ᠠᠷᠠᠳ ᠤᠨ ᠡᠳᠦᠷ ᠤᠨ ᠰᠣᠨᠢᠨ᠄ ᠨᠢᠳᠤᠨᠤᠨ ᠤ ᠵᠢᠯ ᠤᠨ ᠡᠴᠦᠰ ᠪᠣᠯᠲᠠᠯ᠎ᠠ ᠪᠥᠬᠦ ᠤᠯᠤᠰ ᠲᠤ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠢ ᠨᠡᠶᠢᠲᠡ 827 ᠲᠦᠮᠡ ᠪᠠᠶᠢᠭᠤᠯᠵᠤ ᠳᠠᠭᠤᠰᠬᠠᠪᠠ
ᠨᠡᠶᠢᠲᠡᠯᠡᠭᠰᠡᠨ ᠴᠠᠭ᠄
2022/4/22
    ︽ᠠᠷᠠᠳ ᠤᠨ ᠡᠳᠦᠷ ᠤᠨ ᠰᠣᠨᠢᠨ︾( 2022 ᠣᠨ ᠤ 04 ᠰᠠᠷ᠎ᠠ ᠶᠢᠨ 20 ᠤ ᠡᠳᠦᠷ 07 ᠳ᠋ᠤᠭᠠᠷ  ᠬᠡᠪᠯᠡᠯ)      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 4 ᠰᠠᠷ᠎ᠠ ᠶᠢᠨ 19 ᠤ ᠡᠳᠦᠷ ᠤᠨ ᠮᠡᠳᠡᠭᠡ  ︵ᠰᠤᠷᠪᠤᠯᠵᠢᠯᠠᠭᠴᠢ ᠯᠢ ᠰᠢᠶᠣᠣ ᠴᠢᠩ︶ ᠰᠤᠷᠪᠤᠯᠵᠢᠯᠠᠭᠴᠢ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ  ᠢᠶᠠᠷ᠄ 2021 ᠣᠨ ᠤ ᠡᠴᠦᠰ ᠪᠣᠯᠲᠠᠯ᠎ᠠ᠂ ᠪᠥᠬᠦ ᠤᠯᠤᠰ ᠲᠤ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠢ ᠨᠡᠶᠢᠲᠡ 827 ᠲᠦᠮᠡ ᠪᠠᠶᠢᠭᠤᠯᠵᠤ᠂ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠭᠰᠡᠨ ᠨᠣᠷᠮ᠎ᠠ 84% ᠬᠦᠷᠴᠦ᠂ ᠬᠥᠳᠡᠭᠡ ᠲᠣᠰᠬᠤᠨ ᠤ ᠤᠰᠤ ᠬᠠᠩᠭᠠᠬᠤ ᠠᠵᠢᠯ ᠲᠣᠪᠣᠶᠢᠮ᠎ᠠ ᠦᠷ᠎ᠡ ᠪᠦᠲᠦᠮᠵᠢ ᠣᠯᠪᠠ᠃ ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠷᠠᠨ ︽ᠬᠥᠳᠡᠭᠡ ᠲᠣᠰᠬᠤᠨ ᠤ ᠤᠰᠤ ᠬᠠᠩᠭᠠᠵᠤ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠳᠡᠮᠵᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠤᠰᠤ ᠬᠠᠩᠭᠠᠵᠤ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ  ᠭᠡᠪᠡ᠃      ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠪᠣᠯ ᠬᠥᠳᠡᠭᠡ ᠲᠣᠰᠬᠤᠨ ᠤ ᠴᠢᠬᠤᠯᠠ ᠰᠠᠭᠤᠷᠢ ᠲᠥᠬᠦᠭᠡᠷᠦᠮᠵᠢ ᠮᠥᠨ᠂ ᠬᠥᠳᠡᠭᠡ ᠲᠣᠰᠬᠤᠨ ᠤ ᠪᠦᠬᠦ ᠬᠥᠮᠥᠨ ᠠᠮᠠ ᠳᠤ ᠬᠤᠯᠪᠣᠭᠳᠠᠬᠤ ᠨᠢᠭᠡᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠭᠡᠪᠡᠴᠦ ᠮᠠᠨ ᠤ ᠤᠯᠤᠰ ᠤᠨ ᠤᠯᠤᠰ ᠤᠨ ᠪᠠᠶᠢᠳᠠᠯ ᠤᠰᠤᠨ ᠤ ᠪᠠᠶᠢᠳᠠᠯ ᠨᠠᠷᠢᠨ ᠪᠤᠳᠤᠯᠢᠶᠠᠨᠲᠠᠢ᠂ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠠᠴᠠ ᠪᠣᠯᠵᠤ᠂ ᠬᠡᠰᠡᠭ ᠭᠠᠵᠠᠷ ᠣᠷᠣᠨ ᠳᠤ ᠮᠥᠨ ᠯᠡ ᠡᠳᠦᠢ ᠲᠡᠳᠦᠢ ᠪᠠᠭᠤᠷᠠᠢ ᠲᠠᠯ᠎ᠠ ᠣᠷᠣᠰᠢᠵᠤ ᠪᠠᠶᠢᠨ᠎ᠠ᠃ ︽ᠮᠡᠳᠡᠭᠳᠡᠯ ︾ ᠳᠤ᠂ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠨᠢ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠤᠤᠭᠤᠬᠤ ᠤᠰᠤᠨ ᠤ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠪᠠ ᠬᠥᠳᠡᠯᠦᠩᠭᠦᠢ ᠬᠢᠨᠠᠨ ᠬᠡᠮᠵᠢᠯᠲᠡ ᠬᠢᠬᠦ ᠶᠢ ᠵᠣᠬᠢᠶᠠᠨ ᠪᠠᠶᠢᠭᠤᠯᠵᠤ᠂ ᠡᠷᠲᠡ ᠢᠯᠡᠷᠡᠭᠦᠯᠬᠦ᠂ ᠡᠷᠲᠡ ᠬᠠᠮᠢᠶᠠᠷᠬᠤ᠂ ᠡᠷᠲᠡ ᠲᠡᠳᠬᠦᠬᠦ ᠶᠢ ᠦᠨᠡᠨ ᠬᠦ ᠪᠡᠶᠡᠯᠡᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠵᠦ᠂ ᠬᠥᠳᠡᠭᠡ ᠲᠣᠰᠬᠤᠨ ᠤ ᠤᠰᠤ ᠬᠠᠩᠭᠠᠬᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠰᠢᠶᠠᠨ ᠢᠶᠠᠷ ᠨᠢᠭᠡᠴᠢ ᠪᠣᠯᠭᠠᠨ᠂ ᠪᠠᠶᠢᠭᠤᠯᠵᠤ ᠪᠠᠶᠢᠭ᠎ᠠ ᠬᠥᠳᠡᠭᠡ ᠲᠣᠰᠬᠤᠨ ᠤ ᠵᠢᠵᠢᠭ ᠬᠡᠯᠪᠡᠷᠢ ᠶᠢᠨ ᠤᠰᠤᠨ ᠤ ᠰᠤᠷᠪᠤᠯᠵᠢ ᠪᠠ ᠤᠰᠤ ᠬᠠᠩᠭᠠᠬᠤ ᠢᠨᠵᠧᠨᠧᠷᠢᠩ ᠤᠨ ᠵᠦᠢᠯᠡᠰ ᠤᠨ ᠲᠣᠳᠣᠷᠬᠠᠢ ᠬᠠᠭᠤᠳᠠᠰᠤ ᠶᠢᠨ ᠡᠬᠡ ᠲᠠᠩᠰᠠ ᠶᠢ ᠪᠠᠶᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠢᠭᠡ ᠭᠠᠵᠠᠷ ᠪᠠᠶᠢᠭᠤᠯᠵᠤ᠂ ᠨᠢᠭᠡ ᠭᠠᠵᠠᠷ ᠪᠣᠯᠭᠠᠵᠤ᠂ ᠨᠢᠭᠡ ᠭᠠᠵᠠᠷ ᠦᠷ᠎ᠡ ᠠᠰᠢᠭ ᠢ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ︽ᠮᠡᠳᠡᠭᠳᠡᠯ︾ ᠳᠤ  ᠂ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠤ ᠬᠢᠨ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠥᠬᠦᠪᠦᠷᠢ ᠪᠡᠯᠡ ᠮᠥᠩᠭᠦ ᠵᠡᠷᠭᠡ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠶᠢ ᠬᠠᠤᠯᠢ ᠲᠣᠭᠲᠠᠭᠠᠯ ᠶᠣᠰᠣᠭᠠᠷ ᠠᠰᠢᠭᠯᠠᠵᠤ᠂ ᠬᠥᠳᠡᠭᠡ ᠲᠣᠰᠬᠤᠨ ᠤ ᠵᠢᠵᠢᠭ ᠬᠡᠯᠪᠡᠷᠢ ᠶᠢᠨ ᠤᠰᠤᠨ ᠤ ᠰᠤᠷᠪᠤᠯᠵᠢ ᠪᠠ ᠤᠰᠤ ᠬᠠᠩᠭᠠᠬᠤ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠬᠥᠳᠡᠭᠡ ᠲᠣᠰᠬᠤᠨ ᠤ ᠤᠰᠤ ᠬᠠᠩᠭᠠᠬᠤ ᠴᠢᠬᠤᠯᠠ ᠪᠦᠬᠦᠢ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠶᠢ ᠳᠡᠮᠵᠢᠬᠦ ᠳᠤ ᠬᠡᠷᠡᠭᠯᠡᠬᠦ ᠶᠢ ᠲᠣᠳᠣᠷᠬᠠᠶᠢᠯᠠᠪᠠ᠃ ᠣᠲᠣ ᠶᠢᠨ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠢᠭᠡᠳᠦᠯᠲᠡᠢ ᠲᠥᠯᠥᠪᠯᠡᠨ ᠠᠰᠢᠭᠯᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠬᠦ ᠡᠲᠡᠭᠡᠳ ᠪᠠ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠳᠤ ᠣᠷᠤᠯᠴᠠᠬᠤ ᠶᠢ ᠤᠷᠢᠳᠠᠪᠠᠷ ᠳᠡᠮᠵᠢᠨ᠎ᠡ᠃ ᠤᠰᠤ ᠬᠠᠩᠭᠠᠬᠤ ᠦᠢᠯᠡᠴᠢᠯᠡᠭᠡᠨ  ᠤ ᠬᠥᠮᠥᠨ ᠠᠮᠠ ᠴᠥᠭᠡᠨ᠂ ᠠᠵᠢᠯᠯᠠᠭᠠᠨ  ᠤ ᠥᠪᠡᠷ  ᠤᠨ ᠥᠷᠳᠡᠭ ᠨᠢ ᠥᠨᠳᠥᠷ᠂ ᠤᠰᠤᠨ  ᠤ ᠰᠦᠢᠳᠬᠡᠯ ᠵᠡᠷᠭᠡ ᠣᠷᠣᠯᠭ᠎ᠠ ᠨᠢ ᠥᠪᠡᠷ  ᠤᠨ ᠥᠷᠳᠡᠭ ᠢ ᠬᠠᠮᠤᠷᠬᠤ ᠳᠤ ᠬᠦᠴᠢᠷᠲᠡᠢ ᠬᠥᠳᠡᠭᠡ ᠲᠣᠰᠬᠤᠨ ᠤ ᠤᠰᠤ ᠬᠠᠩᠭᠠᠬᠤ ᠪᠠᠷᠢᠯᠭ᠎ᠠ  ᠳᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠥᠬᠦᠪᠦᠷᠢ ᠵᠡᠷᠭᠡ ᠪᠡᠯᠡ ᠮᠥᠩᠭᠦ ᠲᠣᠬᠢᠷᠠᠭᠤᠯᠤᠨ ᠳᠡᠮᠵᠢᠯᠭᠡ ᠦᠵᠡᠭᠦᠯᠵᠦ᠂ ᠪᠠᠷᠢᠯᠭ᠎ᠠ  ᠶᠢᠨ ᠵᠢᠷᠤᠭᠯᠠᠨ ᠲᠥᠯᠥᠪᠯᠡᠭᠰᠡᠨ ᠣᠨ ᠵᠢᠯ  ᠤᠨ ᠳᠣᠲᠣᠷ᠎ᠠ ᠬᠡᠪ  ᠤᠨ ᠶᠣᠰᠣᠭᠠᠷ ᠠᠵᠢᠯᠯᠠᠬᠤ  ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号