ᠥᠪᠡᠷᠲᠡᠭᠡᠨ ᠵᠠᠰᠠᠬᠤ ᠣᠷᠣᠨ ᠠᠴᠠ ᠬᠠᠲᠤᠨ ᠭᠤᠤᠯ ᠤᠨ ᠰᠠᠪᠠ ᠭᠠᠵᠠᠷ ᠤᠨ ᠵᠢᠵᠢᠭ ᠤᠰᠤᠨ ᠴᠠᠬᠢᠯᠭᠠᠨ ᠤ ᠥᠷᠲᠡᠭᠡ ᠶᠢ ᠠᠷᠢᠯᠭᠠᠨ ᠴᠡᠭᠴᠡᠯᠡᠨ ᠰᠠᠶᠢᠵᠢᠷᠠᠭᠤᠯᠵᠤ ᠬᠢᠨᠠᠨ ᠪᠠᠶᠢᠴᠠᠭᠠᠵᠤ ᠦᠨᠡᠯᠡᠨ ᠵᠢᠱᠢᠬᠦ ᠱᠠᠲᠤ ᠦᠶ᠎ᠡ ᠶᠢᠨ ᠠᠵᠢᠯ ᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2022/12/30
  ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠤᠰᠤᠨ ᠠᠰᠢᠭᠯᠠᠯᠲᠠ ᠶᠢᠨ ᠲᠢᠩᠬᠢᠮ ᠠᠴᠠ ᠤᠰᠤᠨ ᠠᠰᠢᠭᠯᠠᠯᠲᠠ ᠶᠢᠨ ᠶᠠᠮᠤᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠵᠢᠵᠢᠭ ᠤᠰᠤᠨ ᠴᠠᠬᠢᠯᠭᠠᠨ ᠤ ᠥᠷᠲᠡᠭᠡ ᠶᠢ ᠠᠷᠢᠯᠭᠠᠨ ᠴᠡᠭᠴᠡᠯᠡᠨ ᠰᠠᠶᠢᠵᠢᠷᠠᠭᠤᠯᠬᠤ ᠶᠡᠷᠦᠩᠬᠡᠶᠢᠯᠡᠭᠰᠡᠨ ᠦᠨᠡᠯᠡᠨ ᠵᠢᠱᠢᠭᠰᠡᠨ ᠮᠡᠳᠡᠭᠦᠯᠦᠯᠲᠡ︾ ᠶᠢ ᠵᠢᠩᠬᠢᠨᠢ ᠪᠠᠷ ᠳᠡᠭᠡᠭᠰᠢ ᠮᠡᠳᠡᠭᠦᠯᠪᠡ᠂ ᠡᠨᠡ ᠨᠢ ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠵᠢᠵᠢᠭ ᠤᠰᠤᠨ ᠴᠠᠬᠢᠯᠭᠠᠨ ᠤ ᠠᠰᠠᠭᠤᠳᠠᠯ ᠢ ᠬᠠᠷᠭᠤᠭᠤᠯᠤᠨ ᠪᠠᠶᠢᠴᠠᠭᠠᠬᠤ ᠪᠠ ᠲᠥᠷᠥᠯ ᠬᠤᠪᠢᠶᠠᠨ ᠦᠨᠡᠯᠡᠨ ᠵᠢᠱᠢᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠢ ᠬᠠᠷᠠᠭᠤᠯᠵᠤ ᠪᠣᠶ᠃  ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢᠨ ᠪᠠᠶᠢᠷᠢᠯᠠᠭᠤᠯᠤᠯᠲᠠ ᠶᠣᠰᠣᠭᠠᠷ᠂ ᠤᠰᠤᠨ ᠠᠰᠢᠭᠯᠠᠯᠲᠠ ᠶᠢᠨ ᠶᠠᠮᠤᠨ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠵᠤ᠂ ᠬᠠᠲᠤᠨ ᠭᠤᠤᠯ ᠤᠨ ᠰᠠᠪᠠ ᠭᠠᠵᠠᠷ ᠤᠨ ᠵᠢᠵᠢᠭ ᠤᠰᠤᠨ ᠴᠠᠬᠢᠯᠭᠠᠨ ︵ᠲᠠᠩ ᠥᠷᠲᠡᠭᠡ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 5 ᠲᠦᠮᠡᠨ ᠺᠢᠯᠣᠸᠠᠲ ᠠᠴᠠ ᠳᠣᠷᠣᠭᠰᠢ ᠤᠰᠤᠨ ᠴᠠᠬᠢᠯᠭᠠᠨ ᠥᠷᠲᠡᠭᠡ︶ ᠢ ᠠᠷᠢᠯᠭᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠵᠤ᠂ ᠡᠯ᠎ᠡ ᠭᠠᠵᠠᠷ ᠤᠨ ᠬᠢᠨ ᠢ ᠠᠮᠢ ᠠᠬᠤᠶ ᠶᠢᠨ ᠪᠦᠬᠦᠯᠢ ᠴᠣᠭᠴᠠᠲᠤ ᠴᠢᠨᠠᠷ ᠪᠣᠯᠤᠨ ᠰᠠᠪᠠ ᠭᠠᠵᠠᠷ ᠤᠨ ᠰᠢᠰᠲ᠋ᠧᠮᠲᠦ ᠴᠢᠨᠠᠷ ᠠᠴᠠ ᠡᠭᠦᠰᠦᠨ᠂ ᠠᠮᠢ ᠠᠬᠤᠶ ᠶᠢᠨ ᠬᠠᠮᠠᠭᠠᠯᠠᠯᠲᠠ᠂ ᠪᠣᠬᠢᠷᠲᠤᠯ ᠦᠭᠡᠢ ᠬᠥᠭᠵᠢᠯᠲᠡ ᠬᠢᠭᠡᠳ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠶ ᠲᠥᠯᠥᠪᠯᠡᠨ᠂ ᠵᠢᠵᠢᠭ ᠤᠰᠤᠨ ᠴᠠᠬᠢᠯᠭᠠᠨ ᠤ ᠡᠮᠬᠢ ᠵᠢᠷᠤᠮ ᠦᠭᠡᠢ ᠨᠡᠭᠡᠭᠡᠨ ᠠᠰᠢᠭᠯᠠᠭᠰᠠᠨ᠂ ᠬᠡᠲᠦᠷᠬᠡᠶ ᠨᠡᠭᠡᠭᠡᠨ ᠠᠰᠢᠭᠯᠠᠭᠰᠠᠨ ᠠᠴᠠ ᠭᠤᠤᠯ ᠮᠥᠷᠡᠨ ᠤ ᠠᠮᠢ ᠠᠬᠤᠶ ᠶᠢᠨ ᠰᠢᠰᠲ᠋ᠧᠮ ᠳᠤ ᠠᠰᠢᠭ ᠦᠭᠡᠢ ᠨᠥᠯᠥᠭᠡ ᠦᠵᠡᠭᠦᠯᠦᠭᠰᠡᠨ ᠢ ᠪᠦᠲᠦᠮᠵᠢᠲᠡᠢ ᠰᠢᠢᠳᠪᠦᠷᠢᠯᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ ᠬᠡᠷᠡᠭᠲᠡᠢ ᠬᠡᠮᠡᠨ ᠱᠠᠭᠠᠷᠳᠠᠭᠰᠠᠨ ᠮᠥᠷᠲᠡᠭᠡᠨ ᠲᠣᠳᠣᠷᠬᠠᠶ ᠴᠠᠭ  ᠤᠨ ᠵᠠᠩᠭᠢᠶᠠᠰᠤ ᠶᠢ ᠳᠤᠷᠠᠳᠪᠠ᠃
12-30.jpg
︵ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠶᠡᠷᠦᠩᠬᠡᠢ ᠭᠤᠣᠯ ᠰᠤᠪᠠᠭ ᠤᠨ ᠬᠤᠶᠠᠳᠤᠭᠠᠷ ᠤᠰᠤ ᠰᠠᠯᠭᠠᠬᠤ ᠵᠠᠩᠭᠢᠯᠠᠭ᠎ᠠ ᠶᠢᠨ ᠤᠰᠤᠨ ᠴᠠᠬᠢᠯᠭᠠᠨ ᠤ ᠥᠷᠲᠡᠭᠡ ᠶᠢᠨ ᠪᠦᠬᠦ ᠦᠵᠡᠮᠵᠢ︶   ᠥᠪᠡᠷᠲᠡᠭᠡᠨ ᠵᠠᠰᠠᠬᠤ ᠣᠷᠣᠨ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂  ︽ᠦᠨᠡᠯᠡᠨ ᠵᠢᠱᠢᠬᠦ ᠲᠥᠷᠥᠯ ᠬᠤᠪᠢᠶᠠᠬᠤ ᠠᠵᠢᠯ ᠢ ᠭᠦᠨᠵᠡᠭᠡᠶ ᠨᠠᠷᠢᠯᠢᠭ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠠᠵᠢᠯ  ᠢ ᠢᠳᠡᠪᠬᠢᠲᠡᠶ ᠯᠠᠪᠳᠠᠭᠤᠨ ᠢᠶᠠᠷ ᠠᠬᠢᠭᠤᠯᠬᠤ ᠬᠡᠷᠡᠭᠲᠡᠶ︾ ᠭᠡᠵᠦ ᠱᠠᠭᠠᠷᠳᠠᠪᠠ᠃ ᠤᠯᠤᠰ ᠤᠨ ᠳᠣᠯᠣᠭᠠᠨ ᠶᠠᠮᠤᠨ ᠵᠥᠪᠯᠡᠯ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠣᠷᠤᠭᠤᠯᠤᠨ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ᠂ ᠬᠠᠤᠯᠢ ᠲᠣᠭᠲᠠᠭᠠᠯ ᠢ ᠵᠢᠷᠤᠮᠯᠠᠬᠤ᠂ ᠦᠨᠡᠨ ᠠᠴᠠ ᠵᠥᠪ ᠢ ᠡᠷᠢᠬᠦ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ᠂ ᠠᠶᠤᠯᠭᠦᠶ ᠶᠢ ᠪᠠᠲᠤᠯᠠᠬᠤ ᠵᠠᠷᠴᠢᠮ ᠢ ᠪᠠᠷᠢᠮᠲᠠᠯᠠᠨ᠂ ᠬᠠᠲᠤᠨ ᠭᠤᠤᠯ  ᠤᠨ ᠰᠠᠪᠠ ᠭᠠᠵᠠᠷ ᠤᠨ ᠵᠢᠵᠢᠭ ᠤᠰᠤᠨ ᠴᠠᠬᠢᠯᠭᠠᠨ ᠢ ᠠᠷᠢᠯᠭᠠᠨ ᠴᠡᠭᠴᠡᠯᠡᠬᠦ ᠠᠵᠢᠯ ᠳᠤ ᠪᠠᠶᠢᠷᠢᠯᠠᠭᠤᠯᠤᠯᠲᠠ ᠬᠢᠵᠦ᠂ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢᠶᠠᠷ ᠳᠠᠮᠵᠢᠭᠤᠯᠤᠨ ᠵᠢᠵᠢᠭ ᠤᠰᠤᠨ ᠴᠠᠬᠢᠯᠭᠠᠨ ᠤ ᠠᠰᠠᠭᠤᠳᠠᠯ ᠢ ᠬᠠᠷᠭᠤᠭᠤᠯᠤᠨ ᠪᠠᠶᠢᠴᠠᠭᠠᠬᠤ ᠪᠠ ᠦᠨᠡᠯᠡᠨ ᠵᠢᠱᠢᠵᠦ ᠲᠥᠷᠥᠯ ᠬᠤᠪᠢᠶᠠᠬᠤ ᠠᠵᠢᠯ ᠢ ᠪᠦᠲᠦᠮᠵᠢᠲᠡᠶ ᠳᠥᠯᠭᠢᠨ ᠠᠬᠢᠭᠤᠯᠵᠤ᠂ ᠬᠠᠮᠢᠶ᠎ᠠ ᠪᠦᠬᠦᠢ ᠠᠶᠢᠮᠠᠭ ᠬᠤᠲᠠ ᠶᠢ ᠵᠢᠯᠣᠭᠤᠳᠤᠨ᠂ ᠬᠤᠰᠢᠭᠤ ᠰᠢᠶᠠᠨ ᠬᠤᠰᠢᠭᠤ ᠰᠢᠶᠠᠨ ᠢᠶᠠᠷ ᠨᠢᠭᠡᠴᠢ ᠪᠣᠯᠭᠠᠨ ᠠᠰᠠᠭᠤᠳᠠᠯ ᠢ ᠬᠠᠷᠭᠤᠭᠤᠯᠤᠨ ᠪᠠᠶᠢᠴᠠᠭᠠᠬᠤ ᠠᠵᠢᠯ  ᠢ ᠥᠷᠨᠢᠭᠦᠯᠵᠦ᠂ ᠲᠥᠷᠥᠯ ᠬᠤᠪᠢᠶᠠᠨ ᠦᠨᠡᠯᠡᠨ ᠵᠢᠱᠢᠬᠦ ᠠᠩᠬ᠎ᠠ ᠠᠯᠬᠤᠮ ᠤᠨ ᠰᠠᠨᠠᠯ ᠢ ᠳᠤᠷᠠᠳᠤᠨ᠂ ᠨᠢᠭᠡ ᠥᠷᠲᠡᠭᠡ ᠨᠢᠭᠡ ᠠᠷᠭ᠎ᠠ ᠬᠡᠮᠵᠢᠶ᠎ᠡ  ᠶᠢᠨ ᠠᠪᠬᠤ ᠪᠠᠷ ᠪᠠᠶᠢᠭ᠎ᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠡᠨᠡ ᠰᠠᠭᠤᠷᠢᠨ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ  ᠤᠨ ᠵᠢᠵᠢᠭ ᠤᠰᠤᠨ ᠴᠠᠬᠢᠯᠭᠠᠨ ᠤ ᠥᠷᠲᠡᠭᠡ ᠶᠢ ᠠᠷᠢᠯᠭᠠᠨ ᠴᠡᠭᠴᠡᠯᠡᠨ ᠰᠠᠶᠢᠵᠢᠷᠠᠭᠤᠯᠬᠤ ᠶᠡᠷᠦᠩᠬᠡᠶᠢᠯᠡᠭᠰᠡᠨ ᠦᠨᠡᠯᠡᠨ ᠵᠢᠱᠢᠭᠰᠡᠨ ᠮᠡᠳᠡᠭᠦᠯᠦᠯᠲᠡ︾ ᠶᠢ ᠵᠣᠬᠢᠶᠠᠨ ᠪᠠᠶᠢᠭᠤᠯᠤᠨ ᠪᠡᠶᠡᠯᠡᠭᠦᠯᠬᠦ ᠬᠡᠷᠡᠭᠲᠡᠢ᠃  ᠮᠠᠨ ᠤ ᠣᠷᠣᠨ ᠳᠤ ᠬᠠᠲᠤᠨ ᠭᠤᠤᠯ ᠤᠨ ᠰᠠᠪᠠ ᠭᠠᠵᠠᠷ ᠲᠤ ᠨᠡᠶᠢᠲᠡ 6 ᠵᠢᠵᠢᠭ ᠤᠰᠤᠨ ᠴᠠᠬᠢᠯᠭᠠᠨ  ᠤ ᠥᠷᠲᠡᠭᠡ ᠲᠠᠢ ᠪᠠᠶᠢᠵᠤ᠂ ᠲᠣᠰ ᠲᠣᠰ ᠣᠷᠳᠣᠰ ᠬᠤᠲᠠ ᠶᠢᠨ ᠡᠦ ᠳ᠋ᠢᠩ ᠾᠧ ᠭᠤᠤᠯ ᠳᠤ ᠪᠠᠶᠢᠷᠢᠯᠠᠵᠤ ᠪᠠᠶᠢᠭ᠎ᠠ ᠪᠠᠲᠤ ᠲᠣᠬᠤᠶ᠂ ᠰᠢᠨ ᠶᠣᠣ ᠮᠤᠤ᠂ ᠵᠠᠩ ᠹᠧᠩ ᠫᠠᠨ ᠵᠡᠷᠭᠡ 3 ᠤᠰᠤᠨ ᠴᠠᠬᠢᠯᠭᠠᠨ ᠤ ᠥᠷᠲᠡᠭᠡ︔ ᠪᠠᠶᠠᠨᠨᠠᠭᠤᠷ ᠬᠤᠲᠠ ᠶᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠶᠡᠷᠦᠩᠬᠡᠶ ᠭᠤᠤᠯ ᠰᠤᠪᠠᠭ ᠤᠨ ᠰᠠᠨ ᠱᠧᠩ ᠬᠥᠩ᠂ ᠰᠠᠨ ᠱᠧᠩ ᠬᠥᠩ ᠬᠤᠶᠠᠳᠤᠭᠠᠷ ᠬᠤᠭᠤᠴᠠᠭ᠎ᠠ᠂ ᠶᠡᠷᠦᠩᠬᠡᠶ ᠭᠤᠤᠯ ᠰᠤᠪᠠᠭ ᠤᠨ ᠬᠤᠶᠠᠳᠤᠭᠠᠷ ᠬᠤᠪᠢᠶᠠᠷᠢ ᠤᠰᠤᠨ  ᠤ ᠵᠠᠩᠭᠢᠯᠠᠭ᠎ᠠ ᠵᠡᠷᠭᠡ 3 ᠤᠰᠤᠨ ᠴᠠᠬᠢᠯᠭᠠᠨ ᠥᠷᠲᠡᠭᠡ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 3.343 ᠲᠦᠮᠡᠨ ᠺᠢᠯᠣᠸᠠᠲ ᠪᠣᠯᠤᠨ᠎ᠠ᠃ ᠦᠨᠡᠯᠡᠨ ᠵᠢᠱᠢᠭᠰᠡᠨ ᠢᠶᠠᠷ᠂ 6 ᠵᠢᠵᠢᠭ ᠤᠰᠤᠨ ᠴᠠᠬᠢᠯᠭᠠᠨ ᠤ ᠥᠷᠲᠡᠭᠡ  ᠶᠢᠨ ᠣᠷᠴᠢᠨ ᠠᠬᠤᠶ ᠳᠤ ᠦᠵᠡᠭᠦᠯᠬᠦ ᠨᠥᠯᠥᠭᠡ ᠨᠢ ᠨᠡᠯᠢᠶᠡᠳ ᠪᠠᠭ᠎ᠠ ᠪᠠᠶᠢᠵᠤ᠂ ᠤᠬᠤᠷᠢᠨ ᠭᠠᠷᠬᠤ ᠴᠢᠬᠤᠯᠠ ᠥᠬᠡᠶ᠂ ᠵᠥᠪᠬᠡᠨ ᠵᠠᠷᠢᠮ ᠲᠣᠭᠲᠠᠭᠠᠯ ᠳᠤ ᠨᠡᠶᠢᠴᠡᠬᠦ ᠴᠢᠨᠠᠷᠲᠠᠶ ᠭᠠᠷ ᠭᠦᠢᠴᠡᠳᠬᠡᠯ ᠪᠠ ᠠᠮᠢ ᠠᠬᠤᠶ ᠶᠢᠨ ᠤᠷᠤᠰᠬᠠᠯ  ᠤᠨ ᠬᠡᠮᠵᠢᠶ᠎ᠡ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠵᠡᠷᠭᠡ ᠲᠠᠯ᠎ᠠ ᠪᠠᠷ ᠴᠡᠭᠴᠡᠯᠡᠨ ᠥᠭᠡᠷᠡᠴᠢᠯᠡᠬᠦ ᠴᠢᠬᠤᠯᠠᠲᠠᠶ ᠪᠠᠶᠢᠨ᠎ᠠ᠃  ᠲᠠᠷᠠᠭᠠᠴᠢ ᠶᠢᠨ ᠠᠯᠬᠤᠮ ᠳᠤ᠂ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠴᠢᠩᠭ᠎ᠠ ᠠᠩᠬᠠᠷᠴᠤ᠂ ᠨᠢᠭᠡ ᠥᠷᠲᠡᠭᠡ ᠨᠢᠭᠡ ᠠᠷᠭ᠎ᠠ ᠬᠡᠮᠵᠢᠶ᠎ᠡ ᠠᠪᠬᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠵᠢᠵᠢᠭ ᠤᠰᠤᠨ ᠴᠠᠬᠢᠯᠭᠠᠨ ᠤ ᠠᠮᠢ ᠠᠬᠤᠶ ᠶᠢᠨ ᠤᠷᠤᠰᠴᠠ ᠶᠢ ᠭᠠᠳᠠᠭᠰᠢᠯᠠᠭᠤᠯᠬᠤ ᠶᠢ ᠵᠢᠷᠤᠮᠵᠢᠭᠤᠯᠵᠤ᠂ ᠴᠠᠬᠢᠯᠭᠠᠨ ᠥᠷᠲᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠴᠠᠬᠢᠯᠭᠠᠨ ᠥᠷᠲᠡᠭᠡᠨ ᠤ ᠡᠷᠬᠢᠨ ᠲᠣᠭᠤᠷᠢᠨ ᠤ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠵᠤ᠂ ᠵᠢᠵᠢᠭ ᠤᠰᠤᠨ ᠴᠠᠬᠢᠯᠭᠠᠨ ᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠪᠣᠬᠢᠷᠲᠤᠯ ᠥᠬᠡᠶ ᠬᠥᠭᠵᠢᠭᠦᠯᠬᠦ ᠶᠢ ᠠᠬᠢᠭᠤᠯᠵᠤ᠂ ᠭᠤᠤᠯ ᠮᠥᠷᠡᠨ ᠤ ᠡᠷᠡᠭᠦᠯ ᠮᠡᠨᠳᠦ ᠠᠮᠢ ᠨᠠᠰᠤ ᠶᠢ ᠬᠠᠮᠠᠭᠠᠯᠠᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号