ᠵᠠᠯᠠᠭᠤᠴᠤᠳ ᠤᠨ ᠭᠠᠪᠰᠢᠭᠠᠢ ᠠᠩᠭᠢ  ᠶᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ  ᠶᠢ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2022/5/27
     ᠳᠠᠭᠠᠭᠠᠴᠢᠯᠠᠨ ᠬᠤᠯᠪᠤᠭᠠᠯᠠᠨ ᠬᠠᠮᠲᠤᠪᠠᠷ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂  ᠢ ᠬᠤᠲᠠ ᠪᠠᠶᠢᠭᠤᠯᠬᠤ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠨ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠯᠠᠭᠠᠨᠬᠠᠳᠠ ᠬᠤᠲᠠ ᠶᠢᠨ ᠪᠣᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠴᠡᠪᠡᠷ ᠴᠡᠮᠴᠡᠭᠡᠷ᠂ ᠭᠤᠶᠣ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ 5 ᠰᠠᠷ᠎ᠠ ᠶᠢᠨ 25 ᠤ ᠡᠳᠦᠷ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠵᠠᠯᠠᠭᠤᠴᠤᠳ ᠤᠨ ᠭᠠᠪᠰᠢᠭᠠᠢ ᠠᠩᠭᠢ ᠶᠢᠨ ᠬᠢᠨ ︽ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠨ᠎ᠡ︔ ᠵᠠᠯᠠᠭᠤᠴᠤᠳ ᠤᠨ ᠭᠠᠪᠰᠢᠭᠠᠢ ᠠᠩᠭᠢ ᠶᠢᠨ ᠠᠵᠢᠯᠯᠠᠭ᠎ᠠ︾ ᠶᠢᠨ ᠬᠤᠲᠠ ᠶᠢ ᠡᠭᠦᠳᠦᠨ ᠪᠠᠶᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠰᠦᠩᠱᠠᠨ ᠲᠣᠭᠤᠷᠢᠭ ᠤᠨ ᠰᠦᠩᠵᠸᠦ ᠭᠤᠳᠤᠮᠵᠢ ᠶᠢᠨ ᠰᠢ ᠪᠥᠸᠧ ᠨᠡᠶᠢᠭᠡᠮ ᠲᠣᠭᠤᠷᠢᠭ ᠲᠤ᠂ ᠵᠠᠯᠠᠭᠤᠴᠤᠳ ᠤᠨ ᠭᠠᠪᠰᠢᠭᠠᠢ ᠠᠩᠭᠢ ᠶᠢᠨ ᠪᠦᠷᠢᠯᠳᠦᠭᠦᠨ ᠨᠠᠷ ᠰᠠᠭᠤᠭᠠᠯᠢ ᠠᠷᠠᠳ ᠤᠨ ᠠᠰᠠᠷ ᠤᠨ ᠬᠤᠩᠭᠢᠯ ᠳᠣᠲᠣᠷᠠᠬᠢ ᠰᠠᠭᠠᠳ ᠲᠣᠳᠬᠠᠷ᠂ ᠣᠨᠴᠠᠭᠠᠶᠢᠯᠠᠨ ᠳᠤᠷ᠎ᠠ ᠪᠠᠷ ᠢᠶᠠᠨ ᠣᠪᠣᠭᠠᠯᠠᠵᠤ ᠲᠠᠯᠪᠢᠭᠰᠠᠨ ᠳᠤᠭᠤᠢ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ᠂ ᠪᠠᠷᠢᠯᠭ᠎ᠠ ᠶᠢᠨ ᠮᠠᠲ᠋ᠧᠷᠢᠶᠠᠯ᠂ ᠬᠤᠸᠠᠷ ᠤᠨ ᠫᠥ᠋ᠩᠰᠠ ᠵᠡᠷᠭᠡ ᠪᠣᠳᠠᠰ ᠢ ᠲᠥᠪᠯᠡᠷᠡᠭᠦᠯᠦᠨ ᠴᠡᠪᠡᠷᠯᠡᠪᠡ᠃
     ᠬᠠᠷᠢᠶᠠᠲᠤ ᠣᠷᠣᠨ ᠤ ᠭᠠᠳᠠᠭᠤᠷ᠂ ᠵᠠᠯᠠᠭᠤᠴᠤᠳ ᠤᠨ ᠭᠠᠪᠰᠢᠭᠠᠢ ᠠᠩᠭᠢ ᠶᠢᠨ ᠭᠡᠰᠢᠭᠦᠳ ᠨᠡᠶᠢᠭᠡᠮ ᠲᠣᠭᠤᠷᠢᠭ᠂ ᠬᠤᠲᠠ ᠶᠢᠨ ᠬᠠᠮᠢᠶᠠᠷᠤᠯᠲᠠ ᠶᠢᠨ ᠠᠵᠢᠯᠲᠠᠳ ᠲᠠᠢ ᠨᠢᠭᠲᠠ ᠬᠠᠮᠵᠢᠯᠴᠠᠵᠤ᠂ ᠵᠠᠮ ᠤᠨ ᠬᠤᠶᠠᠷ ᠬᠠᠵᠠᠭᠤ ᠶᠢᠨ ᠲᠣᠭᠲᠠᠭᠠᠯ  ᠠᠴᠠ ᠵᠥᠷᠢᠴᠡᠨ ᠲᠠᠯᠪᠢᠭᠰᠠᠨ ᠭᠤᠷᠪᠠᠨ ᠬᠦᠷᠳᠦᠲᠦ ᠲᠡᠷᠭᠡ᠂ ᠬᠡᠷᠡᠭᠯᠡᠬᠦ ᠪᠠᠨ ᠪᠣᠯᠢᠭᠰᠠᠨ ᠵᠢᠳᠬᠦᠭᠦᠷ ᠲᠡᠷᠭᠡ᠂ ᠲᠠᠨᠢᠵᠤ ᠠᠪᠬᠤ ᠬᠥᠮᠥᠨ ᠦᠭᠡᠢ ᠬᠠᠭᠤᠴᠢᠨ ᠰᠢᠷᠡᠭᠡ ᠰᠠᠨᠳᠠᠯᠢ ᠪᠣᠯᠣᠨ ᠬᠤᠭ ᠨᠣᠪᠰᠢ ᠬᠠᠶᠠᠭᠳᠠᠮᠠᠯ ᠡᠳ᠋ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠵᠥᠭᠡᠭᠡᠪᠦᠷᠢᠯᠡᠵᠦ ᠨᠢᠭᠡᠳᠦᠯᠲᠡᠢ ᠰᠢᠢᠳᠪᠦᠷᠢᠯᠡᠵᠡᠢ᠃      ᠵᠠᠯᠠᠭᠤᠴᠤᠳ ᠤᠨ ᠭᠠᠪᠰᠢᠭᠠᠢ ᠠᠩᠭᠢ ᠪᠣᠯ ᠬᠤᠳᠠ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠬᠦᠴᠦᠨ ᠮᠥᠨ᠂ ᠭᠠᠪᠰᠢᠭᠠᠢ ᠠᠩᠭᠢ ᠶᠢᠨ ᠪᠦᠷᠢᠯᠳᠦᠭᠦᠨ ᠨᠠᠷ ᠪᠤᠵᠠᠷ ᠪᠤᠷᠲᠠᠭ ᠠᠴᠠ ᠠᠶᠤᠬᠤ ᠦᠭᠡᠢ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠬᠤᠳᠠ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠨᠡᠶᠢᠭᠡᠮ ᠳᠤ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠤᠰᠤᠨ ᠠᠰᠢᠭᠯᠠᠯᠲᠠ ᠶᠢᠨ ᠡᠭᠦᠷᠭᠡᠯᠡᠯ ᠢ ᠢᠯᠡᠷᠡᠭᠦᠯᠪᠡ᠃ ᠵᠠᠯᠭᠠᠭᠠᠳ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠵᠠᠯᠠᠭᠤᠴᠤᠳ ᠤᠨ ᠭᠠᠪᠰᠢᠭᠠᠢ ᠠᠩᠭᠢ ᠶᠢᠨ ᠬᠢᠨ ᠣᠯᠠᠨ ᠶᠠᠩᠵᠤ ᠶᠢᠨ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠭᠤᠶᠣ ᠪᠣᠯᠭᠠᠵᠤ᠂ ᠲᠡᠷᠭᠡ ᠵᠣᠭᠰᠣᠬᠤ ᠡᠮᠬᠢ ᠳᠢᠭᠯᠢᠮ ᠢ ᠬᠠᠮᠢᠶᠠᠷᠬᠤ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠷᠡᠭᠦᠯ ᠬᠠᠮᠠᠭᠠᠯᠠᠯ ᠤᠨ ᠥᠯᠥ ᠣᠨᠣᠭᠳᠠᠬᠤ ᠭᠠᠵᠠᠷ ᠢ ᠴᠡᠭᠴᠡᠯᠡᠨ ᠵᠠᠰᠠᠬᠤ ᠵᠡᠷᠭᠡ ᠡᠯ᠎ᠡ ᠲᠠᠯ᠎ᠠ ᠳᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ᠂ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠨᠠᠩ ᠴᠡᠪᠡᠷ ᠠᠷᠢᠭᠤᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号