ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠷᠢᠭᠤᠳᠬᠠᠨ ᠠᠷᠢᠯᠭᠠᠬᠤ ᠠᠵᠢᠯ ᠢ ᠦᠨᠡᠨ ᠬᠦ ᠰᠠᠶᠢᠲᠤᠷ ᠬᠢᠬᠦ ᠬᠢᠪᠡ
ᠨᠡᠶᠢᠲᠡᠯᠡᠭᠰᠡᠨ ᠴᠠᠭ᠄
2022/2/25
    ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠬᠦᠨᠳᠦ ᠨᠣᠴᠢᠲᠠᠶ ᠪᠠᠶᠢᠳᠠᠯ ᠳᠤ ᠴᠢᠭᠯᠡᠭᠦᠯᠦᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨ ᠬᠦ ᠴᠢᠩᠭᠠᠳᠬᠠᠨ᠂ ᠪᠣᠬᠢᠷ ᠤᠰᠤ ᠰᠢᠢᠳᠪᠦᠷᠢᠯᠡᠬᠦ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠡᠯ᠎ᠡ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠦᠢᠯᠡᠳᠪᠦᠷᠢ ᠶᠢᠨ ᠲᠣᠭᠤᠷᠢᠭ ᠢ ᠠᠷᠢᠭᠤᠳᠬᠠᠬᠤ᠂ ᠠᠷᠢᠯᠭᠠᠬᠤ ᠠᠵᠢᠯ ᠢ ᠰᠠᠶᠢᠲᠤᠷ ᠬᠢᠪᠠ᠄    ᠨᠢᠭᠡ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠡᠭᠦᠳᠡᠨ ᠬᠤᠷᠢᠭ᠎ᠠ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠦᠢᠯᠡᠳᠪᠦᠷᠢ ᠶᠢᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠭᠠᠯ ᠳᠤ ᠨᠡᠶᠢᠴᠡᠬᠦ ᠥᠬᠡᠶ ᠬᠥᠮᠦᠰ ᠦᠢᠯᠡᠳᠪᠦᠷᠢ ᠶᠢᠨ ᠲᠣᠭᠤᠷᠢᠭ ᠲᠤ ᠣᠷᠣᠬᠤ ᠶᠢ ᠴᠢᠩᠭ᠎ᠠ ᠴᠠᠭᠠᠵᠠᠯᠠᠵᠤ᠂ ᠦᠢᠯᠡᠳᠪᠦᠷᠢ ᠶᠢᠨ ᠲᠣᠭᠤᠷᠢᠭ ᠤᠨ ᠠᠵᠢᠯᠲᠠᠳ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠬᠢᠬᠦ ᠶᠢᠨ ᠬᠠᠮᠲᠤ ᠪᠠᠶᠢᠴᠠᠭᠠᠨ ᠰᠢᠯᠭᠠᠭᠰᠠᠨ ᠪᠠᠶᠢᠳᠠᠯ ᠪᠠ ᠦᠷ᠎ᠡ ᠳ᠋ᠦᠩ ᠢᠶᠠᠨ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠂ ᠠᠵᠢᠯᠲᠠᠨ ᠠᠵᠢᠯᠴᠢᠨ ᠤ ᠪᠠᠶᠢᠴᠠᠭᠠᠨ ᠰᠢᠯᠭᠠᠭᠰᠠᠨ ᠨᠢ ᠴᠠᠭ ᠲᠤᠬᠠᠶ ᠳᠤᠨᠢ ᠪᠢᠰᠢ᠂ ᠪᠣᠳᠠᠲᠠᠶᠢᠵᠢᠭᠤᠯᠤᠭᠰᠠᠨ ᠥᠬᠡᠶ ᠠᠴᠠ ᠪᠣᠯᠵᠣ ᠬᠢᠵᠢᠭ ᠢ ᠰᠡᠷᠭᠡᠶᠢᠯᠡᠬᠦ ᠪᠠ ᠬᠡᠪ ᠤᠨ ᠠᠵᠢᠯ ᠤᠨ ᠥᠷᠨᠢᠯᠲᠡ ᠶᠢ ᠨᠥᠯᠥᠭᠡᠯᠡᠵᠦ ᠪᠣᠯᠬᠤ ᠥᠬᠡᠶ᠃ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠦᠷ᠎ᠡ ᠪᠦᠲᠦᠮᠵᠢ ᠶᠢ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠶ᠃    ᠬᠤᠶᠠᠷ ᠲᠤ᠂ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠠᠷᠢᠭᠤᠳᠬᠠᠬᠤ ᠠᠵᠢᠯ ᠢ ᠴᠢᠩᠭᠠᠳᠬᠠᠨ᠎ᠠ᠃ ︽ᠡᠳᠦᠷ ᠤᠨ ᠠᠷᠢᠭᠤᠳᠬᠠᠯ᠂ ᠡᠳᠦᠷ ᠤᠨ ᠮᠡᠳᠡᠭᠦᠯᠦᠯᠲᠡ︾ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠢ ᠬᠠᠮᠠᠭᠠᠯᠠᠬᠤ ᠲᠠᠰᠤᠭ᠂ ᠠᠯᠪᠠᠨ ᠠᠰᠠᠷ᠂ ᠬᠤᠭᠤᠯᠠᠨ ᠬᠡᠷ᠂ ᠠᠯᠪᠠᠨ ᠤ ᠪᠠ ᠬᠤᠪᠢ ᠶᠢᠨ ᠲᠡᠷᠭᠡ ᠬᠥᠰᠬᠡ᠂ ᠰᠠᠷᠠᠯᠵᠢ ᠶᠢᠨ ᠲᠠᠰᠤᠭ᠂ ᠳᠤᠮᠳᠠᠬᠢ ᠤᠰᠤᠨ ᠲᠠᠲᠠᠭᠠᠯ᠂ ᠰᠢᠪᠠᠷ ᠰᠠᠯᠭᠠᠬᠤ ᠲᠠᠰᠤᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠠᠷᠢᠭᠤᠨ ᠴᠡᠪᠡᠷ ᠤᠨ ᠠᠷᠢᠭᠤᠳᠬᠠᠯ ᠬᠢᠬᠦ ᠶᠢ ᠴᠢᠩᠭᠠᠳᠬᠠᠨ᠂ ᠦᠢᠯᠡᠳᠪᠦᠷᠢ ᠶᠢᠨ ᠲᠣᠭᠤᠷᠢᠭ ᠤᠨ ᠠᠷᠢᠭᠤᠳᠬᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠦᠷᠭᠦᠯᠵᠢᠯᠡᠨ ᠡᠯ᠎ᠡ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠵᠣᠬᠢᠶᠠᠨ ᠪᠠᠶᠢᠭᠤᠯᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠪᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠳᠪᠦᠷᠢ ᠶᠢᠨ ᠲᠣᠭᠤᠷᠢᠭ ᠤᠨ ᠠᠷᠢᠭᠤᠳᠬᠠᠬᠤ᠂ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠬᠢᠷ ᠤᠰᠤᠨ ᠤ ᠦᠢᠯᠡᠳᠪᠦᠷᠢ ᠶᠢᠨ ᠡᠯ᠎ᠡ ᠵᠦᠢᠯ ᠤᠨ ᠠᠵᠢᠯᠯᠠᠭᠠᠨ ᠤ ᠠᠵᠢᠯ ᠢ ᠦᠷᠭᠦᠯᠵᠢᠯᠡᠨ ᠲᠣᠭᠲᠠᠭᠤᠨ ᠢᠶᠠᠷ ᠥᠷᠨᠢᠭᠦᠯᠬᠦ ᠶᠢ ᠪᠠᠲᠤᠯᠠᠵᠤ᠂ ᠬᠤᠳᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠣᠬᠢᠷ ᠤᠰᠤ ᠶᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠯᠢ ᠶᠢ ᠨᠢ ᠴᠦ ᠰᠠᠭᠠᠲᠠᠭᠠᠬᠤ ᠦᠭᠡᠢ ᠪᠠᠶᠢᠬᠤ ᠶᠢ ᠡᠷᠡᠰ ᠪᠡᠶᠡᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号