ᠠᠷᠠᠳ ᠤᠨ ᠡᠳᠦᠷ ᠤᠨ ᠰᠣᠨᠢᠨ᠄ ᠬᠠᠲᠤᠨ ᠭᠤᠤᠯ ᠤᠨ ᠵᠠᠰᠠᠯᠲᠠ ᠶᠢᠨ ᠲᠡᠦᠬᠡ ᠶᠢ ᠪᠣᠳᠠᠲᠤ ᠲᠡᠮᠳᠡᠭᠯᠡᠯ ᠤᠨ ᠳᠦᠷᠰᠦ ᠪᠠᠷ ᠨᠢ ᠰᠡᠷᠭᠦᠭᠡᠵᠡᠢ
ᠨᠡᠶᠢᠲᠡᠯᠡᠭᠰᠡᠨ ᠴᠠᠭ᠄
2022/12/6
  ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠪᠣᠯ ᠬᠠᠲᠤᠨ ᠭᠤᠤᠯ ᠤᠨ ᠥᠯᠢᠭᠡᠷ ᠤᠨ ᠭᠤᠤᠯ ᠤᠷᠤᠰᠬᠠᠯ ᠮᠥᠨ᠃ ︽ᠬᠠᠲᠤᠨ ᠭᠤᠤᠯ ᠤᠨ ᠠᠮᠤᠷ ᠠᠮᠤᠭᠤᠯᠠᠩ︾ ᠨᠢ ︽ᠬᠠᠲᠤᠨ ᠭᠤᠤᠯ ᠠᠮᠤᠷ ᠲᠦᠪᠰᠢᠨ ᠪᠣᠯ ᠳᠡᠯᠡᠬᠡᠶ ᠳ᠋ᠠᠬᠢᠨ ᠠᠮᠤᠷ      ᠲᠠᠶᠢᠪᠤᠩ︾ ᠭᠡᠬᠦ ᠣᠲᠣ ᠦᠶ᠎ᠡ ᠶᠢᠨ ᠥᠯᠢᠭᠡᠷ ᠢ ᠠᠮᠵᠢᠯᠲᠠ ᠲᠠᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠬᠠᠲᠤᠨ ᠭᠤᠤᠯ ᠳᠠᠭᠠᠤ ᠶᠢᠨ ᠶᠢᠰᠦᠨ ᠮᠤᠵᠢ ᠣᠷᠣᠨ ᠤ ᠶᠡᠭᠡ ᠬᠠᠮᠠᠭᠠᠯᠠᠯᠲᠠ ᠶᠢ ᠬᠠᠮᠲᠤ ᠪᠠᠷ ᠰᠠᠶᠢᠲᠤᠷ ᠠᠳᠬᠤᠬᠤ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠬᠤ ᠰᠦᠷ ᠳᠠᠯᠠᠶᠢᠴᠠᠲᠠᠶ ᠠᠬᠤᠶ ᠪᠠᠶᠢᠳᠠᠯ ᠢ ᠲᠣᠭᠲᠠᠭᠠᠪᠠ᠃  ᠪᠠᠷᠢᠮᠲᠠᠲᠤ ᠹᠢᠯᠢᠮ ︽ᠬᠠᠲᠤᠨ ᠭᠤᠤᠯ ᠤᠨ ᠠᠮᠤᠷ ᠠᠮᠤᠭᠤᠯᠠᠩ︾ ᠨᠢ ︽ᠤᠯᠤᠰ ᠤᠨ ᠤᠯᠤᠰ ᠤᠨ ᠰᠤᠳᠠᠰᠤ ᠥᠨᠢ ᠡᠭᠦᠷᠢᠳᠡ︾᠂ ︽ᠠᠶᠤᠯ ᠲᠦᠭᠰᠢᠭᠦᠷᠢ ᠶᠢ ᠬᠦᠴᠦᠯᠡᠨ ᠲᠤᠭᠤᠯᠤᠭᠰᠠᠨ︾᠂ ︽ᠤᠰᠤᠨ ᠤ ᠬᠡᠮᠵᠢᠶ᠎ᠡ ᠪᠠᠷ ᠬᠢᠬᠦ︾᠂ ︽ᠳᠠᠬᠢᠨ ᠪᠢᠯᠬᠠᠮ᠎ᠠ ᠴᠠᠯᠬᠢᠮ᠎ᠠ︾᠂ ︽ᠬᠥᠭᠵᠢᠯᠲᠡ ᠶᠢᠨ ᠰᠢᠨ᠎ᠡ ᠵᠠᠮ︾᠂ ︽ᠵᠣᠯ ᠵᠢᠷᠭᠠᠯᠲᠤ ᠣᠷᠳᠣ ᠭᠤᠤᠯ︾ ᠵᠡᠷᠭᠡ 6 ᠪᠦᠯᠦᠭ ᠢᠶᠠᠷ ᠬᠠᠲᠤᠨ ᠭᠤᠤᠯ ᠪᠣᠯᠤᠨ ᠳᠤᠮᠳᠠᠳᠤ ᠶᠢᠨ ᠪᠣᠯᠪᠠᠰᠤᠨ ᠤ ᠬᠤᠭᠤᠷᠣᠨᠳᠣᠬᠢ ᠲᠡᠦᠬᠡ ᠶᠢᠨ ᠬᠤᠯᠪᠣᠭ᠎ᠠ ᠶᠢ ᠲᠣᠭᠠᠴᠢᠵᠤ᠂ ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠰᠠᠪᠠ ᠭᠠᠵᠠᠷ ᠤᠨ ︽ᠬᠠᠲᠤᠨ ᠭᠤᠤᠯ ᠤᠨ ᠠᠮᠤᠷ ᠠᠮᠤᠭᠤᠯᠠᠩ︾ ᠤᠨ ᠲᠣᠭᠤᠷᠢᠨ ᠳᠤ ᠭᠠᠷᠭᠠᠭᠰᠠᠨ ᠴᠥᠬᠦᠷᠡᠰᠢ ᠥᠬᠡᠶ ᠴᠢᠷᠮᠠᠶᠢᠯᠭ᠎ᠠ ᠶᠢ ᠢᠯᠡᠷᠡᠭᠦᠯᠵᠦ᠂ ᠬᠠᠲᠤᠨ ᠭᠤᠤᠯ ᠤᠨ ᠦᠨ᠎ᠡ ᠥᠷᠲᠡᠭ ᠢ ᠭᠦᠨᠵᠡᠭᠡᠶ ᠠᠭᠤᠳᠠᠯᠬᠤ᠂ ᠬᠠᠲᠤᠨ ᠭᠤᠤᠯ ᠤᠨ ᠥᠯᠢᠭᠡᠷ ᠢ ᠰᠠᠶᠢᠲᠤᠷ ᠶᠠᠷᠢᠬᠤ᠂ ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠴᠢᠨᠠᠷ ᠰᠠᠶᠢᠲᠠᠶ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠬᠤ ᠳᠤ ᠴᠢᠬᠤᠯᠠ ᠰᠡᠩᠬᠡᠷᠡᠭᠦᠯᠦᠯ ᠬᠠᠩᠭᠠᠭᠰᠠᠨ ᠪᠠᠶᠢᠨ᠎ᠠ᠃  ︽ᠬᠠᠳᠤᠨ ᠭᠤᠤᠯ ᠤᠨ ᠠᠮᠤᠷ ᠠᠮᠤᠭᠤᠯᠠᠩ︾ ᠨᠢ ᠪᠣᠯᠪᠠᠰᠤᠨ ᠲᠡᠦᠬᠡ ᠶᠢᠨ ᠶᠡᠭᠡ ᠬᠠᠷᠠᠭᠠᠰᠤ ᠠᠴᠠ ᠬᠠᠳᠤᠨ ᠭᠤᠤᠯ ᠤᠨ ᠠᠤᠭ᠎ᠠ ᠶᠡᠭᠡ ᠬᠦᠦᠷᠨᠢᠯ ᠢ ᠳᠠᠬᠢᠨ ᠴᠣᠭᠴᠠᠯᠠᠪᠠ᠃ ᠬᠠᠲᠤᠨ ᠭᠤᠣᠯ ᠴᠠᠯᠭᠢᠯᠠᠨ ᠤᠷᠤᠰᠴᠤ᠂ ᠦᠶ᠎ᠡ ᠦᠶ᠎ᠡ ᠶᠢᠨ ᠳᠤᠮᠳᠠᠳᠤ ᠶᠢᠨ ᠬᠥᠪᠡᠭᠦᠳ ᠥᠬᠢᠳ ᠢ ᠬᠥᠮᠦᠵᠢᠭᠦᠯᠵᠦ᠂ ᠭᠡᠷᠡᠯ ᠰᠠᠴᠤᠷᠠᠩᠭᠤᠢ ᠳᠤᠮᠳᠠᠳᠤ ᠶᠢᠨ ᠪᠣᠯᠪᠠᠰᠤᠨ ᠢ ᠪᠤᠶᠢᠵᠢᠭᠤᠯᠪᠠ᠃ ᠪᠠᠷᠢᠮᠲᠠᠲᠤ ᠹᠢᠯᠢᠮ ᠨᠢ ᠣᠯᠠᠨ ᠡᠰᠢᠴᠢᠯᠡᠭᠰᠡᠨ ᠬᠠᠷᠠᠭᠠᠰᠤ ᠠᠴᠠ ᠬᠠᠲᠤᠨ ᠭᠤᠤᠯ ᠪᠣᠯᠤᠨ ᠳᠤᠮᠳᠠᠳᠤ ᠶᠢᠨ ᠦᠨᠳᠦᠰᠦᠲᠡᠨ ᠤ ᠡᠭᠦᠰᠦᠯ ᠬᠥᠭᠵᠢᠯᠲᠡ ᠶᠢᠨ ᠬᠤᠭᠤᠷᠣᠨᠳᠣᠬᠢ ᠨᠢᠭᠲᠠ ᠬᠠᠷᠢᠴᠠᠭ᠎ᠠ ᠶᠢ ᠰᠢᠰᠲ᠋ᠧᠮ ᠲᠠᠢ ᠮᠥᠷᠳᠡᠪᠡ᠃ ᠱᠠᠨ ᠰᠢ ᠶᠢᠨ ᠷᠦᠢ ᠴᠧᠩ ᠤᠨ ᠰᠢ ᠾᠧᠦ ᠳ᠋ᠦ᠋ ᠶᠢᠨ ᠪᠠᠭᠤᠷᠢ ᠶᠢᠨ ᠠᠮᠢᠳᠠᠨ ᠤ ᠰᠢᠲᠠᠭᠠᠭᠰᠠᠨ ᠶᠠᠰᠤ ᠠᠴᠠ ᠭᠠᠨᠰᠦ ᠶᠢᠨ ᠳ᠋ᠠ ᠳ᠋ᠢ ᠸᠠᠨ ᠤ ᠪᠠᠭᠤᠷᠢ ᠳᠠᠬᠢ ᠨᠡᠭᠦᠷᠡᠰᠦᠵᠢᠭᠰᠡᠨ ᠠᠮᠤ ᠪᠤᠳᠠᠭ᠎ᠠ      ᠬᠦᠷᠲᠡᠯ᠎ᠡ᠂ ᠲᠠᠬᠢᠭᠠᠳ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠨ ᠰᠢᠨᠵᠢᠯᠡᠬᠦ ᠢᠨᠵᠧᠨᠧᠷᠢᠩ ᠤᠨ ᠡᠯ ᠯᠢ ᠳᠧᠦ ᠶᠢᠨ ᠬᠠᠭᠤᠴᠢ ᠰᠤᠳᠤᠯᠤᠯ ᠤᠨ ᠪᠠᠭᠤᠷᠢ ᠬᠦᠷᠲᠡᠯ᠎ᠡ᠂ ᠬᠠᠮᠤᠭ ᠤᠨ ᠰᠢᠨ᠎ᠡ ᠬᠠᠭᠤᠴᠢ ᠰᠤᠳᠤᠯᠤᠯ ᠤᠨ ᠢᠯᠡᠷᠡᠭᠦᠯᠦᠯᠲᠡ ᠪᠠ ᠰᠤᠳᠤᠯᠭᠠᠨ ᠤ ᠦᠷ᠎ᠡ ᠪᠦᠲᠦᠭᠡᠯ ᠢ ᠶᠡᠭᠡ ᠬᠡᠮᠵᠢᠶ᠎ᠡ ᠪᠠᠷ ᠬᠡᠷᠡᠭᠯᠡᠵᠦ᠂ ᠦᠵᠡᠭᠴᠢᠳ ᠢ ᠳᠠᠭᠠᠭᠤᠯᠤᠨ ᠲᠡᠦᠬᠡ ᠶᠢᠨ ᠮᠠᠨᠠᠨ ᠢ ᠨᠡᠪᠲᠡᠯᠦᠨ᠂ ᠪᠣᠯᠪᠠᠰᠤᠨ ᠤ ᠡᠬᠢ ᠡᠭᠦᠰᠦᠯ ᠢ ᠰᠢᠨᠵᠢᠯᠡᠨ ᠰᠤᠳᠤᠯᠪᠠ᠃  ᠬᠠᠲᠤᠨ ᠭᠤᠣᠯ ᠤᠨ ᠰᠣᠶᠣᠯ ᠤᠨ ᠲᠡᠦᠬᠡ ᠶᠢᠨ ᠲᠤᠬᠠᠶ ᠲᠣᠭᠠᠴᠢᠯᠲᠠ ᠳᠤ ᠳᠣᠮᠤᠭ ᠪᠠ ᠪᠣᠳᠠᠲᠤ ᠠᠬᠤᠶ ᠰᠣᠯᠪᠢᠴᠠᠨ ᠭᠡᠷᠡᠯᠲᠦᠵᠦ᠂ ᠡᠷᠲᠡᠨ ᠤ ᠳᠤᠮᠳᠠᠳᠤ ᠶᠢᠨ ᠦᠨᠳᠦᠰᠦᠲᠡᠨ ᠬᠠᠲᠤᠨ ᠭᠤᠣᠯ ᠲᠠᠢ ᠬᠡᠳᠦᠨ ᠮᠢᠩᠭᠠᠨ ᠵᠢᠯ ᠬᠠᠮᠲᠤ ᠪᠠᠶᠢᠵᠤ᠂ ᠡᠯᠪᠡᠭ ᠪᠠᠶᠠᠯᠢᠭ ᠣᠯᠠᠨ ᠡᠰᠢᠲᠦ ᠬᠥᠮᠦᠨ ᠰᠣᠶᠣᠯ ᠤᠨ ᠵᠣᠷᠢᠭ ᠰᠠᠨᠠᠭ᠎ᠠ ᠪᠠ ᠠᠮᠢ ᠨᠠᠰᠤᠨ ᠤ ᠬᠠᠶᠢᠷ᠎ᠠ ᠰᠡᠳᠬᠢᠯᠭᠡ ᠶᠢ ᠪᠤᠶ ᠪᠣᠯᠭᠠᠭᠰᠠᠨ ᠢ ᠪᠢᠳᠡ ᠣᠯᠵᠤ ᠬᠠᠷᠠᠯ᠎ᠠ᠃ ᠪᠠᠶᠢᠭᠠᠯᠢ ᠶᠢᠨ ᠭᠠᠮᠰᠢᠭ ᠲᠠᠢ ᠲᠡᠮᠡᠴᠡᠬᠦ ᠳᠤᠮᠳᠠ᠂ ᠣᠨᠴᠠ ᠪᠠᠶᠢᠳᠠᠭ ᠣᠶᠤᠨ ᠰᠠᠨᠠᠭᠠᠨ ᠤ ᠴᠤᠭ ᠰᠦᠯᠳᠡ ᠶᠢ ᠨᠢᠭᠲᠠᠷᠠᠭᠤᠯᠵᠤ᠂ ᠲᠠᠰᠤᠷᠠᠯᠲᠠ ᠥᠬᠡᠶ ᠦᠷᠭᠦᠯᠵᠢᠯᠡᠭᠦᠯᠬᠦ ᠬᠡᠷᠡᠭᠲᠡᠶ᠃  ᠬᠠᠳᠤᠨ ᠭᠤᠤᠯ ᠤᠨ ᠵᠠᠰᠠᠯᠲᠠ ᠶᠢᠨ ᠲᠡᠦᠬᠡ ᠶᠢ ᠠᠮᠢᠳᠤᠯᠢᠭ ᠢᠶᠠᠷ ᠪᠣᠳᠠᠲᠤ ᠲᠡᠮᠳᠡᠭᠯᠡᠯ ᠤᠨ ᠳᠦᠷᠰᠦ ᠪᠠᠷ ᠰᠡᠷᠭᠦᠭᠡᠬᠦ ᠬᠡᠷᠡᠭᠲᠡᠶ᠃ ᠡᠷᠲᠡᠨ ᠠᠴᠠ ᠠᠪᠤᠭᠠᠳ᠂ ᠳᠤᠮᠳᠠᠳᠤ ᠶᠢᠨ ᠦᠨᠳᠦᠰᠦᠲᠡᠨ ᠬᠠᠲᠤᠨ ᠭᠤᠣᠯ ᠤᠨ ᠦᠶᠡᠷ ᠤᠰᠤᠲᠤᠯ ᠭᠠᠩ ᠬᠠᠭᠰᠠᠷᠠᠭᠠᠨ ᠲᠠᠢ ᠲᠡᠮᠡᠴᠡᠯ ᠬᠢᠭᠰᠡᠭᠡᠷ ᠢᠷᠡᠵᠡᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠨᠠᠮ ᠪᠠ ᠤᠯᠤᠰ ᠠᠴᠠ ᠬᠠᠲᠤᠨ ᠭᠤᠤᠯ ᠤᠨ ᠵᠠᠰᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠬᠠᠲᠤᠨ ᠭᠤᠤᠯ ᠤᠨ ᠰᠠᠪᠠ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠢᠯᠡᠳᠲᠡ ᠬᠤᠪᠢᠷᠠᠯᠲᠠ ᠭᠠᠷᠴᠠᠶ᠃ ︽ᠬᠠᠲᠤᠨ ᠭᠤᠤᠯ ᠤᠨ ᠬᠥᠮᠦᠨ᠂ ᠬᠠᠲᠤᠨ ᠭᠤᠤᠯ ᠤᠨ ᠶᠠᠪᠤᠳᠠᠯ︾ ᠢ ᠲᠣᠳᠣᠷᠬᠠᠶ ᠶᠠᠷᠢᠵᠤ᠂ ᠭᠤᠶᠢᠳᠠ ᠰᠠᠶᠢᠬᠠᠨ ᠶᠠᠷᠢᠬᠤ ᠶᠢᠨ ᠲᠥᠯᠥᠭᠡ᠂ ᠵᠣᠬᠢᠶᠠᠨ ᠪᠦᠲᠦᠭᠡᠬᠦ ᠪᠦᠯᠬᠦᠮ ᠰᠢᠨᠵᠢᠯᠡᠬᠦ ᠤᠬᠠᠭᠠᠨᠴᠢ ᠬᠠᠷᠠᠭᠠᠰᠤ ᠪᠠ ᠴᠢᠩᠭ᠎ᠠ ᠨᠢᠮᠪᠠᠶ ᠰᠡᠳᠬᠢᠬᠦᠶ ᠶᠢ ᠪᠠᠷᠢᠮᠲᠠᠯᠠᠵᠤ᠂ ᠮᠠᠲ᠋ᠧᠷᠢᠶᠠᠯ ᠴᠤᠭᠯᠠᠭᠤᠯᠬᠤ ᠪᠠ ᠪᠢᠴᠢᠭ ᠮᠠᠲ᠋ᠧᠷᠢᠶᠠᠯ ᠪᠢᠴᠢᠬᠦ ᠲᠠᠯ᠎ᠠ ᠪᠠᠷ ᠭᠦᠶ᠋ᠴᠡᠳ ᠬᠦᠴᠦ ᠲᠠᠯᠪᠢᠪᠠ᠃ 3 ᠵᠢᠯ ᠤᠨ ᠬᠤᠭᠤᠴᠠᠭᠠᠨ ᠳᠤ᠂ ᠰᠡᠭᠦᠳᠡᠷᠯᠡᠬᠦ ᠳᠤᠭᠤᠶᠢᠯᠠᠩ ᠾᠧᠨᠠᠨ᠂ ᠱᠠᠨᠰᠢ᠂ ᠭᠠᠨᠰᠦ᠂ ᠰᠧᠴᠤᠸᠠᠨ ᠵᠡᠷᠭᠡ 9 ᠮᠤᠵᠢ ᠣᠷᠣᠨ ᠤ 40 ᠭᠠᠷᠤᠶ ᠬᠤᠲᠠ ᠳᠤ ᠬᠦᠷᠴᠦ᠂ ᠤᠷᠢᠳ ᠬᠤᠵᠢᠳ 5 ᠤᠳᠠᠭ᠎ᠠ ᠭᠤᠷᠪᠠᠨ ᠮᠥᠷᠡᠨ ᠤ ᠡᠬᠢ ᠳᠤ ᠭᠦᠨᠵᠡᠭᠡᠶᠢᠷᠡᠨ᠂ ᠳ᠋ᠦᠩ ᠶᠢᠩ ᠬᠠᠲᠤᠨ ᠭᠤᠤᠯ ᠤᠨ ᠲᠡᠯᠡᠶ ᠳᠤ ᠣᠷᠣᠬᠤ ᠭᠠᠵᠠᠷ ᠢᠶᠠᠷ ᠰᠤᠷᠪᠤᠯᠵᠢᠯᠠᠵᠤ᠂ ᠮᠠᠰᠢ ᠣᠯᠠᠨ ᠤᠰᠤᠨ ᠵᠦᠶ ᠶᠢᠨ ᠠᠵᠢᠯᠲᠠᠨ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨᠲᠠᠨ ᠪᠣᠯᠤᠨ ᠡᠩ ᠤᠨ ᠠᠷᠠᠳ ᠣᠯᠠᠨ ᠢ ᠰᠤᠷᠪᠤᠯᠵᠢᠯᠠᠵᠤ᠂ ᠶᠡᠭᠡ ᠬᠡᠮᠵᠢᠶᠡᠨ ᠤ ᠬᠤᠪᠣᠷ ᠨᠠᠨᠳᠢᠨ ᠮᠠᠲ᠋ᠧᠷᠢᠶᠠᠯ ᠴᠤᠭᠯᠠᠭᠤᠯᠤᠭᠰᠠᠨ ᠪᠠᠶᠢᠨ᠎ᠠ᠃ ᠪᠦᠲᠦᠭᠡᠯ ᠨᠢ ᠲᠡᠦᠬᠡ ᠶᠢᠨ ᠮᠠᠲ᠋ᠧᠷᠢᠶᠠᠯ ᠢᠶᠠᠷ ᠢᠳᠡᠪᠬᠢᠵᠢᠭᠦᠯᠬᠦ ᠪᠠ ᠲᠤᠰᠬᠠᠢ ᠮᠡᠷᠭᠡᠵᠢᠯᠲᠡᠨ ᠢᠶᠠᠷ ᠰᠤᠷᠪᠤᠯᠵᠢᠯᠠᠨ ᠶᠠᠷᠢᠯᠴᠠᠭᠤᠯᠬᠤ ᠬᠡᠯᠪᠡᠷᠢ ᠪᠠᠷ ᠳᠠᠮᠵᠢᠨ᠂ ᠡᠷᠲᠡᠨ ᠠᠴᠠ ᠨᠠᠭᠠᠰᠢᠬᠢ ᠬᠠᠳᠤᠨ ᠭᠤᠣᠯ ᠤᠨ ᠵᠠᠰᠠᠯᠲᠠ ᠶᠢᠨ ᠶᠡᠭᠡ ᠬᠦᠴᠢᠷ ᠠᠰᠠᠭᠤᠳᠠᠯ ᠳᠤ ᠰᠢᠭᠤᠳ ᠬᠠᠨᠳᠤᠵᠤ᠂ ᠬᠠᠳᠤᠨ ᠭᠤᠣᠯ ᠤᠨ ᠰᠡᠲᠡᠯᠦᠭᠰᠡᠨ᠂ ᠦᠶᠡᠷᠯᠡᠭᠰᠡᠨ᠂ ᠵᠠᠮ ᠢᠶᠠᠨ ᠥᠭᠡᠷᠡᠴᠢᠯᠡᠭᠰᠡᠨ ᠵᠢᠴᠢ ᠴᠥᠬᠦᠷᠡᠰᠢ ᠦᠭᠡᠢ ᠵᠠᠰᠠᠯᠲᠠ ᠪᠠᠷ ᠳᠠᠮᠵᠢᠨ ᠬᠠᠳᠤᠨ ᠭᠤᠣᠯ ᠤᠨ ᠠᠮᠤᠷ ᠠᠮᠤᠭᠤᠯᠠᠩ ᠢ ᠪᠡᠶᠡᠯᠡᠭᠦᠯᠦᠭᠰᠡᠨ ᠲᠡᠦᠬᠡᠨ ᠶᠠᠪᠤᠴᠠ ᠶᠢ ᠲᠣᠭᠠᠴᠢᠪᠠ᠃  ᠪᠠᠷᠢᠮᠲᠠᠲᠤ ᠹᠢᠯᠢᠮ ᠤᠨ ᠪᠣᠳᠠᠲᠤ ᠲᠡᠮᠳᠡᠭᠯᠡᠯ ᠤᠨ ᠣᠨᠴᠠᠯᠢᠭ ᠢ ᠭᠦᠶ᠋ᠴᠡᠳ ᠪᠠᠳᠠᠷᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠦᠨᠳᠦᠰᠦᠨ ᠱᠠᠲᠤᠨ ᠤ ᠨᠡᠶᠢᠭᠡᠮ ᠲᠣᠭᠤᠷᠢᠭ ᠪᠠ ᠰᠠᠪᠠ ᠭᠠᠵᠠᠷ ᠢ ᠵᠠᠰᠠᠬᠤ ᠡᠮᠦᠨ᠎ᠡ ᠹᠷᠣᠨᠲ ᠤᠨ ᠲᠡᠶᠢᠨ ᠤ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠪᠡ᠃ ᠪᠠᠷᠢᠮᠲᠠᠲᠤ ᠹᠢᠯᠢᠮ ᠨᠢ ᠱᠠᠨᠳᠦ᠋ᠩ ᠤᠨ ᠳ᠋ᠦᠩ ᠶᠢᠩ ᠤᠨ ᠬᠠᠲᠤᠨ ᠭᠤᠤᠯ ᠤᠨ ᠠᠮᠠ ᠪᠠᠯᠭᠠᠰᠤᠨ ᠤ ᠨᠢᠭᠡᠨ ᠣᠩᠭᠤᠴᠠᠴᠢᠨ ᠤ ᠬᠠᠷᠠᠭᠠᠨ ᠥᠨᠴᠥᠭ ᠢᠶᠠᠷ ᠳᠠᠮᠵᠢᠭᠤᠯᠤᠨ᠂ ᠬᠠᠲᠤᠨ ᠭᠤᠤᠯ ᠤᠨ ᠤᠷᠤᠰᠬᠠᠯ ᠲᠠᠰᠤᠷᠠᠭᠰᠠᠨ ᠠᠴᠠ ᠵᠠᠮ ᠳᠠᠭᠠᠤ ᠶᠢᠨ ᠠᠷᠠᠳ ᠲᠦᠮᠡᠨ ᠳᠤ ᠤᠴᠠᠷᠠᠭᠤᠯᠤᠭᠰᠠᠨ ᠪᠣᠳᠠᠲᠠᠶ ᠬᠦᠴᠢᠷᠳᠡᠯ ᠢ ᠶᠠᠷᠢᠵᠤ᠂ ᠱᠠᠨ ᠰᠢ ᠶᠢᠨ ᠯᠢᠦ ᠯᠢᠨ ᠰᠢᠶᠠᠨ ᠤ ᠲᠠᠷᠢᠶᠠᠴᠢᠳ ᠬᠠᠳᠤᠨ ᠭᠤᠤᠯ ᠤᠨ ᠤᠰᠤ ᠶᠢ ᠨᠢᠳᠦ ᠪᠠᠨ ᠪᠦᠯᠲᠡᠶᠢᠯᠭᠡᠨ ᠬᠠᠷᠠᠵᠤ᠂ ᠲᠩᠷᠢ ᠶᠢ ᠲᠦᠰᠢᠨ ᠬᠤᠭᠤᠯᠠ ᠢᠳᠡᠬᠦ ᠠᠴᠠ ᠰᠢᠨ᠎ᠡ ᠤᠰᠤᠯᠠᠯᠲᠠ ᠶᠢᠨ ᠮᠡᠷᠭᠡᠵᠢᠯ ᠢᠶᠠᠷ ᠶᠠᠳᠠᠭᠤ ᠠᠴᠠ ᠠᠩᠭᠢᠵᠢᠷᠠᠨ ᠪᠠᠶᠠᠵᠢᠬᠤ ᠬᠦᠷᠲᠡᠯ᠎ᠡ ᠬᠤᠪᠢᠷᠠᠯᠲᠠ ᠶᠢ ᠶᠠᠷᠢᠪᠠ᠃ ᠬᠤᠶᠠᠳᠤᠭᠠᠷ ᠪᠦᠯᠦᠭ ︽ᠠᠶᠤᠯ ᠲᠦᠭᠰᠢᠭᠦᠷᠢ ᠶᠢ ᠬᠦᠴᠦᠯᠡᠨ ᠲᠤᠭᠤᠯᠤᠭᠰᠠᠨ︾ ᠨᠢ ᠠᠬᠠᠮᠠᠳ ᠤᠰᠤᠨ ᠠᠰᠢᠭᠯᠠᠯᠲᠠ ᠶᠢᠨ ᠵᠢᠳᠬᠦᠯᠲᠡᠨ ᠸᠠᠩ ᠬᠤᠸᠠ ᠶᠦᠨ ᠬᠤᠪᠢ ᠬᠥᠮᠦᠨ ᠤ ᠦᠯᠢᠭᠡᠷ ᠢᠶᠠᠷ ᠳᠠᠮᠵᠢᠭᠤᠯᠤᠨ᠂ ᠰᠠᠨ ᠮᠧᠨ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠰᠢᠨ᠎ᠡ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠦᠢᠯᠡᠰ ᠤᠨ ᠠᠤᠭ᠎ᠠ ᠶᠡᠭᠡ ᠬᠦᠦᠷᠨᠢᠯ ᠢ ᠲᠤᠰᠬᠠᠭᠰᠠᠨ ᠪᠠᠶᠢᠨ᠎ᠠ᠃  ᠰᠢᠨ᠎ᠡ ᠴᠠᠭ ᠦᠶ᠎ᠡ ᠶᠢᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠬᠠᠳᠤᠨ ᠭᠤᠣᠯ ᠤᠨ ᠦᠯᠢᠬᠡᠷ ᠤᠨ ᠭᠤᠣᠯ ᠤᠷᠤᠰᠬᠠᠯ ᠪᠣᠯᠤᠨ᠎ᠠ᠂ ︽ᠬᠠᠲᠤᠨ ᠭᠤᠤᠯ ᠤᠨ ᠠᠮᠤᠷ ᠠᠮᠤᠭᠤᠯᠠᠩ︾ ᠨᠢ ︽ᠬᠠᠲᠤᠨ ᠭᠤᠤᠯ ᠠᠮᠤᠷ ᠲᠦᠪᠰᠢᠨ ᠪᠣᠯ ᠳᠡᠯᠡᠬᠡᠶ ᠳ᠋ᠠᠬᠢᠨ ᠠᠮᠤᠷ       ᠲᠠᠶᠢᠪᠤᠩ︾ ᠭᠡᠬᠦ ᠤᠳᠤ ᠦᠶ᠎ᠡ ᠶᠢᠨ ᠦᠯᠢᠭᠡᠷ ᠢ ᠠᠮᠵᠢᠯᠲᠠ ᠲᠠᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠬᠠᠳᠤᠨ ᠭᠤᠣᠯ ᠳᠠᠭᠠᠤ ᠶᠢᠨ ᠶᠢᠰᠦᠨ ᠮᠤᠵᠢ ᠣᠷᠣᠨ ᠤ ᠶᠡᠭᠡ ᠬᠠᠮᠠᠭᠠᠯᠠᠯᠲᠠ ᠶᠢ ᠬᠠᠮᠲᠤ ᠪᠠᠷ ᠰᠠᠶᠢᠲᠤᠷ ᠠᠳᠬᠤᠵᠤ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠬᠤ ᠰᠦᠷ ᠳᠠᠯᠠᠶᠢᠴᠠᠲᠠᠢ ᠪᠠᠶᠢᠳᠠᠯ ᠢ ᠲᠣᠭᠲᠠᠭᠠᠪᠠ᠃ ᠬᠠᠲᠤᠨ ᠭᠤᠤᠯ ᠤᠨ ᠰᠠᠪᠠ ᠭᠠᠵᠠᠷ ᠢ ᠵᠠᠰᠠᠬᠤ ᠳᠤ ᠲᠡᠷᠢᠭᠦᠨ ᠤ ᠣᠨᠣᠯᠵᠢᠬᠤᠨ ᠪᠣᠯᠤᠨ ᠬᠤᠰᠢᠭᠤᠷᠠᠯ ᠮᠡᠷᠭᠡᠵᠢᠯ ᠢ ᠢᠳᠡᠪᠬᠢᠲᠡᠶ ᠪᠠᠷ ᠣᠷᠣᠭᠤᠯᠵᠤ ᠢᠷᠡᠨ᠂ ᠣᠳᠣ ᠦᠶ᠎ᠡ ᠶᠢᠨ ᠬᠠᠲᠤᠨ ᠭᠤᠤᠯ ᠢ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ ᠨᠢᠭᠡᠨ ᠭᠤᠤᠯ ᠮᠥᠷᠡᠨ ᠪᠣᠯᠭᠠᠨ ᠪᠠᠶᠢᠭᠤᠯᠬᠤ ᠶᠤᠮ᠃ ᠬᠠᠲᠤᠨ ᠭᠤᠣᠯ ᠤᠨ ᠵᠠᠰᠠᠯᠲᠠ ᠨᠢ ᠪᠠᠰᠠ ᠨᠢᠭᠡ ᠪᠦᠯᠦᠭ ᠰᠢᠨ᠎ᠡ ᠬᠡᠯᠪᠡᠷᠢ ᠶᠢᠨ ᠠᠵᠢᠯ ᠲᠦᠷᠦᠯ ᠢ ᠪᠤᠢ ᠪᠣᠯᠭᠠᠵᠤ᠂ ᠬᠠᠲᠤᠨ ᠭᠤᠣᠯ ᠤᠨ ᠬᠤᠶᠠᠷ ᠬᠥᠪᠡᠭᠡᠨ ᠤ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠪᠡ᠃ ᠹᠢᠯᠢᠮ ᠨᠢ ᠳᠡᠭᠡᠳᠦ ᠬᠡᠮᠵᠢᠶᠡᠨ ᠤ ᠠᠪᠰᠠᠷᠬᠠᠨ ᠦᠵᠡᠵᠦ ᠰᠣᠨᠣᠰᠬᠤ ᠦᠭᠡ ᠬᠡᠯᠡ ᠪᠠᠷ ᠨᠢᠭᠡ ᠪᠦᠯᠦᠭ ᠬᠠᠮᠤᠭ ᠤᠨ ᠰᠢᠨ᠎ᠡ ᠵᠠᠰᠠᠯᠲᠠ ᠶᠢᠨ ᠦᠷ᠎ᠡ ᠪᠦᠲᠦᠭᠡᠯ ᠢ ᠲᠣᠭᠤᠷᠢᠨ ᠦᠵᠡᠭᠦᠯᠵᠦ᠂ ᠦᠵᠡᠭᠳᠡᠯ ᠢᠶᠠᠷ ᠬᠠᠲᠤᠨ ᠭᠤᠤᠯ ᠤᠨ ᠠᠮᠢ ᠠᠬᠤᠶ ᠶᠢᠨ ᠡᠷᠡᠭᠦᠯ ᠪᠥᠭᠡᠳ ᠦᠷᠭᠦᠯᠵᠢᠯᠡᠬᠦ ᠬᠥᠭᠵᠢᠯᠲᠡ ᠶᠢᠨ ᠶᠡᠭᠡ ᠬᠤᠪᠢᠷᠠᠯᠲᠠ ᠶᠢ ᠲᠡᠮᠳᠡᠭᠯᠡᠪᠡ᠃ ᠭᠤᠷᠪᠠᠨ ᠮᠥᠷᠡᠨ ᠤ ᠡᠬᠢ ᠠᠪᠤᠭᠰᠠᠨ ᠤᠯᠤᠰ ᠤᠨ ᠴᠡᠴᠡᠷᠯᠢᠭ ᠪᠠᠶᠢᠭᠤᠯᠤᠭᠳᠠᠵᠤ᠂ ᠠᠯᠢ ᠤᠯᠠᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠨᠡᠶᠢᠲᠡᠯᠡᠭᠳᠡᠵᠦ᠂ ᠮᠠᠯᠴᠢᠳ ᠲᠠᠰᠢᠭᠤᠷ ᠢᠶᠠᠨ ᠲᠠᠯᠪᠢᠵᠤ᠂ ︽ᠠᠮᠢ ᠠᠬᠤᠢ ᠶᠢᠨ ᠠᠶᠠᠭ᠎ᠠ︾ ᠪᠠᠨ ᠡᠷᠭᠦᠵᠦ᠂ ᠲᠠᠯ᠎ᠠ ᠨᠤᠲᠤᠭ ᠲᠤ ᠠᠮᠢᠵᠢᠷᠠᠯ ᠤᠨ ᠬᠦᠴᠦᠨ ᠪᠢᠯᠬᠠᠵᠤ᠂ ᠭᠤᠣᠯ ᠮᠥᠷᠡᠨ ᠳᠠᠯᠠᠢ ᠲᠠᠩᠭᠢᠰ ᠤᠨ ᠠᠭᠤᠯᠵᠠᠷ ᠲᠤ ᠪᠠᠶᠢᠭ᠎ᠠ ᠬᠠᠳᠤᠨ ᠭᠤᠣᠯ ᠤᠨ ᠭᠤᠷᠪᠠᠯᠵᠢᠨ ᠬᠤᠶᠢᠭ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠨᠤᠭᠤ ᠭᠠᠵᠠᠷ ᠤᠨ ᠲᠠᠯᠠᠪᠠᠢ ᠵᠢᠯ ᠳᠠᠷᠠᠭᠠᠯᠠᠨ ᠳᠡᠭᠡᠭᠰᠢᠯᠡᠵᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢᠯᠡᠳᠲᠡ ᠨᠡᠮᠡᠭᠳᠡᠵᠦ᠂ ᠤᠢ ᠮᠣᠳᠣ ᠡᠪᠡᠰᠦ ᠪᠡᠯᠴᠢᠭᠡᠷ ᠢᠭ᠍ᠴᠤ ᠰᠠᠬᠤᠯᠢᠭ ᠪᠠᠶᠢᠬᠤ ᠰᠦᠷᠯᠢᠭ ᠰᠠᠶᠢᠬᠠᠨ ᠵᠢᠷᠤᠭ ᠳᠦᠷᠰᠦ ᠢᠯᠡᠷᠡᠪᠡ᠃ ᠠᠯᠢ ᠤᠯᠠᠨ ᠦᠨᠡᠨ ᠪᠣᠳᠠᠲᠠᠢ ᠬᠡᠷᠡᠭ ᠤᠨ ᠵᠢᠱᠢᠶ᠎ᠡ᠂ ᠠᠯᠢ ᠤᠯᠠᠨ ᠠᠮᠢᠳᠤᠯᠢᠭ ᠨᠠᠷᠢᠨ ᠵᠦᠢᠯᠡᠰ ᠨᠢ ᠬᠠᠳᠤᠨ ᠭᠤᠣᠯ ᠤᠨ ᠵᠠᠰᠠᠯᠲᠠ ᠪᠣᠯᠤᠨ ᠬᠠᠳᠤᠨ ᠭᠤᠣᠯ ᠤᠨ ᠰᠠᠪᠠ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠯᠤᠭᠰᠠᠨ ᠯᠤᠲᠤ ᠶᠡᠭᠡ ᠠᠮᠵᠢᠯᠲᠠ ᠶᠢ ᠭᠡᠷᠡᠴᠢᠯᠡᠵᠦ ᠪᠠᠶᠢᠨ᠎ᠠ᠃  ︽ᠬᠠᠲᠤᠨ ᠭᠤᠤᠯ ᠤᠨ ᠠᠮᠤᠷ ᠠᠮᠤᠭᠤᠯᠠᠩ︾ ᠨᠢ ᠪᠠᠷᠢᠮᠲᠠᠲᠤ ᠹᠢᠯᠢᠮ ᠵᠣᠬᠢᠶᠠᠨ ᠪᠦᠲᠦᠭᠡᠬᠦ ᠬᠠᠷᠠᠭ᠎ᠠ ᠶᠢ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠬᠠᠮᠲᠤ ᠶᠢᠨ ᠲᠠᠨᠢᠯᠲᠠ ᠶᠢ ᠴᠢᠩᠭᠠᠳᠬᠠᠬᠤ᠂ ᠳᠤᠮᠳᠠᠳᠤ ᠤᠯᠤᠰ ᠤᠨ ᠥᠯᠢᠭᠡᠷ ᠢ ᠥᠷᠭᠡᠳᠬᠡᠬᠦ ᠭᠦᠨᠴᠡ ᠥᠷᠭᠡᠴᠡ ᠶᠢ ᠢᠳᠡᠪᠬᠢᠲᠡᠶ ᠰᠦᠪᠡᠭᠴᠢᠯᠡᠪᠡ᠃  
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号