦᠭᠰᠡᠨ ᠤ ᠳᠠᠷᠠᠭ᠎ᠠ᠂ ᠤᠶᠤᠨᠴᠢᠯᠠᠭᠰᠠᠨ ᠲᠠᠪᠴᠠᠩ ᠨᠢ ᠭᠤᠣᠯ ᠮᠦᠷᠡᠨ ᠤ ᠳᠠᠷᠤᠭ᠎ᠠ᠂ ᠭᠤᠣᠯ ᠮᠦᠷᠡᠨ ᠤ ᠴᠠᠭᠳᠠᠭᠠᠨ ᠳᠠᠷᠤᠭ᠎ᠠ᠂ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠲᠤ ᠲᠠᠷᠦ᠋ᠢᠬᠠᠨ ᠲᠤᠬᠠᠢ ᠶᠢᠨ ᠲᠠᠯᠠᠪᠤᠷ ᠲᠤ ᠨᠢ ᠬᠦᠷᠴᠦ ᠬᠠᠶᠢᠨ ᠪᠠᠶᠢᠴᠠᠭᠠᠬᠤ ᠶᠢ ᠮᠡᠳᠡᠭᠳᠡᠵᠡᠢ᠃ ᠪᠤᠬᠢᠷ ᠣᠰᠤ ᠭᠠᠳᠠᠭᠰᠢᠯᠠᠭᠤᠯᠬᠤ ᠬᠤᠭᠤᠯᠠᠢ ᠶᠢ ᠢᠯᠡᠷᠡᠭᠦᠯᠦᠭᠰᠡᠨ ᠤ ᠳᠠᠷᠠᠭ᠎ᠠ᠂ ᠭᠤᠣᠯ ᠮᠦᠷᠡᠨ ᠤ ᠳᠠᠷᠤᠭ᠎ᠠ ᠭᠠᠷ ᠣᠲᠠᠰᠤ ᠪᠠᠨ ᠠᠰᠢᠭᠯᠠᠨ᠂ ᠤᠰᠤ ᠲᠠᠲᠠᠷᠠᠭᠤᠯᠬᠤ ᠬᠤᠭᠤᠯᠠᠢ ᠶᠢᠨ ᠲᠣᠣᠷ ᠤᠨ ᠬᠠᠨᠳᠤᠰᠢ ᠶᠢ ᠪᠠᠶᠢᠴᠠᠭᠠᠨ ᠦᠵᠡᠵᠦ᠂ ᠵᠠᠳᠠᠯᠤᠯᠲᠠ ᠬᠢᠵᠡᠢ᠃ ᠤᠳᠠᠯ ᠦᠭᠡᠢ᠂ ᠭᠤᠣᠯ ᠮᠦᠷᠡᠨ ᠤ ᠳᠠᠷᠤᠭ᠎ᠠ ᠪᠣᠯᠣᠨ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠲᠣᠭᠲᠠᠭᠠᠯ ᠠᠴᠠ ᠵᠥᠷᠢᠴᠡᠨ ᠪᠤᠭᠢᠷ ᠤᠰᠤ ᠭᠠᠳᠠᠭᠰᠢᠯᠠᠭᠤᠯᠵᠤ ᠪᠠᠶᠢᠭ᠎ᠠ ᠣᠶᠢᠷ᠎ᠠ ᠬᠠᠪᠢ ᠶᠢᠨ ᠨᠢᠭᠡᠨ ᠪᠠᠷᠢᠯᠭ᠎ᠠ ᠶᠢᠨ ᠭᠠᠵᠠᠷ ᠢ ᠢᠯᠡᠷᠡᠬᠦᠯᠵᠡᠢ᠃    ᠬᠠᠩᠵᠧᠦ ᠶᠢᠨ ᠱᠠᠩ ᠴᠧᠩ ᠲᠣᠭᠤᠷᠢᠭ ᠤᠨ ᠭᠤᠤᠯ ᠮᠦᠷᠡᠨ ᠤ ᠳᠠᠷᠤᠭ᠎ᠠ ᠶᠢᠨ ᠡᠷᠬᠢᠯᠡᠭᠰᠡᠨ ᠤᠶᠤᠨᠴᠢᠯᠠᠭᠰᠠᠨ ᠲᠠᠪᠴᠠᠩ ᠤᠨ ᠲᠦᠷᠦᠯ ᠵᠦᠢᠯ ᠤᠨ ᠬᠠᠷᠢᠭᠤᠴᠠᠯᠭᠠᠲᠠᠨ ᠨᠢᠶᠧ ᡁᠢ ᠭᠠᠩ᠄ ᠡᠨᠡᠬᠦ ᠪᠠᠷᠢᠯᠭ᠎ᠠ ᠶᠢᠨ ᠭᠠᠵᠠᠷ ᠨᠢ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠪᠣᠷᠣᠭᠠᠨ ᠤ ᠣᠰᠤ ᠭᠠᠳᠠᠭᠰᠢᠯᠠᠭᠤᠯᠬᠤ ᠬᠤᠭᠤᠯᠠᠢ ᠶᠢᠨ ᠡᠷᠬᠢᠨ ᠲᠣᠭᠤᠷᠢᠨ ᠳᠤ ᠨᠦᠬᠡ ᠮᠠᠯᠲᠠᠵᠤ᠂ ᠪᠠᠷᠢᠯᠭ᠎ᠠ ᠶᠢᠨ ᠭᠠᠵᠠᠷ ᠤᠨ ᠨᠢᠭᠡ ᠬᠤᠳᠳᠤᠭ ︵ᠪᠤᠯᠠᠩᠭᠢᠷ︶ ᠤᠨ ᠤᠰᠤ ᠶᠢ ᠴᠡᠪᠡᠷᠰᠢᠬᠦᠯᠦᠭᠰᠡᠨ ᠦᠭᠡᠢ ᠪᠠᠷ ᠪᠣᠷᠣᠭᠠᠨ ᠤ ᠣᠰᠤ ᠭᠠᠳᠠᠭᠰᠢᠯᠠᠭᠤᠯᠬᠤ ᠬᠤᠭᠤᠯᠠᠢ ᠳᠤ ᠣᠷᠤᠭᠤᠯᠵᠤ᠂ ᠪᠤᠬᠢᠷ ᠤᠰᠤ ᠨᠢ ᠪᠣᠷᠣᠭᠠᠨ ᠤ ᠤᠰᠤ ᠭᠠᠳᠠᠭᠰᠢᠯᠠᠭᠤᠯᠬᠤ ᠬᠤᠭᠤᠯᠠᠢ ᠪᠠᠷ ᠳᠠᠮᠵᠢᠨ ᠭᠤᠣᠯ ᠳᠤ ᠣᠷᠤᠰᠤᠨ ᠣᠷᠣᠵᠠᠢ᠃    ᠲᠣᠭᠲᠠᠭᠠᠯ ᠶᠣᠰᠣᠭᠠᠷ᠂ ᠬᠠᠤᠯᠢ ᠬᠡᠷᠡᠭᠵᠢᠭᠦᠯᠬᠦ ᠠᠵᠢᠯᠲᠠᠨ ᠪᠠᠷᠢᠯᠭ᠎ᠠ ᠶᠢᠨ ᠭᠠᠵᠠᠷ ᠲᠤ ᠴᠡᠭᠴᠡᠯᠡᠨ ᠵᠠᠰᠠᠬᠤ ᠮᠡᠳᠡᠭᠳᠡᠯ ᠤᠨ ᠬᠠᠭᠤᠳᠠᠰᠤ ᠭᠠᠷᠭᠠᠵᠤ᠂ ᠪᠠᠷᠢᠯᠭ᠎ᠠ ᠶᠢᠨ ᠭᠠᠵᠠᠷ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠵᠠᠰᠠᠬᠤ ᠶᠢ ᠱᠠᠭᠠᠷᠳᠠᠪᠠ᠃ ᠥᠨᠥ ᠵᠢᠯ ᠠᠴᠠ ᠨᠠᠰᠢ᠂ ᠬᠠᠩᠵᠧᠦ ᠬᠤᠲᠠ ᠶᠢᠨ ᠬᠢᠨ ᠭᠤᠣᠯ ᠤᠨ ᠬᠤᠭᠤᠯᠠᠢ ᠶᠢᠨ ᠲᠣᠣᠷ ᠲᠤ ᠤᠰᠤᠨ ᠤ ᠴᠢᠨᠠᠷ᠂ ᠤᠰᠤᠨ ᠤ ᠲᠦᠪᠰᠢᠨ ᠵᠡᠷᠭᠡ 891 ᠤᠶᠤᠯᠢᠭ ᠰᠢᠯᠭᠠᠨ ᠬᠡᠮᠵᠢᠬᠦ ᠲᠥᠬᠦᠭᠡᠷᠦᠮᠵᠢ ᠶᠢ ᠤᠭᠰᠠᠷᠠᠬᠤ ᠪᠠᠷ ᠳᠠᠮᠵᠢᠭᠤᠯᠤᠨ᠂ ᠤᠰᠤᠨ ᠤ ᠣᠷᠴᠢᠨ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠠᠴᠢᠯᠠᠭᠰᠠᠨ ᠰᠦᠯᠵᠢᠶ᠎ᠡ ᠶᠢ ᠪᠠᠶᠢᠭᠤᠯᠵᠤ᠂ ᠡᠯ᠎ᠡ ᠱᠠᠲᠤᠨ ᠤ ᠭᠤᠣᠯ ᠮᠦᠷᠡᠨ ᠤ ᠳᠠᠷᠤᠭ᠎ᠠ ᠶᠢ ᠬᠠᠪᠰᠤᠷᠤᠨ ᠤᠰᠤᠨ ᠤ ᠠᠰᠠᠭᠤᠳᠠᠯ ᠢ 1500 ᠭᠠᠷᠤᠢ ᠤᠳᠠᠭ᠎ᠠ ᠰᠢᠢᠳᠪᠦᠷᠢᠯᠡᠵᠦ᠂ ᠳᠦᠷᠢᠮ ᠠᠴᠠ ᠵᠥᠷᠢᠴᠡᠨ ᠳᠠᠯᠳᠠᠭᠤᠷ ᠪᠤᠬᠢᠷ ᠣᠰᠤ ᠭᠠᠳᠠᠭᠰᠢᠯᠠᠭᠤᠯᠤᠭᠰᠠᠨ 661 ᠠᠵᠢᠯᠯᠠᠭ᠎ᠠ ᠶᠢ ᠰᠢᠢᠳᠪᠦᠷᠢᠯᠡᠪᠡ᠃    ᠬᠠᠩᠵᠧᠦ ᠶᠢᠨ ᠱᠠᠩ ᠴᠧᠩ ᠲᠣᠭᠤᠷᠢᠭ ᠤᠨ ᠭᠤᠤᠯ ᠮᠦᠷᠡᠨ ᠤ ᠳᠠᠷᠤᠭ᠎ᠠ ᠶᠢᠨ ᠤᠶᠤᠨᠴᠢᠯᠠᠭᠰᠠᠨ ᠲᠠᠪᠴᠠᠩ ᠤᠨ ᠲᠦᠷᠦᠯ ᠵᠦᠢᠯ ᠤᠨ ᠬᠠᠷᠢᠭᠤᠴᠠᠯᠭᠠᠲᠠᠨ ᠨᠢᠶᠧ ᡁᠢ ᠭᠠᠩ᠄ ᠪᠢᠳᠡ ᠡᠳᠡᠭᠡᠷ ᠲᠤᠭ᠎ᠠ ᠪᠠᠷᠢᠮᠲᠠ ᠶᠢ ᠴᠤᠭᠯᠠᠭᠤᠯᠤᠭᠠᠳ ᠬᠤᠶᠠᠷ ᠵᠢᠭᠠᠯᠲᠠ ᠲᠤᠭ᠎ᠠ ᠶᠢ ᠪᠦᠷᠢᠯᠳᠦᠭᠦᠯᠪᠡ᠄ ᠨᠢᠭᠡ ᠨᠢ ᠤᠰᠤᠨ ᠤ ᠡᠷᠡᠭᠦᠯ ᠮᠡᠨᠳᠦ ᠶᠢᠨ ᠵᠢᠭᠠᠯᠲᠠ ᠲᠤᠭ᠎ᠠ᠂ ᠨᠦᠭᠦᠭᠡ ᠨᠢ ᠤᠰᠤᠨ ᠤ ᠠᠮᠤᠷ ᠲᠦᠪᠰᠢᠨ ᠤ ᠵᠢᠭᠠᠯᠲᠠ ᠲᠤᠭ᠎ᠠ ᠪᠣᠯᠣᠨ᠎ᠠ᠃ ᠤᠶᠤᠨᠴᠢᠯᠠᠭᠰᠠᠨ ᠲᠥᠬᠦᠭᠡᠷᠦᠮᠵᠢ ᠪᠠᠷ ᠴᠤᠭᠯᠠᠭᠤᠯᠤᠭᠰᠠᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠭᠰᠠᠨ ᠤ ᠳᠠᠷᠠᠭ᠎ᠠ᠂ ᠡᠲᠡᠭᠡᠷ ᠲᠤᠭ᠎ᠠ ᠪᠠᠷᠢᠮᠲᠠ ᠶᠢ ᠬᠡᠷᠡᠭᠯᠡᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠡᠳᠦᠷ ᠲᠤᠲᠤᠮ ᠤᠨ ᠬᠠᠮᠢᠶᠠᠷᠤᠯᠲᠠ ᠶᠢᠨ ᠳᠤᠮᠳᠠᠬᠢ ᠦᠢᠯᠡᠳᠦᠯ ᠢ ᠨᠢ ᠦᠨᠡᠨ ᠬᠦ ᠪᠠᠳᠠᠷᠠᠭᠤᠯᠵᠤ ᠪᠠᠶᠢᠨ᠎ᠠ᠃ 
 
ᠢᠷᠡᠯᠲᠡ᠄ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠲᠥᠪ ᠲᠧᠯᠸᠢᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号