ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/25
    2 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ 2022 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠰᠡᠴᠡᠨᠪᠢᠯᠢᠭ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠢ ᠢᠨᠵᠧᠨᠧᠷ᠂ ᠶᠡᠷᠦᠩᠬᠡᠢ ᠠᠵᠤ ᠠᠬᠤᠶᠢᠴᠢ᠂ ᠲᠢᠩᠬᠢᠮ ᠤᠨ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠱᠦᠵᠢ᠂ ᠳᠡᠳ᠋ ᠭᠠᠵᠠᠷ ᠤᠨ ᠲᠡᠰ ᠵᠢᠴᠢ ᠲᠡᠭᠦᠨ ᠠᠴᠠ ᠳᠡᠭᠡᠭᠰᠢᠬᠢ ᠺᠠᠳ᠋ᠷ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠤᠰᠤᠨ ᠠᠰᠢᠭᠯᠠᠯᠲᠠ ᠶᠢᠨ ᠶᠠᠮᠤᠨ ᠤ ᠮᠠᠯ ᠠᠵᠤ ᠠᠬᠤᠢ ᠶᠢᠨ ᠰᠠᠯᠠᠭᠠᠨ ᠤ ᠭᠠᠵᠠᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠨᠠᠮ ᠤᠨ ᠡᠭᠦᠷ ᠤᠨ ᠱᠦᠵᠢ᠂ ᠳᠡᠳ᠋ ᠭᠠᠵᠠᠷ ᠤᠨ ᠲᠡᠰ ᠤᠨ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠰᠡᠴᠡᠨᠪᠢᠯᠢᠭ ᠠᠴᠠ ᠰᠢ ᠶᠢᠨ ᠫᠢᠩ᠂ ᠵᠣᠣ ᠯᠤ᠋ ᠵᠢᠶ ᠨᠥᠬᠦᠷ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠰᠢ ᠶᠢᠨ ᠫᠢᠩ ᠶᠡᠷᠦᠩᠬᠡᠢ ᠱᠦᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠤᠨ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ᠂ ᠱᠢ ᠲᠠᠢ ᠹᠧᠩ ᠨᠥᠬᠦᠷ ᠤᠨ ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠱᠢ ᠲᠠᠢ ᠹᠧᠩ᠂ ᠯᠢᠦ ᠱᠤᠸᠠᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠯᠤᠰ ᠬᠡᠳᠤ ᠶᠢᠨ ᠤᠳᠬ᠎ᠠ ᠰᠠᠨᠠᠭ᠎ᠠ ᠲᠠᠢ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠪᠢᠳᠡᠨ ᠤ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠬᠤ ᠳᠤ ᠵᠥᠪ ᠴᠢᠭᠯᠡᠯ ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠬᠦᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠲᠦᠷᠦᠭᠦᠯᠡᠨ ᠭᠦᠢᠴᠡᠳᠬᠡᠬᠦ ᠬᠡᠷᠡᠭᠲᠡᠢ᠃ ︽ᠲᠦᠷᠪᠡᠨ ᠰᠤᠷᠲᠠᠯ︾ ᠤᠨ ᠭᠡᠮ ᠠᠷᠬᠠᠭ ᠢ ᠬᠦᠴᠦᠯᠡᠨ ᠵᠠᠯᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠬᠡᠷᠡᠭᠵᠢᠭᠦᠯᠬᠦ ᠨᠠᠷᠢᠨ ᠲᠦᠷᠢᠮ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠪᠠ ᠲᠥᠪ ᠪᠤᠰᠤ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠬᠤᠪᠢᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠪᠦᠬᠦ ᠲᠠᠯ᠎ᠠ ᠪᠠᠷ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠬᠤᠶᠠᠷ ᠵᠢᠯ ᠤᠨ ᠴᠠᠭᠠᠨ ᠰᠠᠷ᠎ᠠ ᠶᠢᠨ ᠳᠠᠷᠠᠭᠠᠬᠢ ᠠᠩᠬᠠᠳᠠᠭᠴᠢ ᠠᠵᠢᠯ ᠤᠨ ᠡᠳᠦᠷ ᠳᠠᠷᠠᠭᠠᠯᠠᠨ ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠢ ᠬᠤᠷᠠᠯᠳᠤᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠨᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠡᠷᠡᠰ ᠵᠣᠷᠢᠭ ᠢ ᠭᠦᠢᠴᠡᠳ ᠢᠯᠡᠷᠡᠭᠦᠯᠵᠡᠢ᠃ ᠤᠰᠤᠨ ᠠᠰᠢᠭᠯᠠᠯᠲᠠ ᠶᠢᠨ ᠲᠢᠩᠬᠢᠮ ᠤᠨ ᠡᠯ᠎ᠡ ᠱᠠᠲᠤᠨ ᠤ ᠤᠳᠤᠷᠢᠳᠬᠤ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠠᠵᠢᠯ ᠤᠨ ᠰᠡᠳᠬᠢᠴᠡ ᠪᠠᠨ ᠬᠤᠪᠢᠷᠠᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ︽ᠨᠢᠭᠡ ᠲᠣᠳᠣᠷᠬᠠᠶ ᠬᠠᠭᠤᠳᠠᠰᠤ᠂ ᠨᠢᠭᠡ ᠨᠡᠷᠡᠶᠢᠳᠦᠯ᠂ ᠨᠢᠭᠡ ᠴᠤᠪᠤᠷᠠᠯ᠂ ᠨᠢᠭᠡ ᠴᠠᠭ ᠤᠨ ᠬᠢᠵᠠᠭᠠᠷ︾ ᠵᠡᠷᠭᠡ ᠵᠠᠷᠴᠢᠮ ᠶᠣᠰᠣᠭᠠᠷ᠂ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠵᠤ᠂ ᠭᠦᠢᠴᠳᠭᠡᠬᠦ ᠴᠠᠭ ᠤᠨ ᠬᠢᠵᠠᠭᠠᠷ ᠢ ᠪᠠᠭᠠᠰᠬᠠᠨ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠬᠠᠮᠲᠤᠪᠠᠷ ᠪᠠᠶᠢᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠨᠠᠩ ᠶᠡᠭᠡ ᠬᠦᠴᠦ ᠣᠷᠣᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠦᠨᠡᠨᠬᠦ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠢᠩᠬᠢᠮ ᠪᠠᠶᠢᠭᠤᠯᠤᠯᠭ᠎ᠠ ᠶᠢᠨ ᠬᠠᠮᠢᠶ᠎ᠠ ᠪᠥᠬᠦᠶ ᠭᠠᠵᠠᠷ ᠬᠡᠷ᠂ ᠨᠢᠭᠡᠴᠢ ᠰᠠᠯᠠᠭ᠎ᠠ ᠮᠥᠴᠢᠷ ᠤᠳ ᠮᠠᠨ ᠤ ᠲᠢᠩᠬᠢᠮ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠯᠥᠪᠯᠡᠭᠡᠲᠦ ᠴᠢᠨᠠᠷ᠂ ᠰᠢᠰᠲ᠋ᠧᠮᠲᠦ ᠴᠢᠨᠠᠷ ᠢ ᠴᠢᠩᠭᠠᠳᠬᠠᠵᠤ᠂ ᠠᠯᠢ ᠲᠦᠷᠭᠡᠨ ᠢᠶᠠᠷ ᠲᠥᠰᠦᠯ ᠭᠠᠷᠭᠠᠵᠤ᠂ ᠦᠵᠡᠯ ᠰᠠᠨᠠᠭ᠎ᠠ ᠲᠠᠨᠢᠯᠲᠠ ᠬᠦᠷᠦᠯᠴᠡᠬᠦ ᠥᠬᠡᠶ᠂ ᠬᠢᠨᠠᠨ ᠵᠥᠪᠰᠢᠶᠡᠷᠡᠬᠦ ᠲᠥᠷᠥᠯ ᠵᠤᠶᠢᠯ ᠨᠢ ᠲᠣᠳᠣᠷᠬᠠᠶ ᠥᠬᠡᠶ᠂ ᠠᠵᠢᠯᠯᠠᠬᠤ ᠶᠠᠪᠤᠴᠠ ᠨᠢ ᠵᠢᠷᠤᠮᠵᠢᠯ ᠥᠬᠡᠶ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠨᠢ ᠲᠣᠳᠣᠷᠬᠠᠶ ᠥᠬᠡᠶ ᠵᠡᠷᠭᠡ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯ ᠰᠢᠨ᠎ᠡ ᠪᠠᠶᠢᠳᠠᠯ ᠤᠨ ᠳᠣᠣᠷᠠᠬᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠴᠢᠬᠤᠯᠠ ᠠᠵᠢᠯ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ ᠬᠡᠷᠡᠭᠲᠡᠢ᠃ ᠬᠡᠷᠡᠭ ᠤᠨ ᠡᠮᠦᠨ᠎ᠡ ᠰᠡᠷᠭᠡᠶᠢᠯᠡᠬᠦ᠂ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠤ᠂ ᠤᠷᠢᠳᠴᠢᠯᠠᠨ ᠠᠷᠭᠠᠴᠠᠬᠤ᠂ ᠰᠠᠨᠠᠭᠠᠴᠢᠯᠠᠭ᠎ᠠ ᠠᠴᠠ ᠪᠠᠨ ᠠᠷᠭᠠᠴᠠᠬᠤ ᠶᠢ ᠴᠢᠬᠤᠯᠠᠴᠢᠯᠠᠵᠤ᠂ ᠠᠷᠭ᠎ᠠ ᠬᠡᠮᠵᠢᠶ᠎ᠡ ᠶᠢ ᠴᠢᠩᠭᠠᠳᠬᠠᠬᠤ᠂ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠪᠠᠶᠢᠭᠤᠯᠤᠯ ᠢ ᠲᠡᠭᠦᠯᠳᠡᠷᠵᠢᠭᠦᠯᠬᠦ᠂ ᠲᠣᠭᠲᠠᠴᠠ ᠶᠢ ᠪᠦᠷᠢᠨᠰᠢᠬᠦᠯᠬᠦ ᠶᠢ ᠴᠢᠬᠤᠯᠠᠴᠢᠯᠠᠵᠤ᠂ ᠤᠰᠤᠨ ᠠᠰᠢᠭᠯᠠᠯᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠲᠦ ᠴᠢᠨᠠᠷ᠂ ᠵᠢᠷᠤᠮᠵᠢᠯᠳᠤ ᠴᠢᠨᠠᠷ᠂ ᠬᠠᠨᠳᠤᠯᠭᠠᠲᠤ ᠴᠢᠨᠠᠷ᠂ ᠴᠠᠭ ᠬᠤᠭᠤᠴᠠᠭᠠᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ ᠂ ᠤᠰᠤᠨ ᠠᠰᠢᠭᠯᠠᠯᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨᠬᠦ ᠠᠬᠢᠭᠤᠯᠤᠨ᠎ᠠ ᠭᠡᠵᠦ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号