︽ᠣᠲᠣ᠂ ᠵᠥᠪᠬᠡᠨ 10 ᠮᠢᠨᠦ᠋ᠲ ᠲᠠᠢ ᠪᠣᠯ ᠳᠠᠷᠤᠶ ᠪᠦᠬᠦ᠋ᠢᠯᠡ ᠤᠰᠤᠯᠠᠯᠲᠠ ᠶᠢᠨ ᠣᠷᠣᠨ ᠤ 80 | ᠺᠢᠯᠣᠮᠧᠳ᠋ᠷ ᠰᠢᠬᠠᠮ ᠤᠨ ᠭᠤᠤᠯ ᠰᠤᠪᠠᠭ ᠢ ᠨᠢᠭᠡ ᠤᠳᠠᠭ᠎ᠠ ᠴᠠᠭᠳᠠᠨ ᠪᠠᠶᠢᠴᠠᠭᠠᠵᠤ ᠪᠣᠯᠤᠨ᠎ᠠ᠃ ᠥᠩᠭᠡᠷᠡᠭᠰᠡᠨ ᠳᠤ | ᠬᠥᠮᠦᠰ ᠢ ᠬᠡᠳᠦᠨ ᠳᠤᠭᠤᠶᠢᠯᠠᠩ ᠬᠤᠪᠢᠶᠠᠵᠤ ᠬᠡᠳᠦᠨ ᠡᠳᠦᠷ ᠶᠠᠪᠤᠳᠠᠭ ᠪᠠᠶᠢᠪᠠ᠃ ︿ ᠲᠣᠭᠠᠴᠢᠯᠠᠭᠰᠠᠨ ᠵᠢᠭᠦᠷ﹀ | ᠤᠭᠰᠠᠷᠠᠭᠰᠠᠨ ᠠᠴᠠ ᠨᠠᠭᠠᠰᠢ᠂ ᠠᠵᠢᠯ ᠤᠨ ᠦᠷ᠎ᠡ ᠪᠦᠲᠦᠮᠵᠢ ᠶᠡᠭᠡ ᠪᠠᠷ ᠳᠡᠭᠡᠭᠰᠢᠯᠡᠪᠡ︕︾ ᠭᠠᠨᠰᠦ ᠶᠢᠨ ᠱᠦᠯᠧ | ᠡᡁᠧ ᠴᠠᠩ ᠮᠠ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠭᠠᠵᠠᠷ ᠤᠨ ᠺᠠᠳ᠋ᠷ ᠯᠢ ᠢᠦ᠋ᠢ ᠵᠢᠶᠦ᠋ᠨ ᠠᠴᠠ | ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠶᠢᠨ ᠳᠥᠭᠦᠮ ᠳᠥᠲᠡ ᠶᠢ ᠮᠡᠳᠡᠷᠡᠪᠡ᠃ | ᠲᠡᠭᠦᠨ ᠤ ᠬᠡᠯᠡᠭᠰᠡᠨ ᠡᠨᠡ ᠬᠤᠣᠰ ︽ᠵᠢᠭᠦᠷ︾ ᠨᠢ ᠱᠦᠯᠧ ᠭᠤᠣᠯ ᠤᠨ ︽ᠢᠬᠡᠷ᠎ᠡ ᠬᠡᠪᠯᠡᠯ︾ ᠪᠣᠯᠤᠨ᠎ᠠ᠃ | ᠡᠨᠡ ᠵᠢᠯ ᠤᠨ 2 ᠰᠠᠷ᠎ᠠ ᠳᠤ᠂ ᠱᠦᠯᠧ ᠭᠤᠤᠯ ᠤᠰᠤᠨ ᠠᠰᠢᠭᠯᠠᠯᠲᠠ ᠶᠢᠨ ᠶᠠᠮᠤᠨ ᠤ ᠲᠣᠭᠠᠴᠢᠯᠠᠭᠰᠠᠨ ᠢᠬᠡᠷ᠎ᠡ | ᠰᠠᠪᠠ ᠭᠠᠵᠠᠷ ᠤᠨ ᠪᠥᠲᠥᠭᠡᠨ ᠪᠠᠶᠢᠭᠤᠯᠤᠯᠲᠠ ᠳᠤ ᠪᠥᠬᠦ ᠤᠯᠤᠰ ᠲᠤ ᠤᠷᠢᠳ ᠢᠶᠠᠷ ᠲᠤᠷᠰᠢᠨ ᠠᠵᠢᠯᠯᠠᠬᠤ ᠪᠠᠷ | ᠰᠣᠩᠭᠤᠭᠳᠠᠪᠠ᠃ ᠲᠣᠭᠠᠴᠢᠯᠠᠭᠰᠠᠨ ᠢᠬᠡᠷ᠎ᠡ ᠰᠠᠪᠠ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠹᠢᠽᠢᠺ ᠤᠨ ᠰᠠᠪᠠ | ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠨᠢᠭᠡᠴᠢ ᠪᠣᠯᠭᠠᠵᠤ᠂ ᠴᠠᠭ ᠪᠠ ᠣᠷᠣᠨ ᠵᠠᠶ ᠶᠢᠨ ᠲᠤᠭ᠎ᠠ ᠪᠠᠷᠢᠮᠲᠠ ᠪᠠᠷ | ᠰᠠᠭᠤᠷᠢ ᠪᠣᠯᠭᠠᠵᠤ᠂ ᠲᠣᠭᠠᠨ ᠤ ᠤᠬᠠᠭᠠᠨ ᠤ ᠵᠠᠭᠪᠤᠷ ᠢᠶᠠᠷ ᠭᠤᠤᠯ ᠪᠣᠯᠭᠠᠨ᠂ ᠤᠰᠤᠨ ᠠᠰᠢᠭᠯᠠᠯᠲᠠ ᠶᠢᠨ | ᠮᠡᠳᠡᠯᠭᠡ ᠪᠠᠷ ᠬᠥᠳᠡᠯᠭᠡᠭᠦᠷ ᠪᠣᠯᠭᠠᠵᠤ᠂ ᠹᠢᠽᠢᠺ ᠤᠨ ᠰᠠᠪᠠ ᠭᠠᠵᠠᠷ ᠤᠨ ᠪᠥᠬᠦ ᠡᠯᠧᠮᠧᠨ᠋ᠲ ᠪᠠ ᠤᠰᠤᠨ | ᠠᠰᠢᠭᠯᠠᠯᠲᠠ ᠶᠢᠨ ᠵᠠᠰᠠᠯᠲᠠ ᠬᠠᠮᠢᠶᠠᠷᠤᠯᠲᠠ ᠶᠢᠨ ᠪᠥᠬᠦ ᠶᠠᠪᠤᠴᠠ ᠳᠤ ᠲᠣᠭᠠᠴᠢᠯᠠᠭᠰᠠᠨ ᠲᠤᠰᠬᠠᠯ᠂ ᠤᠶᠤᠨᠴᠢᠯᠠᠭᠰᠠᠨ | ᠳᠠᠭᠤᠷᠢᠶᠠᠮᠠᠯ ᠬᠢᠵᠦ᠂ ᠲᠣᠭᠠᠨ ᠤ ᠰᠠᠪᠠ ᠭᠠᠵᠠᠷ ᠬᠢᠭᠡᠳ ᠹᠢᠽᠢᠺ ᠤᠨ ᠰᠠᠪᠠ ᠭᠠᠵᠠᠷ ᠤᠨ ᠢᠵᠢᠯᠢ ᠠᠯᠬᠤᠮ ᠢᠶᠠᠷ | ᠳᠠᠭᠤᠷᠢᠶᠠᠨ ᠠᠵᠢᠯᠯᠠᠬᠤ᠂ ᠴᠠᠭ ᠲᠤᠬᠠᠶ ᠳᠤᠨᠢ ᠮᠡᠳᠡᠭᠡ ᠵᠠᠩᠭᠢ ᠰᠣᠯᠢᠯᠴᠠᠬᠤ ᠶᠢ ᠪᠡᠶᠡᠯᠡᠭᠦᠯᠦᠨ᠎ᠡ᠃ | ︽ᠲᠦᠬᠦᠮ ᠢᠶᠠᠷ ᠬᠡᠯᠡᠪᠡᠯ᠂ ᠲᠣᠭᠠᠨ ᠤ ᠶᠢᠷᠲᠢᠨᠴᠦ ᠳᠤ ᠰᠠᠪᠠ ᠭᠠᠵᠠᠷ ᠪᠤᠶᠤ ᠤᠰᠤᠨ ᠠᠰᠢᠭᠯᠠᠯᠲᠠ ᠶᠢᠨ | ᠪᠠᠷᠢᠯᠭ᠎ᠠ ᠳᠤ ᠨᠢᠭᠡᠨ ︿ ᠢᠬᠡᠷ᠎ᠡ ᠠᠬ᠎ᠠ ᠳᠡᠭᠦᠦ﹀ ᠲᠤᠰᠳᠠᠭ᠃ ᠭᠤᠤᠯ ᠤᠨ ᠵᠠᠮ᠂ ᠡᠷᠭᠢ ᠶᠢᠨ ᠬᠥᠲᠥᠯ ᠵᠡᠷᠭᠡ | ᠭᠠᠵᠠᠷ ᠢᠶᠠᠷ ᠲᠠᠷᠬᠠᠵᠤ ᠪᠠᠶᠢᠭ᠎ᠠ ᠬᠢᠨᠠᠨ ᠬᠡᠮᠵᠢᠯᠲᠡ ᠶᠢᠨ ᠰᠡᠷᠡᠯ ᠳᠠᠮᠵᠢᠭᠤᠯᠬᠤ ᠲᠥᠬᠦᠭᠡᠷᠦᠮᠵᠢ ᠨᠢ ᠬᠥᠮᠦᠨ ᠤ | ᠪᠡᠶ᠎ᠡ ᠶᠢᠨ ᠮᠡᠳᠡᠷᠡᠯ ᠤᠨ ᠰᠦᠯᠵᠢᠶ᠎ᠡ ᠲᠠᠢ ᠠᠳᠠᠯᠢ ᠪᠠᠷ ᠲᠤᠬᠠᠶ ᠶᠢᠨ ᠲᠠᠯᠠᠪᠤᠷ ᠤᠨ ᠲᠤᠬᠠᠶ ᠶᠢᠨ ᠴᠠᠭ ᠤᠨ ᠬᠥᠳᠡᠯᠦᠯ | ᠪᠠᠶᠢᠳᠠᠯ ᠢ ︿ ᠰᠡᠷᠡᠵᠦ ᠮᠡᠳᠡᠳᠡᠭ﹀ ᠃︾ ᠭᠠᠨᠰᠦ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠡ | ᠵᠠᠩᠭᠢ ᠶᠢᠨ ᠲᠥᠪ ᠤᠨ ᠰᠦᠯᠵᠢᠶᠡᠨ ᠤ ᠠᠮᠤᠷ ᠲᠦᠪᠰᠢᠨ ᠤ ᠰᠠᠯᠠᠭᠠᠨ ᠤ ᠳᠠᠷᠤᠭ᠎ᠠ ᠰᠢᠶᠠ ᠲᠢᠶᠠᠨ | ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡᠬᠦ ︽ᠢᠬᠡᠷ᠎ᠡ ᠠᠬ᠎ᠠ ᠳᠡᠭᠦᠦ︾ ᠪᠠᠶᠢᠬᠤ ᠨᠢ ᠰᠠᠪᠠ ᠭᠠᠵᠠᠷ᠂ ᠤᠰᠤᠨ | ᠠᠰᠢᠭᠯᠠᠯᠲᠠ ᠶᠢᠨ ᠪᠠᠷᠢᠯᠭ᠎ᠠ ᠳᠤ ︽ᠶᠡᠭᠡ ᠲᠠᠷᠢᠬᠢ︾ ᠤᠭᠰᠠᠷᠠᠵᠤ ᠪᠠᠶᠢᠬᠤ ᠰᠢᠭ᠋᠂ ᠳᠠᠯᠳᠠ ᠠᠰᠠᠭᠤᠳᠠᠯ ᠢ | ᠤᠷᠢᠳᠴᠢᠯᠠᠨ ᠮᠡᠳᠡᠭᠡᠯᠡᠵᠦ᠂ ᠦᠶᠡᠷ ᠤᠨ ᠤᠰᠤ ᠵᠡᠷᠭᠡ ᠭᠡᠨᠡᠳᠲᠡ ᠶᠢᠨ ᠪᠠᠶᠢᠳᠠᠯ ᠢ ᠤᠷᠢᠳᠴᠢᠯᠠᠨ ᠲᠣᠭᠯᠠᠵᠤ | ᠴᠢᠳᠠᠬᠤ ᠪᠠᠷ ᠪᠠᠷᠠᠬᠤ ᠥᠬᠡᠶ ᠪᠠᠰᠠ ᠬᠥᠳᠡᠯᠦᠩᠭᠦᠶ ᠪᠡᠯᠡᠳᠬᠡᠯ ᠲᠥᠰᠦᠯ ᠤᠨ ᠬᠠᠮᠢᠶᠠᠷᠤᠯᠲᠠ ᠪᠠᠷ ᠳᠠᠮᠵᠢᠭᠤᠯᠤᠨ | ᠪᠠᠴᠢᠮ ᠬᠡᠷᠡᠭ ᠢ ᠤᠷᠢᠳᠴᠢᠯᠠᠨ ᠰᠡᠷᠡᠮᠵᠢᠯᠡᠭᠦᠯᠵᠦ ᠴᠢᠳᠠᠨ᠎ᠠ ᠭᠡᠵᠡᠶ᠃ | ᠱᠦᠯᠧ ᠭᠤᠣᠯ ᠤᠨ ᠰᠠᠪᠠ ᠭᠠᠵᠠᠷ ᠪᠣᠯ ᠮᠠᠨ ᠤ ᠤᠯᠤᠰ ᠤᠨ ᠪᠠᠷᠠᠭᠤᠨ ᠬᠤᠶᠢᠲᠤ ᠶᠢᠨ ᠭᠠᠩ ᠬᠠᠭᠤᠷᠠᠶ | ᠣᠷᠣᠨ ᠤ ᠨᠡᠶᠢᠲᠡᠯᠢᠭ ᠳᠣᠲᠣᠭᠠᠳᠤ ᠬᠠᠭᠤᠷᠠᠶ ᠶᠢᠨ ᠭᠤᠣᠯ ᠤᠨ ᠰᠠᠪᠠ ᠭᠠᠵᠠᠷ ᠪᠣᠯᠤᠨ᠎ᠠ᠃ ᠱᠦᠯᠧ ᠭᠤᠣᠯ ᠤᠨ | ᠤᠰᠤᠯᠠᠯᠲᠠ ᠶᠢᠨ ᠣᠷᠣᠨ ᠪᠣᠯ ᠭᠠᠨᠰᠦ ᠮᠤᠵᠢ ᠶᠢᠨ ᠬᠠᠮᠤᠭ ᠤᠨ ᠶᠡᠭᠡ ᠤᠷᠤᠰᠬᠠᠯ ᠤᠨ ᠤᠰᠤᠯᠠᠯᠲᠠ ᠶᠢᠨ ᠣᠷᠣᠨ | ᠪᠠᠶᠢᠵᠤ᠂ 134 ᠲᠦᠮᠡᠨ ᠮᠦ ᠲᠠᠷᠢᠶᠠᠨ ᠭᠠᠵᠠᠷ ᠢ ᠪᠤᠶᠢᠵᠢᠭᠤᠯᠵᠤ ᠪᠠᠶᠢᠳᠠᠭ᠃ ᠯᠢ ᠢᠦ᠋ᠶ ᠵᠢᠶᠦ᠋ᠨ ᠠᠴᠠ᠂ ᠱᠦᠯᠧ | ᠭᠤᠤᠯ ᠤᠨ ᠤᠰᠤᠯᠠᠯᠲᠠ ᠶᠢᠨ ᠣᠷᠣᠨ ᠣᠳᠣᠬᠠᠨ ᠳᠤ ᠨᠢᠭᠡᠨᠲᠡ ᠮᠡᠳᠡᠭᠡ ᠵᠠᠩᠭᠢᠵᠢᠯᠲᠠ ᠶᠢᠨ ᠬᠠᠮᠢᠶᠠᠷᠤᠨ ᠡᠵᠡᠮᠳᠡᠬᠦ | ᠲᠠᠪᠴᠠᠩ ᠢ ᠪᠠᠶᠢᠭᠤᠯᠵᠤ᠂ 698 ᠬᠡᠮᠵᠢᠯᠲᠡ ᠶᠢᠨ ᠬᠢᠨᠠᠨ ᠬᠡᠮᠵᠢᠬᠦ ᠴᠡᠭ᠂ 106 ᠢᠵᠢ ᠬᠡᠮᠵᠢᠨ ᠡᠵᠡᠮᠳᠡᠬᠦ ᠶᠢ | ᠨᠢᠭᠡ ᠴᠣᠭᠴᠠᠵᠢᠭᠤᠯᠤᠭᠰᠠᠨ ᠬᠠᠭᠠᠯᠲᠠ ᠪᠠ 28 ᠷᠠᠳᠠᠷ ᠤᠨ ᠤᠰᠤᠨ ᠲᠦᠪᠰᠢᠨ ᠢ ᠬᠢᠨᠠᠨ ᠬᠡᠮᠵᠢᠬᠦ ᠴᠡᠭ ᠢ | ᠬᠠᠮᠤᠷᠴᠤ᠂ ᠤᠰᠤᠨ ᠴᠥᠭᠦᠷᠥᠮ ᠤᠨ ᠡᠬᠢ ᠠᠴᠠ ᠲᠡᠭᠦᠰᠬᠡᠯ ᠤᠨ ᠰᠤᠪᠠᠭ ᠤᠨ ᠰᠢᠰᠲ᠋ᠧᠮ ᠤᠨ ᠤᠰᠤᠨ ᠤ | ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠢᠨᠠᠨ ᠬᠡᠮᠵᠢᠵᠦ ᠲᠡᠮᠳᠡᠭᠯᠡᠬᠦ ᠶᠢ ᠪᠡᠶᠡᠯᠡᠭᠦᠯᠪᠡ᠂ ᠭᠡᠵᠦ ᠬᠡᠯᠡᠪᠡ᠃ | | ᠭᠠᠨᠰᠦ ᠮᠤᠵᠢ ᠶᠢᠨ ᠳ᠋ᠧᠪᠦ᠋᠂ ᠵᠧᠦ ᠴᠢᠦᠶ᠂ ᠲᠠᠨᠴᠠᠩ᠂ ᠦᠳᠦ᠋᠂ ᠸᠧᠨ ᠰᠢᠶᠠᠨ ᠢᠶᠠᠷ ᠤᠷᠤᠰᠤᠨ ᠥᠩᠭᠡᠷᠡᠬᠦ | ᠪᠠᠶ ᠯᠦᠩ ᠵᠢᠶᠠᠩ ᠮᠥᠷᠡᠨ ᠪᠣᠯ ᠵᠢᠶᠠ ᠯᠢᠩ ᠵᠢᠶᠠᠩ ᠮᠥᠷᠡᠨ ᠤ ᠰᠠᠯᠪᠤᠷᠢ ᠤᠷᠤᠰᠬᠠᠯ ᠪᠣᠯᠤᠨ᠎ᠠ᠃ ᠲᠣᠭᠠᠴᠢᠯᠠᠭᠰᠠᠨ | ᠢᠬᠡᠷ᠎ᠡ ᠮᠡᠷᠭᠡᠵᠢᠯ ᠢ ᠠᠰᠢᠭᠯᠠᠨ ᠭᠠᠨᠰᠦ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠪᠠᠶ ᠯᠦᠩ ᠵᠢᠶᠠᠩ | ᠮᠥᠷᠡᠨ ᠤ ᠵᠧᠦ ᠴᠢᠦᠶ ᠶᠢᠨ ᠬᠡᠰᠡᠭ ᠲᠤ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠪᠠ᠃ | ︽ᠣᠳᠣᠬᠠᠨ ᠳᠤ᠂ ᠪᠢᠳᠡ ᠨᠢᠭᠡᠨᠲᠡ ᠪᠠᠶ ᠯᠦᠩ ᠵᠢᠶᠠᠩ ᠮᠥᠷᠡᠨ ᠤ ᠰᠠᠪᠠ ᠭᠠᠵᠠᠷ ᠤᠨ 123 ᠲᠡᠭᠰᠢ | ᠳᠥᠷᠪᠡᠯᠵᠢᠨ ᠺᠢᠯᠣᠮᠧᠳ᠋ᠷ ᠤᠨ ᠬᠥᠮᠦᠨ ᠠᠮᠠ ᠨᠢᠭᠲᠠᠷᠠᠭᠰᠠᠨ ᠣᠷᠣᠨ ᠳᠤ ᠬᠢᠨᠠᠨ ᠬᠡᠮᠵᠢᠬᠦ ᠰᠦᠯᠵᠢᠶ᠎ᠡ ᠪᠠ | ᠠᠦ᠋ᠲ᠋ᠣᠴᠢᠯᠠᠭᠰᠠᠨ ᠤᠷᠢᠳᠴᠢᠯᠠᠨ ᠮᠡᠳᠡᠭᠡᠯᠡᠬᠦ ᠰᠢᠰᠲ᠋ᠧᠮ ᠢ ᠪᠠᠶᠢᠭᠤᠯᠪᠠ᠃︾ ᠰᠢᠶᠠ ᠲᠢᠶᠠᠨ ᠠᠴᠠ᠂ ᠲᠣᠰ | ᠰᠢᠰᠲ᠋ᠧᠮ ᠨᠢ 53 ᠵᠢᠵᠢᠭ ᠰᠠᠪᠠ ᠭᠠᠵᠠᠷ ᠤᠨ ᠭᠠᠷᠬᠤ ᠠᠮᠠᠰᠠᠷ ᠤᠨ ᠣᠭᠲᠣᠯᠤᠭᠠᠰᠤ᠂ 66 ᠺᠢᠯᠣᠮᠧᠳ᠋ᠷ ᠣᠷᠳᠣ | ᠭᠤᠤᠯ ᠮᠥᠷᠡᠨ ᠤ ᠵᠠᠩᠭᠢᠯᠠᠭ᠎ᠠ ᠶᠢᠨ ᠣᠭᠲᠣᠯᠤᠭᠠᠰᠤ ᠶᠢᠨ ᠤᠷᠤᠰᠬᠠᠯ ᠤᠨ ᠬᠡᠮᠵᠢᠶ᠎ᠡ ᠶᠢ 10 ᠡᠳᠦᠷ ᠤᠷᠢᠳᠴᠢᠯᠠᠨ | ᠰᠡᠷᠡᠮᠵᠢᠯᠡᠭᠦᠯᠬᠦ᠂ 3 ᠡᠳᠦᠷ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠴᠠᠭ ᠲᠤᠬᠠᠶ ᠳᠤᠨᠢ ᠬᠢᠨᠠᠨ ᠬᠡᠮᠵᠢᠵᠦ | ᠰᠡᠷᠡᠮᠵᠢᠯᠡᠭᠦᠯᠬᠦ ᠶᠢ ᠪᠡᠶᠡᠯᠡᠭᠦᠯᠪᠡ ᠭᠡᠵᠦ ᠬᠡᠯᠡᠪᠡ᠃ | ᠲᠠᠨᠢᠯᠴᠠᠭᠤᠯᠤᠭᠰᠠᠨ ᠢᠶᠠᠷ᠂ ᠲᠣᠰ ᠰᠢᠰᠲ᠋ᠧᠮ ᠨᠢ ᠠᠵᠢᠯᠯᠠᠵᠤ ᠡᠬᠢᠯᠡᠭᠰᠡᠨ ᠠᠴᠠ ᠨᠠᠰᠢ᠂ ᠨᠢᠭᠡᠨᠲᠡ 15 | ᠮᠢᠯᠢᠮᠧᠳ᠋ᠷ ᠠᠴᠠ ᠳᠡᠭᠡᠭᠰᠢ ᠭᠠᠵᠠᠷ ᠲᠤ 11 ᠤᠳᠠᠭ᠎ᠠ ᠪᠣᠷᠣᠭᠠᠨ ᠣᠷᠣᠬᠤ ᠶᠢ ᠤᠷᠢᠳᠴᠢᠯᠠᠨ ᠰᠡᠷᠡᠮᠵᠢᠯᠡᠭᠦᠯᠪᠡ᠃ | ᠡᠭᠦᠨ ᠠᠴᠠ ᠭᠠᠳᠠᠨ᠎ᠠ᠂ ᠲᠣᠭᠠᠴᠢᠯᠠᠭᠰᠠᠨ ᠢᠬᠡᠷ᠎ᠡ ᠰᠠᠪᠠ ᠭᠠᠵᠠᠷ ᠤᠨ ᠪᠥᠲᠥᠭᠡᠨ ᠪᠠᠶᠢᠭᠤᠯᠤᠯᠲᠠ ᠴᠤ ︽ | ᠵᠣᠬᠢᠶᠠᠮᠠᠯ ᠭᠠᠵᠠᠷ ᠳᠣᠣᠷᠠᠬᠢ ᠣᠷᠳᠣ ᠭᠤᠤᠯ︾ ᠤᠨ ᠲᠤᠤ ᠾᠧ ᠭᠤᠣᠯ ᠤᠨ ᠤᠰᠤ ᠶᠢ ᠲᠠᠲᠠᠬᠤ ᠢᠨᠵᠧᠨᠧᠷᠢᠩ ᠳᠤ | ︽ᠭᠡᠲᠡᠭᠡᠴᠢ︾ ᠤᠭᠰᠠᠷᠠᠪᠠ᠃ ᠲᠤᠤ ᠾᠧ ᠭᠤᠣᠯ ᠪᠣᠯ ᠬᠠᠲᠤᠨ ᠭᠤᠣᠯ ᠤᠨ ᠳᠡᠭᠡᠳᠦ ᠤᠷᠤᠰᠬᠠᠯ ᠤᠨ | ᠬᠤᠶᠠᠳᠤᠭᠠᠷ ᠶᠡᠭᠡ ᠰᠠᠯᠪᠤᠷᠢ ᠤᠷᠤᠰᠬᠠᠯ ᠪᠣᠯᠤᠨ᠎ᠠ᠃ ᠨᠢᠳᠤᠨᠤᠨ ᠤ 10 ᠰᠠᠷ᠎ᠠ ᠳᠤ᠂ ᠲᠤᠤ ᠾᠧ ᠭᠤᠣᠯ ᠤᠨ | ᠤᠰᠤ ᠶᠢ ᠲᠠᠲᠠᠵᠤ᠂ ᠤᠰᠤ ᠬᠠᠩᠭᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠶᠡᠷᠦᠩᠬᠡᠢ ᠭᠤᠣᠯ | ᠰᠤᠪᠠᠭ ᠪᠦᠬᠦ ᠱᠤᠭᠤᠮ ᠢᠶᠠᠷ ᠨᠡᠪᠲᠡᠷᠡᠬᠦ ᠶᠢ ᠪᠡᠶᠡᠯᠡᠭᠦᠯᠵᠦ᠂ ᠭᠠᠨᠰᠦ ᠶᠢᠨ 5 ᠬᠤᠳᠠ ᠶᠢᠨ 13 ᠰᠢᠶᠠᠨ | ᠲᠣᠭᠤᠷᠢᠭ ᠤᠨ 600 ᠭᠠᠷᠤᠢ ᠲᠦᠮᠡᠨ ᠤᠯᠠᠨ ᠲᠦᠮᠡᠨ ᠠᠰᠢᠭ ᠬᠦᠷᠳᠡᠵᠥ᠂ ᠪᠦᠬᠦ ᠮᠤᠵᠢ ᠶᠢᠨ ᠶᠡᠷᠦᠩᠬᠡᠢ ᠬᠥᠮᠦᠨ | ᠠᠮᠠ ᠶᠢᠨ 1 / 4 ᠰᠢᠬᠠᠮ ᠢ ᠡᠵᠡᠯᠡᠬᠦ ᠠᠷᠠᠳ ᠲᠦᠮᠡᠨ ᠰᠢᠬᠢᠷᠯᠢᠭ᠂ ᠵᠢᠬᠡᠭᠦᠨ ᠰᠡᠷᠢᠭᠦᠨ ᠲᠤᠤ ᠾᠧ ᠭᠤᠣᠯ ᠤᠨ | ᠤᠰᠤ ᠶᠢ ᠤᠤᠭᠤᠵᠤ ᠡᠬᠢᠯᠡᠪᠡ᠃ | ᠲᠤᠤ ᠾᠧ ᠭᠤᠣᠯ ᠤᠨ ᠤᠰᠤ ᠶᠢ ᠲᠠᠲᠠᠵᠤ ᠣᠷᠣᠭᠤᠯᠬᠤ ᠢᠨᠵᠧᠨᠧᠷᠢᠩ ᠪᠣᠯ ᠭᠠᠨᠰᠦ ᠶᠢᠨ ᠤᠰᠤ ᠲᠠᠲᠠᠬᠤ | ᠰᠤᠪᠠᠭ ᠤᠨ ᠱᠤᠭᠤᠮ ᠢᠶᠠᠷ ᠬᠠᠮᠤᠭ ᠤᠨ ᠤᠷᠲᠤ ᠰᠠᠪᠠ ᠭᠠᠵᠠᠷ ᠠᠯᠤᠰᠯᠠᠭᠰᠠᠨ ᠤᠰᠤ ᠲᠠᠲᠠᠬᠤ ᠲᠣᠮᠣ ᠬᠡᠯᠪᠡᠷᠢ ᠶᠢᠨ | ᠢᠨᠵᠧᠨᠧᠷᠢᠩ ᠪᠣᠯᠤᠨ᠎ᠠ᠃ ᠲᠡᠭᠦᠨ ᠤ ᠵᠠᠮ ᠳᠠᠭᠠᠤ ᠨᠦᠬᠡᠨ ᠵᠠᠮ᠂ ᠭᠤᠤᠯ ᠰᠤᠪᠠᠭ᠂ ᠰᠠᠯᠪᠤᠷᠢ ᠰᠤᠪᠠᠭ᠂ ᠳᠠᠯᠳᠠ | ᠰᠤᠪᠠᠭ᠂ ᠭᠠᠲᠤᠯᠬᠤ ᠬᠤᠭᠤᠯᠠᠶ᠂ ᠭᠡᠳᠡᠷᠭᠦ ᠭᠤᠤᠷᠰᠤ ᠲᠠᠲᠠᠬᠤ᠂ ᠤᠰᠤ ᠳᠠᠮᠵᠢᠭᠤᠯᠬᠤ ᠬᠤᠭᠤᠯᠠᠶ ᠱᠤᠭᠤᠮ᠂ | ᠭᠤᠤᠯ ᠰᠠᠯᠪᠤᠷᠢ ᠰᠤᠪᠠᠭ ᠤᠨ ᠪᠥᠬᠦ ᠣᠷᠳᠣ ᠨᠢ 1069 . 83 ᠺᠢᠯᠣᠮᠧᠳ᠋ᠷ ᠢᠶᠠᠷ ᠳᠦᠭᠦᠷᠴᠦ᠂ ᠲᠤᠤ ᠾᠧ | ᠭᠤᠤᠯ ᠤᠨ ᠭᠤᠤᠯ ᠤᠷᠤᠰᠬᠠᠯ ᠠᠴᠠ 400 ᠺᠢᠯᠣᠮᠧᠳ᠋ᠷ ᠰᠢᠬᠠᠮ ᠳᠠᠪᠠᠵᠤ᠂ ᠨᠡᠷ᠎ᠡ ᠨᠢᠳᠡᠷ ᠲᠡᠭᠡᠨ ᠨᠡᠶᠢᠴᠡᠭᠰᠡᠨ ︽ | ᠵᠣᠬᠢᠶᠠᠮᠠᠯ ᠭᠠᠵᠠᠷ ᠳᠣᠤᠷᠠᠬᠢ ᠣᠷᠳᠣ ᠭᠤᠤᠯ︾ ᠪᠣᠯᠵᠠᠶ᠃ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ᠂ ᠳᠠᠭᠠᠭᠠᠴᠢᠯᠠᠨ ᠪᠠᠶᠢᠭᠤᠯᠤᠭᠰᠠᠨ ᠲᠠᠯ᠎ᠠ | ᠪᠣᠯᠬᠤ ᠭᠠᠨᠰᠦ ᠮᠤᠵᠢ ᠶᠢᠨ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠨᠢ ︽ᠲᠣᠭᠠᠴᠢᠯᠠᠭᠰᠠᠨ ᠢᠬᠡᠷ᠎ᠡ ᠲᠤᠤ ᠾᠧ ᠭᠤᠣᠯ ᠤᠨ ᠤᠰᠤ ᠶᠢ ᠲᠠᠲᠠᠬᠤ ᠢᠨᠵᠧᠨᠧᠷᠢᠩ︾ ᠢ ᠵᠡᠷᠭᠡ ᠪᠠᠷ | ᠪᠥᠲᠥᠭᠡᠨ ᠪᠠᠶᠢᠭᠤᠯᠵᠤ᠂ ᠤᠰᠤᠨ ᠤ ᠬᠡᠮᠵᠢᠶ᠎ᠡ ᠶᠢ ᠨᠠᠷᠢᠯᠢᠭ ᠣᠨᠣᠴᠠᠲᠠᠶ᠂ ᠣᠶᠤᠨᠴᠢ ᠪᠠᠷ ᠲᠣᠬᠢᠷᠠᠭᠤᠯᠵᠤ᠂ ᠭᠤᠤ ︵ | ᠭᠤᠤᠯ︶ ᠵᠠᠮ ᠳᠤ ᠤᠰᠤ ᠲᠠᠲᠠᠷᠠᠭᠤᠯᠬᠤ ᠳᠠᠭᠤᠷᠢᠶᠠᠮᠠᠯ ᠵᠠᠳᠠᠯᠤᠯᠲᠠ ᠬᠢᠬᠦ ᠪᠠᠷ ᠳᠠᠮᠵᠢᠭᠤᠯᠤᠨ᠂ ᠣᠶᠤᠨᠴᠢ ᠪᠠᠷ | ᠲᠣᠭᠤᠷᠢᠨ ᠪᠠᠶᠢᠴᠠᠭᠠᠬᠤ᠂ ᠴᠠᠭ ᠲᠤᠬᠠᠶ ᠳᠤᠨᠢ ᠵᠠᠳᠠᠯᠬᠤ ᠪᠠ ᠣᠶᠤᠨᠴᠢ ᠪᠠᠷ ᠣᠨᠣᠰᠢᠯᠠᠬᠤ ᠶᠢ ᠪᠡᠶᠡᠯᠡᠭᠦᠯᠪᠡ᠃ | ︽ᠲᠤᠤ ᠾᠧ ᠭᠤᠣᠯ ᠤᠨ ᠤᠰᠤ ᠶᠢ ᠲᠠᠲᠠᠬᠤ ᠢᠨᠵᠧᠨᠧᠷᠢᠩ ᠤᠨ ᠤᠷᠳᠤ ᠵᠠᠢ ᠲᠠᠢ᠂ ᠤᠯᠠᠨ ᠨᠦᠬᠡᠨ | ᠵᠠᠮ ᠲᠠᠢ᠂ ᠪᠦᠬᠦ ᠵᠢᠯ ᠳᠤ ᠲᠠᠰᠤᠷᠠᠯᠳᠡ ᠦᠭᠡᠢ ᠠᠵᠢᠯᠯᠠᠵᠤ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠪᠢᠳᠡ | ᠶᠡᠷᠦᠩᠬᠡᠢ ᠭᠤᠣᠯ ᠰᠤᠪᠠᠭ ᠤᠨ ᠡᠬᠢᠨ ᠠᠴᠠ ᠳ᠋ᠧᠦ ᠨᠦᠩ ᠺᠸᠤ ᠶᠢᠨ ᠦᠵᠦᠭᠦᠷ ᠬᠦᠷᠲᠡᠯᠡᠬᠢ ᠣᠶᠤᠨᠴᠢ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠰᠤᠪᠠᠭ ᠤᠨ ᠹᠢᠽᠢᠺ ᠤᠨ ᠤᠷᠤᠰᠬᠠᠯ ᠤᠨ ᠲᠠᠯᠠᠪᠠᠢ ᠶᠢᠨ ᠨᠢᠭᠡ | ᠴᠤᠬᠴᠠᠵᠢᠬᠰᠠᠨ ᠲᠤᠬᠠᠢ ᠶᠢᠨ ᠴᠠᠭ ᠤᠨ ᠢᠬᠡᠷ᠎ᠡ ᠠᠵᠢᠯᠯᠠᠭ᠎ᠠ ᠶᠢ ᠪᠡᠶᠡᠯᠡᠭᠦᠯᠵᠦ᠂ ᠡᠭᠦᠨ ᠤ ᠤᠯᠠᠮ ᠢᠶᠠᠷ | ᠢᠨᠵᠧᠨᠧᠷᠢᠩ ᠤᠨ ᠠᠮᠤᠷ ᠲᠦᠪᠰᠢᠨ ᠢᠶᠠᠷ ᠠᠵᠢᠯᠯᠠᠬᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠴᠢᠳᠠᠪᠤᠷᠢ ᠶᠢ | ᠳᠡᠭᠡᠭᠰᠢᠯᠡᠭᠦᠯᠪᠡ᠃︾ ᠭᠠᠨᠰᠦ ᠮᠤᠵᠢ ᠶᠢᠨ ᠤᠰᠤᠨ ᠤ ᠶᠠᠪᠤᠳᠠᠯ ᠤᠨ ᠤᠰᠤ ᠠᠷᠪᠢᠯᠠᠬᠤ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠲᠤᠬᠠᠶ ᠶᠢᠨ ᠭᠠᠵᠠᠷ ᠤᠨ ᠬᠢᠨ ᠨᠢᠭᠡᠨᠲᠡ 120 ᠭᠠᠷᠤᠶ ᠨᠦᠬᠡ ᠶᠢ ᠨᠢᠭᠡ | ᠴᠤᠭᠴᠠᠵᠢᠭᠤᠯᠤᠨ ᠬᠡᠮᠵᠢᠨ ᠡᠵᠡᠮᠳᠡᠬᠦ ᠥᠷᠲᠡᠭᠡ ᠶᠢ ᠪᠠᠶᠢᠭᠤᠯᠤᠨ ᠳᠠᠭᠤᠰᠬᠠᠵᠤ᠂ ᠤᠰᠤ ᠲᠣᠬᠢᠷᠠᠭᠤᠯᠬᠤ | ᠲᠥᠬᠦᠭᠡᠷᠦᠮᠵᠢ ᠶᠢᠨ ᠡᠨᠧᠷᠭᠢ ᠶᠢᠨ ᠬᠤᠷᠣᠭᠳᠠᠯ ᠢ ᠶᠡᠭᠡ ᠪᠠᠷ ᠪᠠᠭᠤᠷᠠᠭᠤᠯᠵᠤ᠂ ᠤᠰᠤ ᠬᠠᠩᠭᠠᠵᠤ ᠠᠰᠢᠭᠯᠠᠬᠤ | ᠨᠣᠷᠮ᠎ᠠ ᠶᠢ 95 % ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ ᠶᠢᠨ ᠬᠠᠮᠲᠤ᠂ ᠠᠵᠢᠯᠯᠠᠭᠠᠨ ᠤ ᠬᠠᠮᠢᠶᠠᠷᠤᠯᠲᠠ ᠶᠢᠨ | ᠥᠪᠡᠷ ᠤᠨ ᠥᠷᠲᠡᠭ ᠢ ᠪᠠᠭᠤᠷᠠᠭᠤᠯᠵᠤ᠂ ᠰᠠᠭᠠᠳ ᠲᠣᠳᠬᠠᠷ ᠢ ᠠᠷᠭᠠᠴᠠᠭᠠᠬᠤ ᠴᠠᠭ ᠢ ᠶᠡᠭᠡ ᠪᠠᠷ ᠪᠣᠭᠤᠨᠢᠰᠬᠠᠪᠠ᠃ | |