ᠤᠯᠤᠰ ᠤᠨ ᠣᠣᠭᠤᠬᠤ ᠤᠰᠤᠨ ᠤ ᠠᠶᠦᠯᠬᠦᠢ ᠶᠢᠨ ᠪᠠᠲᠤᠯᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢ ᠯᠠᠪᠳᠠᠭᠤᠨ ᠢᠶᠠᠷ ᠠᠬᠢᠭᠤᠯᠬᠤ ᠳᠤ ᠬᠦᠴᠦᠨ ᠨᠡᠮᠡᠷᠢᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2022/12/30
    12 ᠳ᠋ᠣᠭᠠᠷ ᠰᠠᠷ᠎ᠠ ᠶᠢᠨ 29 ᠤ ᠡᠳᠦᠷ ᠤᠨ ᠠᠷᠠᠳ ᠤᠨ ᠰᠦᠯᠵᠢᠶ᠎ᠡ ᠶᠢᠨ ᠮᠡᠳᠡᠭᠡ ︵ᠰᠤᠷᠪᠤᠯᠵᠢᠯᠠᠭᠴᠢ ᠢᠦᠢ ᠯᠦ︶    12 ᠳ᠋ᠣᠭᠠᠷ ᠰᠠᠷ᠎ᠠ ᠶᠢᠨ 29 ᠤ ᠡᠳᠦᠷ᠂ ᠠᠷᠠᠳ ᠤᠨ ᠰᠦᠯᠵᠢᠶ᠎ᠡ ᠠᠴᠠ ᠭᠤᠣᠯᠯᠠᠨ ᠡᠷᠭᠢᠯᠡᠭᠰᠡᠨ ︽2022 ᠠᠷᠠᠳ ᠤᠨ ᠡᠳ᠋ ᠤᠨ ᠵᠠᠰᠠᠭ ᠠᠵᠤ ᠠᠬᠤᠢ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ︾ ᠪᠡᠭᠡᠵᠢᠩ ᠳᠤ ᠪᠤᠯᠪᠠ᠃ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ᠂ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠬᠦᠨ ᠯᠢᠦ ᠸᠧᠢ ᠫᠢᠩ ᠶᠠᠷᠢᠶᠠᠨ ᠳᠠᠭᠠᠨ᠂ ᠤᠰᠤᠨ ᠠᠰᠢᠭᠯᠠᠯᠲᠠ ᠶᠢᠨ ᠶᠠᠮᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦᠯᠢ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠳᠣᠭᠤᠰᠢᠯᠠᠭᠤᠯᠵᠦ᠂ ᠤᠯᠤᠰ ᠤᠨ ᠣᠣᠭᠤᠬᠤ ᠤᠰᠤᠨ ᠤ ᠠᠶᠦᠯᠬᠦᠢ ᠶᠢᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠨᠠᠷᠵᠢᠭᠤᠯᠬᠤ ᠶᠡᠷᠦᠩᠬᠡᠢ ᠬᠠᠷᠠᠯᠲᠠ ᠶᠢ ᠲᠣᠭᠲᠠᠭᠠᠵᠤ᠂ ᠤᠰᠤᠨ ᠭᠠᠮᠰᠢᠭ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠳᠦᠯᠦᠪᠵᠢᠬᠦᠯᠵᠦ᠂ ᠴᠢᠨᠠᠷ ᠰᠠᠶᠢᠲᠠᠢ ᠣᠳᠣᠬᠢᠴᠢᠯᠠᠭᠰᠠᠨ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠳᠦᠬᠦᠬᠡᠷᠦᠮᠵᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠰᠤ ᠭᠠᠩ ᠤᠨ ᠭᠠᠮᠰᠢᠭ ᠠᠴᠠ ᠰᠡᠷᠭᠡᠶᠢᠯᠡᠬᠦ ᠴᠢᠳᠠᠪᠤᠷᠢ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠴᠢᠳᠠᠪᠤᠷᠢ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ᠂ ᠭᠤᠣᠯ ᠮᠥᠷᠡᠨ᠂ ᠨᠠᠭᠤᠷ ᠪᠦᠷᠢᠳᠦ ᠶᠢᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢᠨ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢ ᠯᠠᠪᠳᠠᠭᠤᠨ ᠢᠶᠠᠷ ᠠᠬᠢᠭᠤᠯᠬᠤ ᠳᠤ ᠤᠰᠤᠨ ᠠᠰᠢᠭᠯᠠᠯᠲᠠ ᠶᠢᠨ ᠬᠦᠴᠦᠨ ᠴᠢᠳᠠᠯ ᠢ ᠨᠡᠮᠡᠷᠢᠯᠡᠨ᠎ᠡ ᠬᠡᠵᠠᠢ᠃    ᠡᠨᠡᠬᠦ ᠶᠠᠷᠢᠶᠠᠨ ᠤ ᠲᠠᠪᠴᠠᠩ ᠨᠢ ︽ᠳᠤᠮᠳᠠᠳᠤ ᠶᠢᠨ ᠬᠦᠳᠦᠴᠢ — ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠰᠢᠨ᠎ᠡ ᠠᠶᠠᠨ ᠳᠤ ᠭᠠᠪᠰᠢᠭᠠᠶᠢᠯᠠᠶ᠎ᠠ︾ ᠬᠡᠳᠡᠭ ᠭᠤᠣᠯ ᠠᠭᠤᠯᠭ᠎ᠠ ᠶᠢᠨ ᠳᠣᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠠᠨᠢᠯᠴᠠᠭᠤᠯᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠪᠠᠷ ᠭᠤᠤᠯᠳᠠᠯᠭ᠎ᠠ ᠪᠤᠯᠭᠠᠨ᠂ ᠠᠵᠤ ᠠᠬᠤᠢ ᠶᠢᠨ ᠬᠥᠭᠵᠢᠯᠲᠡ ᠶᠢᠨ ᠵᠢᠮ᠎ᠡ ᠶᠣᠰᠣ ᠶᠢ ᠨᠠᠷᠢᠨ ᠰᠣᠳᠣᠯᠵᠦ᠂ ᠴᠠᠭ ᠦᠶ᠎ᠡ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠠᠳᠬᠤᠨ᠂ ᠢᠷᠡᠭᠡᠳᠦᠢ ᠶᠢᠨ ᠬᠥᠭᠵᠢᠯᠲᠡ ᠶᠢ ᠰᠢᠨᠵᠢᠯᠡᠨ ᠰᠤᠳᠤᠯᠪᠠ᠃    ᠯᠢᠦ ᠸᠧᠢ ᠫᠢᠩ ᠢᠯᠡᠷᠬᠡᠶᠢᠯᠡᠬᠦ ᠳᠡᠭᠡᠨ᠂ ᠡᠨᠡ ᠵᠢᠯ ᠠᠴᠠ ᠨᠠᠰᠢ᠂ ᠤᠰᠤᠨ ᠠᠰᠢᠭᠯᠠᠯᠲᠠ ᠶᠢᠨ ᠶᠠᠮᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠠᠷᠭ᠎ᠠ ᠬᠡᠮᠵᠢᠶ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠱᠠᠲᠤ ᠦᠶ᠎ᠡ ᠳᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠶᠤᠮ᠃    ᠨᠢᠭᠡ ᠳᠤ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠳᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠲᠡᠦᠬᠡᠲᠦ ᠴᠢᠨᠠᠷᠲᠠᠢ ᠳᠠᠪᠠᠯᠳᠠ ᠶᠢ ᠪᠡᠶᠡᠯᠡᠬᠦᠯᠵᠦ᠂ ᠠᠵᠤ ᠠᠬᠤᠢ ᠳᠠᠬᠢᠵᠦ ᠲᠣᠭᠲᠠᠭᠤᠨ ᠢᠶᠠᠷ ᠬᠦᠭᠵᠢᠬᠦᠯᠬᠦ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠰᠢᠵᠢᠶᠠᠩ ᠮᠥᠷᠡᠨ ᠤ ᠳ᠋ᠡ ᠲᠧᠩ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠪᠡᠯᠴᠢᠷ᠂ ᠬᠠᠲᠤᠨ ᠭᠤᠣᠯ ᠤᠨ ᠳᠣᠣᠷᠠᠳᠤ ᠤᠷᠤᠰᠬᠠᠯ ᠤᠨ ᠦᠶᠡᠷ ᠢ ᠰᠡᠷᠭᠡᠶᠢᠯᠡᠨ ᠵᠠᠰᠠᠬᠤ᠂ ᠬᠥᠬᠡᠮᠥ᠋ᠷᠡᠨ ᠤ ᠬᠤᠸᠠᠶᠠᠩ ᠭᠤᠣᠯ ᠤᠨ ᠦᠶᠡᠷ ᠢ ᠲᠣᠭᠲᠠᠭᠠᠨ ᠬᠤᠷᠢᠶᠠᠬᠤ ᠣᠷᠣᠨ᠂ ᠶᠦᠨᠨᠠᠨ ᠤ ᠳᠤᠮᠳᠠ ᠪᠡᠶ᠎ᠡ ᠳᠤ ᠤᠰᠤ ᠲᠠᠲᠠᠬᠤ᠂ ᠠᠨᠾᠦ᠋ᠢ ᠶᠢᠨ ᠬᠥᠬᠡᠮᠥ᠋ᠷᠡᠨ ᠤ ᠣᠰᠣ ᠶᠢ ᠬᠤᠸᠠᠢ ᠾᠧ ᠭᠤᠣᠯ ᠣᠷᠣᠭᠤ ᠳᠠᠳᠠᠬᠤ ᠵᠡᠷᠭᠡ ᠤᠳᠤ ᠶᠠᠭ ᠪᠠᠶᠢᠭᠤᠯᠵᠤ ᠪᠠᠶᠢᠭ᠎ᠠ ᠦᠶᠡᠷ ᠢ ᠰᠡᠷᠭᠡᠶᠢᠯᠡᠬᠦ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠨᠢᠭᠡ ᠪᠦᠯᠦᠭ ᠭᠤᠣᠯᠯᠠᠭᠴᠢ ᠢᠨᠵᠧᠨᠧᠷᠢᠩ ᠢ ᠰᠢᠭᠤᠷᠬᠠᠢ ᠭᠡᠷᠡᠭᠵᠢᠬᠦᠯᠪᠡ᠃ 46 ᠳᠦᠷᠦᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢ ᠰᠢᠨ᠎ᠡ ᠪᠠᠷ ᠡᠬᠢᠯᠡᠭᠦᠯᠵᠦ᠂ ᠢᠯᠠᠩᠭᠤᠶ᠎ᠠ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠬᠥᠬᠡᠮᠥ᠋ᠷᠡᠨ ᠢ ᠲᠠᠲᠠᠵᠤ ᠬᠠᠨᠺᠸᠦ ᠶᠢ ᠨᠥᠬᠦᠪᠦᠷᠢᠯᠡᠬᠦ᠂ ᠬᠤᠸᠠᠢ ᠾᠧ ᠭᠤᠣᠯ ᠤᠨ ᠳᠠᠯᠠᠢ ᠳᠤ ᠴᠢᠳᠬᠤᠬᠤ ᠤᠰᠤᠨ ᠵᠠᠮ ᠤᠨ ᠬᠤᠶᠠᠳᠤᠭᠠᠷ ᠬᠤᠭᠤᠴᠠᠭ᠎ᠠ᠂ ᠤᠮᠠᠷᠠᠲᠤ ᠶᠢᠨ ᠪᠤᠯᠤᠩ ᠢ ᠲᠣᠭᠤᠷᠢᠭᠰᠠᠨ ᠭᠤᠸᠠᠩᠳᠦ᠋ᠩ ᠤᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢᠩ ᠵᠡᠷᠭᠡ ᠰᠠᠪᠠ ᠭᠠᠵᠠᠷ ᠤᠨ ᠦᠶᠡᠷ ᠢ ᠰᠡᠷᠭᠡᠶᠢᠯᠡᠬᠦ᠂ ᠤᠰᠤ ᠬᠠᠩᠭᠠᠬᠤ᠂ ᠠᠮᠢ ᠠᠬᠤᠢ ᠶᠢᠨ ᠠᠶᠦᠯᠬᠦᠢ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠨᠢᠭᠡ ᠪᠦᠯᠦᠭ ᠴᠢᠬᠤᠯᠠ ᠶᠡᠭᠡ ᠪᠠᠷᠢᠯᠭ᠎ᠠ ᠶᠢ ᠡᠬᠢᠯᠡᠵᠦ ᠪᠦᠲᠦᠭᠡᠨ ᠪᠠᠶᠢᠭᠤᠯᠪᠠ᠃ ᠳᠤᠮᠳᠠ ᠵᠢᠵᠢᠭ ᠮᠠᠶ᠋ᠢᠭ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠢ ᠲᠦᠮᠡ 6000 ᠶᠢ ᠪᠡᠶᠡᠯᠡᠭᠦᠯᠵᠦ᠂ ᠬᠥᠳᠡᠭᠡ ᠲᠣᠰᠬᠤᠨ ᠤ 7449 ᠲᠦᠮᠡᠨ ᠬᠦᠮᠦᠨ ᠤ ᠤᠤᠭᠤᠬᠤ ᠣᠰᠣᠨ ᠤ ᠪᠠᠳᠣᠯᠭ᠎ᠠ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠪᠥᠬᠦ ᠤᠯᠤᠰ ᠲᠤ 10085 ᠳ᠋ᠦᠩᠰᠢᠭᠤᠷ ᠲᠥᠭᠦᠷᠢᠭ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠬᠢᠵᠦ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠡᠦᠬᠡᠨ ᠳᠡᠭᠡᠷ᠎ᠡ ᠬᠠᠮᠤᠭ ᠤᠨ ᠶᠡᠭᠡ ᠪᠡᠯᠡ ᠣᠷᠣᠭᠤᠯᠣᠬᠰᠠᠨ ᠨᠢᠭᠡ ᠵᠢᠯ ᠪᠣᠯᠵᠤ᠂ ᠨᠡᠶᠢᠲᠡ 236 ᠲᠦᠮᠡᠨ ᠬᠥᠮᠥᠨ ᠳᠤ ᠠᠵᠢᠯ ᠣᠯᠭᠤᠭᠰᠠᠨ ᠪᠥᠭᠡᠳ ᠳᠡᠭᠡᠳᠦ ᠳᠣᠣᠷᠠᠳᠤ ᠤᠷᠤᠰᠬᠠᠯ ᠤᠨ ᠬᠠᠮᠢᠶᠠᠳᠠᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠂ ᠳᠣᠬᠳᠠᠪᠤᠷᠢᠳᠠᠢ      ᠨᠡᠮᠡᠭᠳᠡᠯ᠂ ᠳᠣᠭᠳᠠᠪᠤᠷᠢᠳᠠᠢ ᠠᠵᠢᠯ ᠣᠯᠭᠤᠯᠲᠠ ᠳᠤ ᠴᠢᠬᠤᠯᠠ ᠦᠢᠯᠡᠳᠦᠯ ᠦᠵᠡᠭᠦᠯᠪᠡ᠃    ᠬᠤᠶᠠᠷ ᠲᠤ᠂ ᠦᠶᠡᠷ ᠣᠰᠠᠳᠣᠯ ᠭᠠᠩ ᠭᠠᠴᠢᠭ ᠪᠠᠶᠢᠨ ᠳᠠᠬᠢᠨ ᠭᠠᠷᠬᠤ ᠶᠠᠪᠤᠳᠠᠯ ᠢ ᠨᠢᠮᠪᠠᠢ ᠠᠷᠭᠠᠴᠠᠭᠠᠵᠦ᠂ ᠦᠶᠡᠷ ᠢ ᠠᠶᠦᠯᠬᠦᠢ ᠰᠡᠷᠭᠡᠶᠢᠯᠡᠬᠦ᠂ ᠠᠶᠦᠯᠬᠦᠢ ᠪᠠᠷ ᠤᠰᠤ ᠬᠠᠩᠭᠠᠬᠤ ᠪᠠ ᠠᠮᠤ ᠪᠤᠳᠠᠭᠠᠨ ᠤ ᠠᠶᠦᠯᠬᠦᠢ ᠶᠢ ᠦᠨᠡᠨ ᠬᠦ ᠪᠠᠳᠣᠯᠠᠪᠠ᠃ ︽ᠬᠥᠮᠥᠨ ᠬᠠᠷ᠎ᠠ ᠠᠳᠡᠵᠦ ᠰᠢᠷᠬᠠᠲᠤᠬᠤ ᠦᠭᠡᠢ᠂ ᠤᠰᠤᠨ ᠴᠥᠭᠦᠷᠥᠮ ᠨᠤᠷᠠᠵᠦ ᠰᠡᠳᠡᠷᠡᠬᠦ ᠦᠭᠡᠢ᠂ ᠴᠢᠬᠤᠯᠠ ᠬᠠᠰᠢᠯᠭ᠎ᠠ ᠳᠠᠯᠠᠩ ᠰᠡᠳᠡᠷᠡᠬᠦ ᠦᠭᠡᠢ᠂ ᠴᠢᠬᠤᠯᠠ ᠰᠠᠭᠤᠷᠢ ᠲᠥᠬᠦᠭᠡᠷᠦᠮᠵᠢ ᠡᠪᠳᠡᠭᠳᠡᠬᠦ ᠦᠭᠡᠢ︾ ᠪᠠᠶᠢᠬᠤ ᠪᠠ ᠬᠤᠲᠠ ᠬᠥᠳᠡᠭᠡ ᠶᠢᠨ ᠤᠰᠤ ᠬᠠᠩᠭᠠᠬᠤ ᠠᠶᠦᠯᠬᠦᠢ ᠶᠢ ᠪᠠᠲᠤᠯᠠᠬᠤ ᠬᠠᠷᠠᠯᠲᠠ ᠶᠢ ᠲᠣᠭᠲᠠᠭᠠᠵᠤ᠂ ᠡᠨᠡ ᠵᠢᠯ ᠤᠨ ᠦᠶᠡᠷ ᠣᠰᠠᠳᠣᠯ ᠭᠠᠩ ᠭᠠᠴᠢᠭ ᠳᠠᠪᠬᠤᠴᠠᠭᠰᠠᠨ ᠬᠦᠨᠳᠦ ᠬᠡᠴᠡᠭᠦᠦ ᠪᠠᠶᠢᠳᠠᠯ ᠢ ᠴᠢᠳᠠᠬᠤ ᠶᠢᠨ ᠬᠢᠷᠢ ᠪᠠᠷ ᠠᠷᠭᠠᠴᠠᠭᠠᠵᠦ᠂ ᠦᠶᠡᠷ ᠣᠰᠠᠳᠣᠯ ᠭᠠᠩ ᠭᠠᠴᠢᠭ ᠠᠴᠠ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠪᠠ᠃ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠬᠡᠶᠢᠯᠡᠬᠦ ᠪᠡᠯᠡᠳᠬᠡᠯ ᠰᠣᠷᠢᠯᠲᠠ ᠶᠢ ᠴᠢᠩᠭᠠᠷᠠᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠳᠣᠬᠢᠷᠠᠭᠤᠯᠤᠨ᠂ ᠵᠦᠵᠢᠶᠠᠩ ᠮᠥᠷᠡᠨ᠂ ᠯᠢᠶᠣᠤᠾᠧ ᠭᠤᠣᠯ ᠵᠡᠷᠭᠡ ᠰᠠᠪᠠ ᠭᠠᠵᠠᠷ ᠤᠨ ᠦᠶᠡᠷ ᠢ ᠠᠮᠵᠢᠯᠲᠠ ᠲᠠᠢ ᠪᠠᠷ ᠠᠷᠭᠠᠴᠠᠭᠠᠵᠦ᠂ ᠦᠶᠡᠷ ᠤᠰᠠᠳᠣᠯ ᠠᠴᠠ ᠬᠤᠲᠠ ᠪᠠᠯᠭᠠᠰᠤ ᠶᠢ 1649 ᠤᠳᠠᠭ᠎ᠠ ᠬᠠᠮᠠᠭᠠᠯᠠᠨ᠂ 1530 ᠲᠦᠮᠡᠨ ᠮᠦ ᠲᠠᠷᠢᠶᠠᠨ ᠭᠠᠵᠠᠷ ᠢ ᠬᠠᠮᠠᠭᠠᠯᠠᠵᠦ᠂ 690 ᠲᠦᠮᠡᠨ ᠬᠥᠮᠥᠨ ᠢ ᠨᠡᠬᠦᠯᠬᠡᠨ ᠰᠢᠯᠵᠢᠭᠦᠯᠬᠦ ᠠᠴᠠ ᠵᠠᠶᠢᠯᠠᠭᠤᠯᠵᠦ ᠴᠢᠳᠠᠪᠠ᠃ 1961 ᠣᠨ ᠠᠴᠠ ᠨᠠᠰᠢᠬᠢ ᠬᠥᠬᠡᠮᠥ᠋ᠷᠡᠨ ᠤ ᠰᠠᠪᠠ ᠭᠠᠵᠠᠷ ᠤᠨ ᠬᠠᠮᠤᠭ ᠤᠨ ᠬᠦᠨᠳᠦ ᠨᠣᠴᠢᠲᠠᠢ ᠭᠠᠩ ᠭᠠᠴᠢᠭ ᠤᠨ     ᠡᠮᠦᠨ᠎ᠡ᠂ ᠬᠦᠷᠢᠶ᠎ᠡ ᠬᠡᠪᠴᠢᠶ᠎ᠡ ᠪᠠᠨ ᠤᠨᠤᠭᠠᠵᠦ᠂ ᠭᠠᠵᠠᠷ ᠢ ᠨᠢ ᠣᠯᠵᠦ᠂ ᠠᠷᠭ᠎ᠠ ᠬᠡᠮᠵᠢᠶ᠎ᠡ ᠪᠠᠨ ᠤᠨᠤᠪᠴᠢᠳᠠᠢ ᠪᠠᠶᠢᠬᠤ ᠶᠢ ᠪᠠᠷᠢᠮᠳᠠᠯᠠᠨ᠂ ᠬᠥᠬᠡᠮᠥ᠋ᠷᠡᠨ ᠤ ᠰᠠᠪᠠ ᠭᠠᠵᠠᠷ ᠤᠨ ᠤᠰᠤᠨ ᠴᠥᠭᠦᠷᠥᠮ ᠤᠳ ᠤᠨ ᠭᠠᠩ ᠭᠠᠴᠢᠭ ᠢ ᠠᠷᠭᠠᠴᠠᠭᠠᠨ᠂ ᠤᠰᠤ ᠬᠠᠩᠭᠠᠬᠤ ᠶᠢ ᠪᠠᠲᠤᠯᠠᠬᠤ ᠨᠡᠶᠢᠳᠡ ᠶᠢᠨ ᠳᠣᠬᠢᠷᠠᠭᠤᠯᠭ᠎ᠠ ᠪᠠ ᠬᠤᠵᠢᠷᠰᠢᠵᠦ ᠴᠢᠬᠢᠭᠯᠡᠬᠦ ᠶᠢ ᠵᠠᠰᠠᠵᠦ᠂ ᠤᠰᠤ ᠬᠠᠩᠭᠠᠬᠤ ᠶᠢ ᠪᠠᠲᠤᠯᠠᠬᠤ ᠱᠠᠩᠬᠠᠢ ᠬᠤᠳᠠ ᠶᠢᠨ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ 356 ᠲᠣᠮᠣ ᠳᠤᠮᠳᠠ ᠮᠠᠶ᠋ᠢᠭ ᠤᠨ ᠤᠰᠤᠯᠠᠯᠲᠠ ᠶᠢᠨ ᠣᠷᠣᠨ᠂ 2856 ᠲᠦᠮᠡᠨ ᠮᠦ ᠨᠠᠮᠤᠷ ᠤᠨ ᠠᠮᠤ ᠪᠤᠳᠠᠭᠠᠨ ᠤ ᠲᠠᠷᠢᠮᠠᠯ ᠳᠤ ᠬᠡᠷᠡᠭᠯᠡᠬᠦ ᠤᠰᠤᠨ ᠤ ᠬᠡᠷᠡᠭᠴᠡᠭᠡ ᠶᠢ ᠪᠠᠲᠤᠯᠠᠪᠠ᠃    ᠭᠤᠷᠪᠠ ᠳᠤ᠂ ᠤᠰᠤᠨ ᠤ ᠡᠬᠢ ᠪᠠᠶᠠᠯᠢᠭ ᠢ ᠠᠷᠪᠢᠯᠠᠨ᠂ ᠡᠷᠴᠢᠮᠳᠠᠢ ᠠᠰᠢᠭᠯᠠᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠪᠥᠬᠦ ᠲᠠᠯ᠎ᠠ ᠪᠠᠷ ᠪᠣᠬᠢᠷᠳᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃ ︽ᠲᠦᠷᠪᠡᠨ ᠤᠰᠤ ᠳᠦᠷᠪᠡᠨ ᠳᠦᠰᠦᠯ︾ ᠤᠨ ᠵᠠᠷᠴᠢᠮ ᠢ ᠪᠦᠬᠦ ᠲᠠᠯ᠎ᠠ ᠪᠠᠷ ᠳᠣᠭᠤᠰᠢᠯᠠᠭᠤᠯᠵᠦ᠂ ᠤᠯᠤᠰ ᠤᠨ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠪᠦᠷᠢᠨ ᠬᠡᠷᠡᠭᠵᠢᠭᠦᠯᠦᠨ᠂ ᠬᠠᠳᠤᠨ ᠭᠤᠣᠯ ᠤᠨ ᠰᠠᠪᠠ ᠭᠠᠵᠠᠷ ᠤᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠪᠣᠯᠣᠳ ᠲᠡᠮᠦᠷ ᠦᠢᠯᠡᠳᠬᠦ᠂ ᠨᠡᠬᠡᠮᠡᠯ ᠤᠨ ᠵᠦᠢᠯ ᠪᠤᠳᠤᠬᠤ ᠵᠡᠷᠭᠡ ᠤᠰᠤ ᠬᠡᠷᠡᠭᠯᠡᠬᠦ ᠲᠣᠭᠲᠠᠭᠰᠠᠨ ᠨᠣᠷᠮᠠᠲᠤ ᠤᠯᠤᠰ ᠤᠨ ᠪᠠᠷᠢᠮᠵᠢᠶ᠎ᠠ ᠵᠠᠰᠠᠪᠤᠷᠢ ᠣᠷᠣᠭᠤᠯᠵᠦ᠂ 1445 ᠰᠢᠶᠠᠨ ᠲᠣᠭᠤᠷᠢᠭ ᠢ ᠤᠰᠤᠨ ᠳᠤ ᠭᠠᠮᠳᠠᠢ ᠨᠡᠶᠢᠭᠡᠮ ᠤᠨ ᠪᠠᠷᠢᠮᠵᠢᠶ᠎ᠠ ᠳᠤ ᠬᠦᠷᠬᠡᠪᠡ᠃ ᠤᠰᠤᠨ ᠤ ᠡᠬᠢ ᠪᠠᠶᠠᠯᠢᠭ ᠤᠨ ᠬᠠᠲᠠᠭᠤ ᠬᠤᠷᠢᠭᠠᠨ ᠤ ᠳᠦᠷᠢᠮ ᠳᠣᠭᠳᠠᠭᠠᠬᠤ ᠶᠢ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠮᠤᠵᠢ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠯᠡᠴᠡ ᠬᠤᠶᠠᠷ ᠢ ᠡᠵᠡᠮᠳᠡᠬᠦ ᠬᠠᠷᠠᠯᠲᠠ ᠶᠢ ᠲᠣᠳᠣᠷᠬᠠᠶᠢᠯᠠᠵᠤ᠂ ᠪᠦᠲᠦᠭᠡᠨ ᠪᠠᠶᠢᠭᠤᠯᠤᠯᠲᠠ ᠶᠢᠨ ᠠᠵᠢᠯ ᠳᠦᠷᠦᠯ ᠤᠨ ᠤᠰᠤᠨ ᠤ ᠡᠬᠢ ᠪᠠᠶᠠᠯᠢᠭ ᠤᠨ ᠪᠠᠷᠢᠮᠳᠠ ᠶᠢ ᠴᠢᠩᠭᠠᠯᠠᠵᠦ᠂ ᠤᠰᠤ ᠲᠠᠲᠠᠵᠤ ᠬᠡᠷᠡᠭᠯᠡᠬᠦ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠰᠢᠨ᠎ᠡ ᠪᠠᠷ ᠤᠰᠤ ᠲᠠᠲᠠᠬᠤ ᠠᠴᠠ ᠲᠦᠷ ᠳᠠᠳᠠᠭᠠᠯᠵᠠᠨ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠠᠶᠢᠭᠰᠠᠨ ᠠᠴᠠ ᠨᠢ ᠠᠷᠪᠢᠲᠠᠢ ᠡᠷᠴᠢᠮᠯᠢᠭ ᠪᠣᠯᠭᠠᠬᠤ ᠦᠨᠳᠦᠰᠦᠨ ᠴᠢᠨᠠᠷᠲᠠᠢ ᠬᠤᠪᠢᠷᠠᠯᠲᠠ ᠶᠢ ᠠᠬᠢᠭᠤᠯᠪᠠ᠃    ᠳᠥᠷᠪᠡ ᠳᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ ᠰᠡᠷᠬᠦᠬᠡᠪᠡ᠃ ᠬᠠᠳᠣᠨ ᠭᠤᠣᠯ ᠢ ᠰᠡᠷᠭᠦᠭᠡᠬᠦ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠶᠡᠬᠡᠪᠡᠷ ᠠᠬᠢᠭᠤᠯᠤᠨ᠂ ᠣᠶᠢᠷ᠎ᠠ ᠶᠢᠨ ᠵᠠᠭᠤᠨ ᠵᠢᠯ ᠤᠨ ᠲᠤᠷᠰᠢ ᠪᠡᠭᠡᠵᠢᠩ ᠬᠠᠩᠵᠧᠦ ᠶᠢᠨ ᠶᠡᠭᠡ ᠲᠠᠲᠠᠮᠠᠯ ᠭᠤᠣᠯ ᠢ ᠠᠩᠬ᠎ᠠ ᠤᠳᠠᠭ᠎ᠠ ᠪᠦᠬᠦ ᠱᠤᠭᠤᠮ ᠢᠶᠠᠷ ᠨᠠᠪᠲᠠᠷᠡᠭᠦᠯᠵᠦ᠂ ᠶᠦᠩ ᠳ᠋ᠢᠩ ᠾᠧ ᠭᠤᠣᠯ᠂ ᠳ᠋ᠠ ᠴᠢᠩ ᠾᠧ ᠭᠤᠣᠯ ᠤᠨ ᠤᠰᠤᠨ ᠰᠢᠰᠲ᠋ᠧᠮ᠂ ᠽᠢ ᠶᠠ ᠾᠧ ᠭᠤᠣᠯ ᠤᠨ ᠤᠰᠤᠨ ᠰᠢᠰᠲ᠋ᠧᠮ᠂ ᠵᠠᠩ ᠸᠧᠢ ᠾᠧ ᠭᠤᠣᠯ ᠤᠨ ᠤᠰᠤᠨ ᠰᠢᠰᠲ᠋ᠧᠮ ᠲᠠᠢ ᠬᠤᠯᠪᠤᠨ ᠳᠠᠯᠠᠢ ᠳᠤ ᠨᠡᠪᠳᠡᠷᠡᠬᠦ ᠶᠢ ᠪᠡᠶᠡᠯᠡᠭᠦᠯᠪᠡ᠃ ᠤᠮᠠᠷᠠᠲᠤ ᠣᠷᠣᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ ᠣᠶᠢᠷ᠎ᠠ ᠶᠢᠨ ᠬᠤᠭᠤᠴᠠᠭᠠᠨ ᠤ ᠬᠠᠷᠠᠯᠲᠠ ᠶᠢ ᠪᠡᠶᠡᠯᠡᠭᠦᠯᠵᠦ᠂ 2018 ᠣᠨ ᠠᠴᠠ ᠨᠠᠰᠢ᠂ ᠭᠦᠢᠬᠡᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤ᠂ ᠭᠦᠨ ᠳᠠᠪᠬᠤᠷᠭ᠎ᠠ ᠶᠢᠨ ᠳᠠᠷᠤᠯᠲᠠᠲᠤ ᠤᠰᠤᠨ ᠤ ᠲᠦᠪᠰᠢᠨ ᠲᠤᠰ ᠲᠤᠰ ᠳᠤᠮᠳᠠᠴᠢ ᠪᠠᠷ 2.26 ᠮᠧᠳ᠋ᠷ ᠪᠠ 7.24 ᠮᠧᠳ᠋ᠷ ᠳᠡᠭᠡᠭᠰᠢᠯᠡᠵᠡᠢ᠃ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠪᠦᠬᠦ ᠤᠯᠤᠰ ᠤᠨ ᠬᠥᠷᠥᠰᠥ ᠰᠢᠷᠣᠢ ᠶᠢᠨ ᠢᠳᠡᠭᠳᠡᠯ ᠢ ᠵᠠᠰᠠᠭᠰᠠᠨ ᠲᠠᠯᠠᠪᠠᠢ 6.3 ᠲᠦᠮᠡᠨ ᠲᠡᠭᠰᠢ ᠳᠦᠷᠪᠡᠯᠵᠢᠨ ᠺᠢᠯᠤᠮᠧᠳ᠋ᠷ ᠲᠤ ᠬᠦᠷᠪᠡ᠃ ᠬᠥᠬᠡᠮᠥ᠋ᠷᠡᠨ ᠢ ᠲᠠᠲᠠᠵᠤ ᠲᠠᠶᠢᠶᠤᠸᠠᠨ ᠢ ᠲᠡᠳᠬᠦᠬᠦ ᠤᠰᠤᠨ ᠤ ᠬᠡᠮᠵᠢᠶ᠎ᠡ ᠶᠢ ᠳᠣᠬᠢᠷᠠᠭᠤᠯᠤᠨ᠂ ᠰᠠᠪᠠ ᠭᠠᠵᠠᠷ ᠤᠨ ᠤᠰᠤ ᠬᠠᠩᠭᠠᠬᠤ ᠪᠠ ᠠᠮᠢ ᠠᠬᠤᠢ ᠶᠢᠨ ᠠᠶᠦᠯᠬᠦᠢ ᠶᠢ ᠪᠠᠲᠤᠯᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠮᠢ ᠠᠬᠤᠢ ᠡᠷᠡᠬᠦᠯ ᠪᠠᠶᠢᠬᠤ ᠳᠤ ᠰᠠᠭᠤᠷᠢ ᠳᠠᠯᠪᠢᠪᠠ᠃    ᠳᠠᠷᠠᠭᠠᠴᠢ ᠪᠠᠷ᠂ ᠤᠰᠤᠨ ᠠᠰᠢᠭᠯᠠᠯᠲᠠ ᠶᠢᠨ ᠶᠠᠮᠤᠨ ︽ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ︾ ᠶᠢᠨ ᠰᠢᠨ᠎ᠡ ᠠᠶᠠᠨ ᠳᠤ ᠶᠠᠭᠠᠬᠢᠵᠦ ᠶᠠᠪᠤᠬᠤ ᠳᠣᠬᠠᠢ ᠯᠢᠦ ᠸᠧᠢ ᠫᠢᠩ ᠶᠠᠷᠢᠶᠠᠨ ᠳᠠᠭᠠᠨ᠂ ᠨᠢᠭᠡ ᠲᠠᠯ᠎ᠠ ᠪᠠᠷ᠂ ᠬᠥᠭᠵᠢᠯᠲᠡ ᠪᠣᠯᠣᠨ ᠠᠶᠦᠯᠬᠦᠢ ᠶᠢ ᠨᠢᠭᠡᠳᠦᠯᠲᠡᠢ ᠲᠥᠯᠥᠪᠵᠢᠭᠦᠯᠵᠦ᠂ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠲᠦᠷᠭᠡᠨ ᠲᠡᠭᠦᠯᠳᠡᠷᠵᠢᠭᠦᠯᠬᠦ ᠬᠡᠷᠡᠭᠲᠡᠢ᠃ ᠨᠡᠶᠢᠭᠡᠮ ᠵᠢᠷᠣᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠱᠠᠭᠠᠷᠳᠠᠯᠭ᠎ᠠ ᠳᠤ ᠬᠠᠨᠳᠣᠭᠤᠯᠣᠨ᠂ ᠠᠭᠤᠷ ᠠᠮᠢᠰᠬᠤᠯ ᠤᠨ ᠬᠤᠪᠢᠷᠠᠯᠲᠠ ᠳᠣᠮᠳᠠᠬᠢ ᠦᠶᠡᠷ ᠤᠰᠠᠳᠣᠯ ᠭᠠᠩ ᠭᠠᠴᠢᠭ ᠤᠨ ᠰᠢᠨ᠎ᠡ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠠᠪᠠ ᠭᠠᠵᠠᠷ ᠤᠨ ᠨᠢᠭᠡᠳᠦᠯᠲᠡᠢ ᠵᠠᠰᠠᠯᠲᠠ ᠶᠢ ᠴᠢᠩᠭᠠᠳᠬᠠᠨ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠬᠦᠢᠰᠦ᠂ ᠭᠤᠣᠯ ᠮᠥᠷᠡᠨ ᠨᠠᠭᠤᠷ ᠪᠦᠷᠢᠳᠦ ᠶᠢ ᠵᠠᠰᠠᠬᠤ᠂ ᠦᠶᠡᠷ ᠢ ᠲᠣᠭᠲᠠᠭᠠᠨ ᠬᠤᠷᠢᠶᠠᠬᠤ ᠴᠢᠬᠤᠯᠠ ᠣᠷᠣᠨ ᠵᠡᠷᠭᠡ ᠦᠶᠡᠷ ᠢ ᠰᠡᠷᠭᠡᠶᠢᠯᠡᠬᠦ‍ ᠨᠢᠭᠡ ᠪᠦᠯᠦᠭ ᠭᠤᠣᠯᠯᠠᠭᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠶᠤᠯᠲᠠᠢ ᠬᠡᠪᠡᠷᠡᠭ ᠤᠰᠤᠨ ᠴᠥᠭᠦᠷᠥᠮ ᠤᠨ ᠠᠶᠦᠯᠬᠦᠢ ᠶᠢᠨ ᠳᠠᠯᠳᠠ ᠬᠡᠮ ᠢ ᠪᠥᠬᠦ ᠲᠠᠯ᠎ᠠ ᠪᠠᠷ ᠠᠷᠢᠯᠭᠠᠵᠤ᠂ ᠳᠤᠮᠳᠠ ᠵᠢᠵᠢᠭ ᠭᠤᠣᠯ ᠮᠥᠷᠡᠨ ᠢ ᠵᠠᠰᠠᠬᠤ᠂ ᠠᠭᠤᠯᠠᠨ ᠤ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠤᠰᠤᠨ ᠴᠥᠭᠦᠷᠥᠮ᠂ ᠭᠤᠣᠯ ᠤᠨ ᠵᠠᠮ ᠪᠤᠯᠤᠨ ᠬᠠᠰᠢᠯᠭ᠎ᠠ ᠳᠠᠯᠠᠩ᠂ ᠦᠶᠡᠷ ᠢ ᠲᠣᠭᠲᠠᠭᠠᠨ ᠬᠤᠷᠢᠶᠠᠬᠤ ᠣᠷᠣᠨ ᠢᠶᠠᠷ ᠭᠤᠣᠯ ᠪᠣᠯᠭᠠᠭᠰᠠᠨ ᠣᠳᠣᠬᠢᠴᠢᠯᠠᠭᠰᠠᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃    ᠨᠦᠭᠦᠭᠡ ᠲᠠᠯ᠎ᠠ ᠪᠠᠷ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠤᠰ ᠤᠨ ᠤᠰᠤᠨ ᠤ ᠲᠣᠣᠷ ᠢ ᠲᠦᠷᠭᠡᠨ ᠪᠠᠶᠢᠭᠤᠯᠬᠤ ᠬᠡᠷᠡᠭᠲᠡᠢ᠃ ᠳᠦᠪᠯᠡᠷᠡᠬᠦᠯᠦᠨ ᠬᠤᠯᠪᠤᠬᠤ᠂ ᠳᠣᠳᠠᠭᠤ ᠶᠢ ᠨᠥᠬᠦᠪᠦᠷᠢᠯᠡᠬᠦ᠂ ᠬᠤᠯᠪᠤᠭ᠎ᠠ ᠶᠢ ᠨᠢᠬᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠰᠲ᠋ᠧᠮ ᠨᠢ ᠪᠦᠷᠢᠨ ᠲᠡᠭᠦᠯᠳᠡᠷ᠂ ᠠᠶᠤᠯᠭᠦᠢ ᠪᠥᠭᠡᠳ ᠨᠠᠶᠢᠳᠠᠪᠤᠷᠢᠲᠠᠢ᠂ ᠡᠷᠴᠢᠮᠯᠢᠭ ᠪᠥᠭᠡᠳ ᠪᠦᠳᠦᠮᠵᠢ ᠰᠠᠶᠢᠳᠠᠢ᠂ ᠪᠣᠬᠢᠷᠳᠤᠯ ᠦᠭᠡᠢ ᠪᠥᠭᠡᠳ ᠣᠶᠤᠨᠴᠢᠯᠠᠭᠰᠠᠨ᠂ ᠡᠷᠬᠢᠯᠳᠡ ᠨᠢ ᠰᠠᠭᠠᠳ ᠦᠭᠡᠢ᠂ ᠡᠵᠡᠮᠳᠡᠯ ᠨᠢ ᠲᠢᠭ ᠲᠠᠢ︾ ᠤᠯᠤᠰ ᠤᠨ ᠤᠰᠤᠨ ᠤ ᠲᠣᠣᠷ ᠢ ᠲᠦᠷᠭᠡᠪᠴᠢᠯᠡᠨ ᠪᠠᠶᠢᠭᠤᠯᠤᠨ᠎ᠠ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠤᠯᠤᠰ ᠤᠨ ᠤᠰᠤᠨ ᠤ ᠲᠣᠣᠷ ᠤᠨ ᠠᠮᠢᠨ ᠰᠣᠳᠠᠯ ᠨᠢᠷᠤᠭᠤᠪᠴᠢ ᠲᠡᠭᠦᠯᠳᠡᠷᠵᠢᠭᠦᠯᠦᠨ᠎ᠡ︔ ᠰᠠᠪᠠ ᠭᠠᠵᠠᠷ ᠪᠠ ᠣᠷᠣᠨ ᠪᠦᠰᠡ ᠠᠯᠠᠭᠠᠰᠠᠬᠰᠠᠨ ᠤᠰᠤ ᠲᠠᠲᠠᠬᠤ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠪᠠ ᠭᠤᠣᠯᠳᠠᠯᠭ᠎ᠠ ᠲᠠᠢ ᠤᠰᠤᠨ ᠰᠤᠷᠪᠤᠯᠵᠢ ᠶᠢᠨ ᠢᠨᠵᠧᠨᠧᠷᠢᠩ ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠤᠯᠤᠰ ᠤᠨ ᠴᠢᠬᠤᠯᠠ ᠶᠡᠭᠡ ᠢᠨᠵᠧᠨᠧᠷᠢᠩ ᠪᠤᠯᠤᠨ ᠴᠢᠬᠤᠯᠠ ᠶᠡᠭᠡ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠣᠷᠣᠨ ᠪᠦᠰᠡ ᠶᠢᠨ ᠢᠨᠵᠧᠨᠧᠷᠢᠩ ᠤᠨ ᠣᠶᠠᠯᠳᠣᠯ ᠢ ᠴᠢᠩᠭᠠᠳᠬᠠᠵᠤ᠂ ᠮᠤᠵᠢ ᠬᠤᠲᠠ ᠰᠢᠶᠠᠨ ᠤ ᠱᠠᠲᠤᠨ ᠤ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠲᠣᠣᠷ ᠢ ᠳᠡᠬᠦᠯᠳᠡᠷᠵᠢᠬᠦᠯᠦᠨ᠂ ᠤᠰᠤᠨ ᠤ ᠲᠣᠣᠷ ᠢ ︽ᠡᠴᠦᠰ ᠤᠨ ᠨᠢᠭᠡ ᠺᠢᠯᠣᠮᠧᠳ᠋ᠷ︾ ᠬᠦᠷᠳᠡᠯ᠎ᠡ ᠨᠡᠪᠲᠡᠷᠡᠭᠦᠯᠦᠨ᠎ᠡ᠃    ᠡᠬᠦᠨ ᠠᠴᠠ ᠭᠠᠳᠠᠨ᠎ᠠ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠣᠷᠣᠰᠢᠬᠤ ᠶᠢ ᠪᠠᠷᠢᠮᠲᠠᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ ᠬᠡᠷᠡᠭᠲᠡᠢ᠃ ᠬᠠᠳᠣᠨ ᠭᠤᠣᠯ ᠢ ᠰᠡᠷᠭᠦᠭᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠡᠭᠡᠵᠢᠩ ᠲᠢᠶᠠᠨᠵᠢᠨ ᠾᠧᠪᠧᠢ ᠶᠢᠨ ︽ᠵᠢᠷᠭᠤᠭᠠᠨ ᠭᠤᠣᠯ ᠲᠠᠪᠤᠨ ᠨᠠᠭᠤᠷ︾᠂ ᠹᠦᠵᠢᠶᠠᠨ ᠤ ᠮᠦ ᠯᠠᠨ ᠭᠤᠤᠯ᠂ ᠭᠢᠷᠢᠨ ᠤ ᠴᠠᠭᠠᠨ ᠨᠠᠭᠤᠷ ᠪᠤᠯᠤᠨ ᠭᠤᠷᠪᠠᠨ      ᠬᠠᠪᠴᠢᠯ᠂ ᠳ᠋ᠠᠨ ᠵᠢᠶᠠᠩ ᠺᠧᠦ ᠵᠡᠷᠭᠡ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ ᠰᠡᠷᠭᠦᠭᠡᠨ ᠬᠠᠮᠠᠭᠠᠯᠠᠬᠤ ᠠᠵᠢᠯ ᠢ ᠠᠬᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠢ ᠳᠤ ᠨᠢ ᠰᠡᠷᠭᠡᠶᠢᠯᠡᠨ ᠵᠠᠰᠠᠬᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠢ ᠰᠡᠷᠭᠦᠭᠡᠵᠦ᠂ ᠰᠠᠪᠠ ᠭᠠᠵᠠᠷ ᠤᠨ ᠠᠮᠢᠵᠢᠷᠠᠯ ᠤᠨ ᠬᠦᠴᠦᠨ ᠢ ᠲᠠᠬᠢᠨ ᠳᠣᠳᠣᠷᠠᠭᠤᠯᠤᠨ᠎ᠠ ᠬᠡᠵᠠᠢ᠃    ᠯᠢᠦ ᠸᠧᠢ ᠫᠢᠩ ᠪᠠᠰᠠ ᠶᠠᠷᠢᠶᠠᠨ ᠳᠠᠭᠠᠨ᠂ ᠣᠶᠤᠨᠲᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤ ᠵᠠᠰᠠᠬᠤ ᠬᠤᠭᠤᠯᠠᠢ ᠶᠢ ᠲᠣᠭᠠᠴᠢᠯᠠᠬᠤ᠂ ᠰᠦᠯᠵᠢᠶᠡᠴᠢᠯᠡᠬᠦ᠂ ᠣᠶᠤᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠵᠡᠷᠭᠡ ᠰᠢᠨ᠎ᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠤᠯᠤᠨ ᠤᠰᠤᠨ ᠠᠰᠢᠭᠯᠠᠯᠲᠠ ᠶᠢᠨ ᠲᠤᠬᠠᠶᠢᠯᠠᠭᠰᠠᠨ ᠠᠵᠢᠯ ᠤᠨ ᠭᠦᠨᠵᠡᠭᠡᠢ ᠣᠶᠠᠯᠳᠣᠯ ᠢ ᠠᠬᠢᠭᠤᠯᠵᠤ᠂ ᠲᠣᠭᠠᠴᠢᠯᠠᠭᠰᠠᠨ ᠢᠬᠡᠷ᠎ᠡ ᠰᠠᠪᠠ ᠭᠠᠵᠠᠷ᠂ ᠲᠣᠭᠠᠴᠢᠯᠠᠭᠰᠠᠨ ᠢᠬᠡᠷ᠎ᠡ ᠤᠰᠤᠨ ᠤ      ᠲᠣᠣᠷ᠂ ᠲᠣᠭᠠᠴᠢᠯᠠᠭᠰᠠᠨ ᠢᠬᠡᠷ᠎ᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤᠨ ᠠᠰᠢᠭᠯᠠᠯᠲᠠ ᠶᠢᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠪᠣᠯᠣᠨ ᠣᠶᠤᠨᠴᠢ ᠲᠤᠬᠠᠶᠢᠯᠠᠭᠰᠠᠨ ᠠᠵᠢᠯ ᠤᠨ ᠬᠡᠷᠡᠭᠯᠡᠭᠡ ᠶᠢ ᠲᠡᠭᠦᠯᠳᠡᠷᠵᠢᠭᠦᠯᠵᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠰᠣᠷᠢᠯᠳᠠ ᠬᠢᠵᠦ ᠴᠢᠳᠠᠬᠤ᠂ ᠪᠡᠯᠡᠳᠬᠡᠯ ᠲᠥᠰᠥᠯ ᠤᠨ ᠴᠢᠳᠠᠪᠬᠢ ᠲᠠᠢ ᠣᠶᠤᠨᠲᠤ ᠤᠰᠤᠨ ᠠᠰᠢᠭᠯᠠᠯᠲᠠ ᠶᠢᠨ ᠰᠢᠰᠲ᠋ᠧᠮ ᠢ ᠪᠠᠶᠢᠭᠤᠯᠵᠤ᠂ ᠤᠰᠤᠨ ᠤ ᠠᠶᠦᠯᠬᠦᠢ ᠶᠢᠨ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠵᠦ ᠪᠠᠶᠢᠭᠰᠠᠨ ᠠᠴᠠ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠡᠵᠡᠮᠳᠡᠬᠦ ᠪᠤᠯᠭᠠᠵᠦ ᠬᠤᠪᠢᠷᠠᠭᠤᠯᠬᠤ ᠶᠢ ᠪᠡᠶᠡᠯᠡᠭᠦᠯᠦᠨ᠎ᠡ ᠬᠡᠰᠡᠨ ᠪᠠᠶᠢᠨ᠎ᠠ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号