ᠬᠥᠬᠡᠬᠤᠲᠠ ᠵᠡᠷᠭᠡ 4 ᠬᠤᠲᠠ ᠤᠯᠤᠰ ᠤᠨ ᠨᠡᠶᠢᠲᠡᠯᠢᠭ ᠭᠠᠵᠠᠷ ᠣᠷᠣᠨ ᠤ ᠳᠠᠬᠢᠯᠲᠠ ᠤᠰᠤ ᠶᠢ ᠠᠰᠢᠭᠯᠠᠬᠤ ᠲᠣᠬᠢᠷᠠᠭᠤᠯᠤᠯᠲᠠ ᠶᠢᠨ ᠲᠤᠷᠰᠢᠯᠲᠠ ᠶᠢᠨ ᠲᠦᠷᠦᠭᠦᠦ ᠪᠦᠯᠦᠭ ᠤᠨ ᠬᠤᠲᠠ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2022/12/30
  ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠦ ᠤᠯᠤᠰ ‍ᠤᠨ‌‍ᠲ᠋ᠦ᠋ᠷᠦᠭᠦᠦ ᠪᠦᠯᠦᠭ ᠤᠨ 78 ᠨᠡᠶᠢᠲᠡᠯᠢᠭ ᠭᠠᠵᠠᠷ ᠣᠷᠣᠨ  ᠤ ᠳᠠᠬᠢᠯᠲᠠ ᠤᠰᠤ ᠶᠢ ᠠᠰᠢᠭᠯᠠᠬᠤ ᠲᠣᠬᠢᠷᠠᠭᠤᠯᠤᠯᠲᠠ ᠶᠢᠨ ᠲᠤᠷᠰᠢᠯᠲᠠ ᠶᠢᠨ ᠬᠤᠲᠠ ᠶᠢᠨ ᠨᠡᠷᠡᠰ ᠢ ᠨᠡᠶᠢᠲᠡᠯᠡᠵᠦ᠂ ᠮᠠᠨ ᠤ ᠣᠷᠣᠨ ᠤ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠪᠣᠯᠤᠨ ᠦᠬᠠᠶ ᠬᠤᠲᠠ 4 ᠬᠤᠲᠠ ᠠᠮᠵᠢᠯᠲᠠ ᠲᠠᠢ ᠰᠣᠩᠭᠤᠭᠳᠠᠪᠠ᠃  ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠤᠯᠪᠣᠭᠳᠠᠯ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠲᠥᠯᠥᠭᠡ᠂ ᠤᠰᠤᠨ ᠠᠰᠢᠭᠯᠠᠯᠲᠠ ᠶᠢᠨ ᠶᠠᠮᠤᠨ ᠵᠡᠷᠭᠡ ᠵᠢᠷᠭᠤᠭᠠᠨ ᠶᠠᠮᠤᠨ ᠵᠥᠪᠯᠡᠯ ᠤᠨ ᠱᠠᠭᠠᠷᠳᠠᠯᠭ᠎ᠠ ᠶᠣᠰᠣᠭᠠᠷ᠂ 2022 ᠣᠨ ᠤ 4 ᠰᠠᠷ᠎ᠠ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ ᠲᠠᠢ ᠬᠠᠮᠲᠤᠷᠠᠨ ᠪᠥᠬᠦ ᠣᠷᠣᠨ ᠳᠤ ᠨᠡᠶᠢᠲᠡᠯᠢᠭ ᠭᠠᠵᠠᠷ ᠣᠷᠣᠨ ᠤ ᠳᠠᠬᠢᠯᠲᠠ ᠤᠰᠤ ᠶᠢ ᠠᠰᠢᠭᠯᠠᠬᠤ ᠲᠣᠬᠢᠷᠠᠭᠤᠯᠤᠯᠲᠠ  ᠶᠢᠨ ᠲᠤᠷᠰᠢᠯᠲᠠ ᠶᠢᠨ ᠠᠵᠢᠯ ᠢ ᠥᠷᠨᠢᠭᠦᠯᠪᠡ᠃ ᠠᠶᠢᠮᠠᠭ ᠬᠤᠲᠠ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ  ᠪᠠᠷ ᠳᠡᠮᠵᠢᠨ᠂ 6 ᠲᠢᠩᠬᠢᠮ ᠲᠣᠪᠴᠢᠶ᠎ᠠ ᠬᠠᠮᠲᠤᠷᠠᠨ ᠬᠢᠨᠠᠨ ᠬᠠᠷᠭᠤᠭᠤᠯᠵᠤ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠦᠬᠠᠶ ᠬᠤᠲᠠ ᠶᠢ ᠤᠯᠤᠰ ᠤᠨ ᠲᠠᠰ ᠤᠨ ᠨᠡᠶᠢᠲᠡᠯᠢᠭ ᠭᠠᠵᠠᠷ ᠣᠷᠣᠨ ᠤ ᠳᠠᠬᠢᠯᠲᠠ ᠤᠰᠤ ᠶᠢ ᠠᠰᠢᠭᠯᠠᠬᠤ ᠲᠣᠬᠢᠷᠠᠭᠤᠯᠤᠯᠲᠠ ᠶᠢᠨ ᠲᠤᠷᠰᠢᠯᠲᠠ ᠶᠢᠨ ᠴᠢᠭ ᠬᠤᠲᠠ ᠪᠠᠷ ᠪᠠᠲᠤᠯᠠᠨ ᠲᠠᠨᠢᠯᠴᠠᠭᠤᠯᠪᠠ᠃ 6 ᠳ᠋ᠤᠭᠠᠷ ᠰᠠᠷ᠎ᠠ ᠶᠢᠨ 20 ᠤ ᠡᠳᠦᠷ ᠤᠨ ᠲᠤᠷᠰᠢᠯᠲᠠ ᠶᠢᠨ ᠬᠡᠷᠡᠭᠵᠢᠭᠦᠯᠬᠦ ᠲᠦᠰᠦᠯ ᠢ 6 ᠳ᠋ᠤᠭᠠᠷ ᠲᠢᠩᠭᠢᠮ ᠲᠤᠪᠴᠢᠶ᠎ᠠ ᠶᠢᠨ ᠬᠠᠮᠲᠤᠷᠠᠨ ᠬᠢᠨᠠᠨ ᠪᠠᠶᠢᠴᠠᠭᠠᠬᠤ ᠶᠢ ᠪᠠᠲᠤᠯᠠᠵᠤ᠂ 8 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠳᠥᠷᠪᠡᠨ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠰ ᠲᠣᠰ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃  ᠣᠳᠣᠬᠠᠨ ᠳᠤ᠂ ᠳᠥᠷᠪᠡᠨ ᠨᠡᠶᠢᠲᠡᠯᠢᠭ ᠭᠠᠵᠠᠷ ᠣᠷᠣᠨ ᠶᠠᠭ ᠲᠤᠷᠰᠢᠯᠲᠠ ᠶᠢᠨ ᠴᠢᠭ ᠤᠨ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠳᠠᠬᠢᠯᠲᠠ ᠤᠰᠤ ᠶᠢ ᠠᠰᠢᠭᠯᠠᠬᠤ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠠᠬᠢᠯᠲᠠ ᠤᠰᠤ ᠶᠢ ᠠᠰᠢᠭᠯᠠᠬᠤ ᠲᠤᠬᠢᠷᠠᠭᠤᠯᠤᠯᠲᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠳᠠᠬᠢᠯᠲᠠ ᠤᠰᠤ ᠶᠢ ᠦᠶᠯᠡᠳᠪᠦᠷᠢᠯᠡᠵᠦ ᠰᠢᠯᠵᠢᠭᠦᠯᠦᠨ ᠳᠣᠭᠢᠷᠠᠭᠤᠯᠬᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠳᠠᠬᠢᠯᠲᠠ ᠤᠰᠤ ᠶᠢ ᠠᠰᠢᠭᠯᠠᠬᠤ ᠲᠥᠷᠥ ᠶᠢᠨ ᠪᠣᠳᠣᠯᠭ᠎ᠠ ᠶᠢ ᠪᠠᠶᠢᠭᠤᠯᠤᠨ ᠪᠦᠷᠢᠨᠰᠢᠬᠦᠯᠵᠦ᠂ ᠳᠠᠬᠢᠯᠲᠠ ᠤᠰᠤ ᠶᠢ ᠠᠰᠢᠭᠯᠠᠬᠤ ᠲᠤᠬᠢᠷᠠᠭᠤᠯᠤᠯᠲᠠ ᠶᠢᠨ ᠲᠤᠷᠰᠢᠯᠲᠠ  ᠶᠢᠨ ᠴᠢᠭ ᠤᠨ ᠠᠵᠢᠯ ᠢ ᠪᠥᠬᠦ ᠲᠠᠯ᠎ᠠ ᠪᠠᠷ ᠥᠷᠨᠢᠭᠦᠯᠦᠨ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ  ᠶᠢᠨ ᠵᠥᠷᠢᠴᠡᠯ ᠢ ᠨᠠᠮᠳᠠᠭᠤᠯᠬᠤ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠲᠤᠯᠭᠠᠭᠤᠷᠢᠯᠠᠯ ᠬᠠᠩᠭᠠᠵᠤ᠂ ᠭᠠᠩ ᠬᠠᠭᠤᠷᠠᠶ ᠭᠠᠵᠠᠷ ᠣᠷᠣᠨ  ᠤ ᠤᠰᠤ ᠳᠤᠲᠠᠭᠳᠠᠵᠤ ᠪᠠᠶᠢᠭ᠎ᠠ ᠬᠤᠲᠠ ᠵᠢᠴᠢ ᠪᠤᠰᠤᠳ ᠠᠳᠠᠯᠢᠪᠲᠤᠷ ᠬᠤᠲᠠ ᠳᠤ ᠵᠢᠱᠢᠶ᠎ᠡ ᠦᠵᠡᠭᠦᠯᠦᠨ ᠯᠠᠪᠯᠠᠯᠲᠠ ᠬᠠᠩᠭᠠᠨ᠎ᠠ᠃    ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠠ ᠲᠤᠷᠰᠢᠯᠲᠠ ᠶᠢᠨ ᠬᠤᠲᠠ ᠶᠢᠨ ᠬᠢᠨᠠᠨ ᠵᠦᠪᠰᠢᠶᠡᠷᠡᠵᠤ ᠪᠠᠲᠤᠯᠠᠭᠰᠠᠨ ᠲᠤᠷᠰᠢᠯᠲᠠ ᠶᠢᠨ ᠬᠡᠷᠡᠭᠵᠢᠭᠦᠯᠬᠦ ᠲᠦᠰᠦᠯ ᠢ ᠴᠢᠩᠭ᠎ᠠ ᠨᠠᠶᠢᠳᠠᠪᠤᠷᠢᠵᠢᠭᠤᠯᠬᠤ ᠶᠢ ᠵᠢᠭᠠᠨ ᠵᠢᠯᠤᠭᠤᠳᠴᠦ᠂ ᠲᠤᠷᠰᠢᠯᠲᠠ ᠶᠢᠨ ᠴᠢᠭ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠂ ᠲᠤᠷᠰᠢᠯᠲᠠ ᠶᠢᠨ ᠴᠢᠭ ᠤᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠳ᠋ᠦᠩᠨᠡᠨ ᠰᠢᠯᠭᠠᠨ ᠠᠪᠬᠤ ᠶᠢ ᠴᠠᠭ ᠲᠤᠨᠢ ᠳᠣᠭᠢᠷᠠᠭᠤᠯᠤᠨ ᠥᠷᠨᠢᠭᠦᠯᠵᠦ᠂ ᠲᠤᠷᠰᠢᠯᠲᠠ ᠶᠢᠨ ᠴᠢᠭ  ᠤᠨ ᠬᠠᠷᠠᠯᠲᠠᠲᠤ ᠡᠭᠦᠷᠭᠡ ᠶᠢ  ᠲᠤᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃   
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号