ᠰᠢᠨᠬᠤᠸᠠ ᠰᠦᠯᠵᠢᠶ᠎ᠡ᠄ ᠵᠢᠷᠭᠤᠭᠠᠨ ᠰᠠᠯᠠᠭ᠎ᠠ ᠮᠥᠴᠢᠷ ᠤᠨ ᠬᠢᠨ 78 ᠬᠤᠲᠠ ᠲᠠᠢ ᠬᠤᠯᠪᠤᠭᠠᠯᠠᠨ ᠨᠡᠶᠢᠲᠡᠯᠢᠭ ᠭᠠᠵᠠᠷ ᠤᠷᠤᠨ ᠤ ᠲᠠᠬᠢᠯᠲᠠ ᠤᠰᠤᠨ ᠠᠰᠢᠭᠯᠠᠯᠲᠠ ᠶᠢᠨ ᠲᠤᠬᠢᠷᠠᠭᠤᠯᠤᠯᠲᠠ ᠶᠢᠨ ᠲᠤᠷᠰᠢᠯᠲᠠ ᠶᠢ ᠬᠠᠮᠳᠤᠷᠠᠨ ᠥᠷᠨᠢᠬᠦᠯᠪᠡ
ᠨᠡᠶᠢᠲᠡᠯᠡᠭᠰᠡᠨ ᠴᠠᠭ᠄
2022/12/31
    ᠰᠢᠨᠬᠤᠸᠠ ᠬᠤᠷᠢᠶ᠎ᠠ ᠪᠡᠭᠡᠵᠢᠩ 12 ᠳ᠋ᠤᠭᠠᠷ ᠰᠠᠷ᠎ᠠ ᠶᠢᠨ 28 ᠤ ᠡᠳᠦᠷ ᠴᠠᠬᠢᠯᠭᠠᠨ ᠮᠡᠳᠡᠭᠡ᠂ ᠣᠰᠤᠨ ᠠᠰᠢᠭᠯᠠᠯᠲᠠ ᠶᠢᠨ ᠶᠠᠮᠤᠨ ᠠᠴᠠ ᠤᠶᠢᠯᠠᠭᠠᠭᠰᠠᠨ ᠢᠶᠠᠷ᠂ ᠣᠰᠤᠨ ᠠᠰᠢᠭᠯᠠᠯᠲᠠ ᠶᠢᠨ ᠶᠠᠮᠤᠨ ᠵᠡᠷᠭᠡ ᠵᠢᠷᠭᠤᠭᠠᠨ ᠰᠠᠯᠠᠭ᠎ᠠ ᠮᠦᠴᠢᠷ ᠤᠨ ᠬᠢᠨ ᠤᠶᠢᠷ᠎ᠠ ᠳᠤ ᠬᠠᠮᠳᠤᠷᠠᠨ ᠮᠡᠳᠡᠭᠳᠡᠯ ᠲᠠᠷᠤᠮᠠᠯᠠᠨ ᠲᠠᠷᠬᠠᠭᠠᠵᠤ᠂ ᠨᠡᠶᠢᠲᠡᠯᠢᠭ ᠭᠠᠵᠠᠷ ᠤᠷᠤᠨ ᠤ ᠳᠠᠬᠢᠯᠲᠠ ᠤᠰᠤᠨ ᠠᠰᠢᠭᠯᠠᠯᠲᠠ ᠶᠢᠨ ᠲᠤᠬᠢᠷᠠᠭᠤᠯᠤᠯᠲᠠ ᠶᠢᠨ ᠲᠤᠷᠰᠢᠯᠲᠠ ᠶᠢᠨ ᠬᠤᠲᠠ ᠶᠢᠨ ᠨᠡᠷᠡᠰ ᠢ ᠨᠡᠶᠢᠲᠡᠯᠡᠵᠦ᠂ 29 ᠮᠤᠵᠢ ᠤᠷᠤᠨ ᠬᠤᠲᠠ ᠶᠢᠨ 78 ᠬᠤᠲᠠ ᠳᠤ ᠨᠡᠶᠢᠲᠡᠯᠢᠭ ᠭᠠᠵᠠᠷ ᠣᠷᠤᠨ ᠤ ᠳᠠᠬᠢᠯᠲᠠ ᠣᠰᠤᠨ ᠠᠰᠢᠭᠯᠠᠯᠲᠠ ᠶᠢᠨ ᠲᠤᠬᠢᠷᠠᠭᠤᠯᠤᠯᠲᠠ ᠶᠢᠨ ᠲᠤᠷᠰᠢᠯᠲᠠ ᠶᠢᠨ ᠴᠡᠭ ᠢ ᠥᠷᠨᠢᠬᠦᠯᠬᠦ ᠪᠠᠷ ᠲᠤᠳᠤᠷᠬᠠᠢ ᠲᠤᠭᠲᠠᠭᠠᠪᠠ᠃    ᠲᠠᠬᠢᠯᠲᠠ ᠣᠰᠤᠨ ᠠᠰᠢᠭᠯᠠᠯᠲᠠ ᠶᠢᠨ ᠲᠤᠬᠢᠷᠠᠭᠤᠯᠤᠯᠲᠠ ᠶᠢ ᠴᠢᠩᠭᠠᠳᠬᠠᠬᠤ ᠨᠢ ᠪᠤᠬᠢᠷ ᠣᠰᠤᠨ ᠤ ᠲᠠᠬᠢᠯᠲᠠ ᠠᠰᠢᠭᠯᠠᠯᠲᠠ ᠶᠢᠨ ᠨᠤᠷᠮ᠎ᠠ ᠶᠢ ᠲᠡᠭᠡᠭᠰᠢᠯᠡᠬᠦᠯᠦᠨ᠂ ᠣᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠦᠷᠢᠴᠡᠯ ᠢ ᠨᠠᠮᠳᠠᠭᠤᠯᠤᠨ᠂ ᠤᠰᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷ ᠢ ᠰᠠᠶᠢᠵᠢᠷᠠᠭᠤᠯᠤᠨ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠦᠬᠦ ᠲᠠᠯ᠎ᠠ ᠪᠠᠷ ᠪᠤᠬᠢᠷᠳᠤᠯ ᠦᠭᠡᠢ ᠬᠡᠯᠪᠡᠷᠢ ᠦᠭᠡᠷᠡᠴᠢᠯᠡᠬᠦ ᠶᠢ ᠠᠬᠢᠭᠤᠯᠬᠤ ᠳᠤ ᠠᠰᠢᠭᠲᠠᠢ ᠪᠠᠶᠢᠳᠠᠭ᠃ ᠣᠰᠤᠨ ᠠᠰᠢᠭᠯᠠᠯᠲᠠ ᠶᠢᠨ ᠶᠠᠮᠤᠨ᠂ ᠤᠯᠤᠰ ᠤᠨ ᠬᠦᠭᠵᠢᠬᠦᠯᠦᠯᠲᠡ ᠥᠭᠡᠷᠡᠴᠢᠯᠡᠯᠲᠡ ᠶᠢᠨ ᠵᠦᠪᠯᠡᠯ᠂ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠡ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠢ ᠶᠢᠨ ᠤᠷᠴᠢᠨ ᠲᠤᠭᠤᠷᠢᠨ ᠤ ᠶᠠᠮᠤᠨ ᠠᠴᠠ ᠬᠠᠮᠲᠤᠷᠠᠨ ᠲᠠᠷᠤᠮᠠᠯᠠᠨ ᠲᠠᠷᠬᠠᠭᠠᠭᠰᠠᠨ ᠮᠡᠳᠡᠭᠳᠡᠯ ᠳᠤ᠂ ᠲᠤᠷᠰᠢᠯᠲᠠ ᠶᠢᠨ ᠴᠡᠭ ᠤᠨ ᠪᠠᠶᠢᠭ᠎ᠠ ᠮᠤᠵᠢ ᠤᠷᠤᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠤᠷᠰᠢᠯᠲᠠ ᠶᠢᠨ ᠴᠡᠭ ᠤᠨ ᠬᠤᠲᠠ ᠶᠢ ᠵᠢᠯᠤᠭᠤᠳᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠡᠬᠢᠯᠡᠬᠦᠯᠵᠦ᠂ ᠨᠢᠭᠡᠨᠲᠡ ᠵᠦᠪᠰᠢᠶᠡᠷᠡᠭᠰᠡᠨ ᠲᠤᠷᠰᠢᠯᠲᠠ ᠶᠢᠨ ᠴᠡᠭ ᠤᠨ ᠬᠡᠷᠡᠭᠵᠢᠬᠦᠯᠬᠦ ᠲᠥᠰᠦᠯ ᠢ ᠬᠦᠴᠦᠯᠡᠨ ᠨᠠᠶᠢᠳᠠᠪᠤᠷᠢᠵᠢᠭᠤᠯᠵᠤ᠂ ᠲᠤᠷᠰᠢᠯᠲᠠ ᠶᠢᠨ ᠴᠡᠭ ᠤᠨ ᠬᠠᠷᠠᠯᠲᠠᠲᠤ ᠡᠬᠦᠷᠭᠡ ᠶᠢ ᠲᠤᠭᠲᠠᠭᠰᠠᠨ ᠬᠤᠭᠤᠴᠠᠭᠠᠨ ᠳᠤ ᠦᠨᠳᠦᠷ ᠪᠦᠲᠦᠮᠵᠢᠲᠡᠢ ᠪᠠᠷ ᠪᠡᠶᠡᠯᠡᠬᠦᠯᠬᠦ ᠬᠡᠷᠡᠭᠲᠡᠢ ᠭᠡᠵᠦ ᠱᠠᠭᠠᠷᠳᠠᠪᠠ᠃    ᠣᠰᠤᠨ ᠠᠰᠢᠭᠯᠠᠯᠲᠠ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ᠄ ᠲᠠᠷᠠᠭᠠᠴᠢ ᠶᠢᠨ ᠠᠯᠬᠤᠮ ᠳᠤ᠂ ᠣᠰᠤᠨ ᠠᠰᠢᠭᠯᠠᠯᠲᠠ ᠶᠢᠨ ᠶᠠᠮᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠢ ᠬᠠᠮᠳᠤᠷᠠᠨ ᠡᠯ᠎ᠡ ᠭᠠᠵᠠᠷ ᠤᠷᠤᠨ ᠤ ᠲᠤᠷᠰᠢᠯᠲᠠ ᠶᠢᠨ ᠴᠡᠭ ᠪᠣᠯᠬᠤ ᠬᠤᠲᠠ ᠶᠢᠨ ᠬᠢᠨᠠᠨ ᠵᠦᠪᠰᠢᠶᠡᠷᠡᠵᠦ ᠪᠠᠲᠤᠯᠠᠭᠰᠠᠨ ᠲᠤᠷᠰᠢᠯᠲᠠ ᠶᠢᠨ ᠴᠡᠭ ᠤᠨ ᠬᠡᠷᠡᠭᠵᠢᠬᠦᠯᠬᠦ ᠲᠦᠰᠦᠯ ᠢ ᠴᠢᠩᠭ᠎ᠠ ᠨᠠᠶᠢᠳᠠᠪᠤᠷᠢᠵᠢᠭᠤᠯᠬᠤ ᠶᠢ ᠵᠢᠯᠤᠭᠤᠳᠴᠤ᠂ ᠲᠠᠬᠢᠯᠲᠠ ᠤᠰᠤ ᠶᠢ ᠠᠰᠢᠭᠯᠠᠬᠤ ᠲᠥᠯᠦᠪᠵᠢᠬᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠬᠦᠯᠬᠦ᠂ ᠲᠠᠬᠢᠯᠲᠠ ᠤᠰᠤ ᠶᠢ ᠠᠰᠢᠭᠯᠠᠬᠤ ᠲᠤᠬᠢᠷᠠᠭᠤᠯᠤᠯᠲᠠ ᠶᠢᠨ ᠬᠠᠮᠢᠶ᠋ᠷᠤᠯᠲᠠ ᠶᠢ ᠴᠢᠩᠭᠠᠳᠬᠠᠬᠤ᠂ ᠲᠠᠬᠢᠯᠲᠠ ᠣᠰᠤ ᠶᠢ ᠠᠰᠢᠭᠯᠠᠬᠤ ᠬᠦᠷᠢᠶ᠎ᠡ ᠴᠠᠷᠠᠭ᠎ᠠ ᠪᠠ ᠬᠡᠪᠴᠢᠶ᠎ᠡ ᠶᠢ ᠥᠷᠭᠡᠳᠭᠡᠬᠦ᠂ ᠲᠠᠬᠢᠯᠲᠠ ᠤᠰᠤᠨ ᠤ ᠦᠢᠯᠡᠳᠪᠦᠷᠢᠯᠡᠯ ᠤᠨ ᠳᠠᠮᠵᠢᠭᠤᠯᠵᠤ ᠲᠤᠬᠢᠷᠠᠭᠤᠯᠬᠤ ᠪᠡᠯᠡᠳᠭᠡᠮᠵᠢ ᠶᠢ ᠲᠡᠬᠦᠯᠳᠡᠷᠵᠢᠬᠦᠯᠬᠦ᠂ ᠲᠠᠬᠢᠯᠲᠠ ᠤᠰᠤ ᠶᠢ ᠠᠰᠢᠭᠯᠠᠬᠤ ᠲᠦᠷᠥ ᠶᠢᠨ ᠪᠤᠳᠤᠯᠭ᠎ᠠ ᠶᠢ ᠪᠠᠶᠢᠭᠤᠯᠤᠨ ᠲᠡᠬᠦᠯᠳᠡᠷᠵᠢᠬᠦᠯᠬᠦ ᠵᠡᠷᠭᠡ ᠲᠠᠪᠤᠨ ᠲᠠᠯ᠎ᠠ ᠠᠴᠠ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠲᠤᠷᠰᠢᠯᠲᠠ ᠶᠢᠨ ᠴᠡᠭ ᠤᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠪᠠ ᠳ᠋ᠦᠩᠨᠡᠨ ᠰᠢᠯᠭᠠᠬᠤ ᠶᠢ ᠴᠠᠭ ᠲᠤᠬᠠᠢ ᠳᠤ ᠨᠢ ᠲᠤᠬᠢᠷᠠᠭᠤᠯᠤᠨ ᠥᠷᠨᠢᠬᠦᠯᠵᠦ᠂ ᠲᠤᠷᠰᠢᠯᠲᠠ ᠶᠢᠨ ᠴᠡᠭ ᠤᠨ ᠬᠠᠷᠠᠯᠲᠠ ᠶᠢᠨ ᠡᠬᠦᠷᠭᠡ ᠶᠢ ᠲᠤᠭᠲᠠᠭᠰᠠᠨ ᠬᠤᠭᠤᠴᠠᠭᠠᠨ ᠳᠤ ᠪᠡᠶᠡᠯᠡᠬᠦᠯᠬᠦ ᠶᠢ ᠦᠨᠡᠨᠬᠦ ᠪᠠᠲᠤᠯᠠᠨ᠎ᠠ ᠭᠡᠵᠦ ᠢᠯᠡᠷᠬᠡᠶᠢᠯᠡᠪᠡ᠃ 
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号