2022 ᠣᠨ ᠤ ᠤᠰᠤ ᠬᠡᠷᠡᠭᠯᠡᠬᠦ ᠦᠢᠯᠡᠳᠬᠦᠨ ᠤ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢ ᠰᠢᠯᠢᠨ ᠰᠣᠩᠭᠤᠬᠤ ᠠᠵᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2022/6/13
     ᠲᠣᠰ ᠥᠷᠲᠡᠭᠡᠨ ᠤ ᠮᠡᠳᠡᠭᠡ ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠬᠠᠮᠲᠤᠷᠠᠨ ︽2022 ᠣᠨ ᠤ ᠤᠰᠤ ᠬᠡᠷᠡᠭᠯᠡᠬᠦ ᠦᠢᠯᠡᠳᠬᠦᠨ ᠤ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢ ᠰᠢᠯᠢᠨ ᠰᠣᠩᠭᠤᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠂ ᠡᠭᠦᠨ ᠤ ᠵᠣᠷᠢᠯᠭ᠎ᠠ ᠨᠢ ︽ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢᠨ ᠲᠥᠰᠥᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤ ᠬᠡᠷᠡᠭᠯᠡᠬᠦ ᠦᠢᠯᠡᠳᠬᠦᠨ ᠤ ᠤᠰᠤᠨ ᠤ ᠠᠰᠢᠭᠯᠠᠮᠵᠢ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠤᠰᠤ ᠠᠷᠪᠢᠯᠠᠬᠤ ᠲᠡᠷᠢᠭᠦᠨ ᠤ ᠬᠡᠪ ᠳᠠᠭᠤᠷᠢᠶᠠᠯ ᠢ ᠪᠣᠶ ᠪᠣᠯᠭᠠᠵᠤ᠂ ᠤᠰᠤ ᠠᠷᠪᠢᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠬᠦ ᠶᠢ ᠠᠬᠢᠭᠤᠯᠬᠤ ᠶᠢᠨ ᠲᠥᠯᠥᠭᠡ ᠶᠤᠮ᠃      ᠲᠣᠰ ᠤᠳᠠᠭᠠᠨ ᠤ ᠰᠢᠯᠢᠨ ᠰᠣᠩᠭᠤᠬᠤ ᠠᠵᠢᠯ ᠢ ︽ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢᠨ ᠬᠥᠲᠥᠯᠥᠨ ᠳᠠᠭᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠠᠵᠤ ᠠᠬᠤᠶᠢᠯᠠᠯ ᠭᠤᠶᠤᠴᠢᠯᠠᠬᠤ᠂ ᠣᠷᠣᠨ ᠨᠤᠲᠤᠭ ᠤᠨ ᠬᠢᠨ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠡᠷᠭᠡ ᠲᠠᠰ ᠳᠠᠷᠠᠭᠠᠯᠠᠯ ᠢᠶᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠢᠯᠡᠳᠬᠦᠨ ᠤ ᠵᠠᠬ᠎ᠠ ᠳᠡᠯᠭᠡᠭᠦᠷ ᠤᠨ ᠬᠡᠪᠴᠢᠶ᠎ᠡ᠂ ᠤᠰᠤ ᠠᠷᠪᠢᠯᠠᠬᠤ ᠳᠠᠯᠳᠠ ᠬᠦᠴᠦᠨ᠂ ᠮᠡᠷᠭᠡᠵᠢᠯ ᠤᠨ ᠬᠥᠭᠵᠢᠯᠲᠡ ᠶᠢᠨ ᠬᠠᠨᠳᠤᠰᠢ ᠵᠢᠴᠢ ᠬᠠᠮᠢᠶ᠎ᠠ ᠪᠦᠬᠦᠢ ᠪᠠᠷᠢᠮᠵᠢᠶ᠎ᠠ ᠶᠢᠨ ᠵᠢᠷᠤᠮᠵᠢᠯ᠂ ᠪᠠᠶᠢᠴᠠᠭᠠᠨ ᠬᠡᠮᠵᠢᠬᠦ ᠴᠢᠳᠠᠪᠤᠷᠢ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠭᠠᠳᠠᠭᠠᠯᠠᠬᠤ ᠰᠠᠭᠤᠯᠲᠠᠭᠤᠷ᠂ ᠤᠶᠤᠯᠢᠬ ᠭᠠᠳᠠᠭᠠᠯᠠᠬᠤ ᠰᠠᠭᠤᠯᠲᠠᠭᠤᠷ ᠪᠠ ᠠᠶᠠᠭ᠎ᠠ ᠤᠬᠢᠶᠠᠬᠤ ᠮᠠᠰᠢᠨ ᠵᠡᠷᠭᠡ 3 ᠲᠥᠷᠥᠯ ᠤᠨ ᠦᠢᠯᠡᠳᠬᠦᠨ ᠢ ᠰᠢᠯᠢᠨ ᠰᠣᠩᠭᠤᠬᠤ ᠡᠲᠡᠭᠡᠳ ᠢ ᠲᠣᠳᠣᠷᠬᠠᠶᠢᠯᠠᠨ᠎ᠠ᠃ ᠮᠡᠳᠡᠭᠦᠯᠬᠦ ᠪᠠᠷ ᠱᠠᠭᠠᠷᠳᠠᠭᠰᠠᠨ ᠦᠢᠯᠡᠳᠬᠦᠨ ᠨᠢ ᠤᠯᠤᠰ ᠤᠨ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠶᠢᠨ 1 ᠲᠠᠰ ᠪᠠ ᠬᠠᠮᠢᠶ᠎ᠠ ᠪᠦᠬᠦᠢ ᠶᠠᠰᠤ ᠴᠢᠨᠠᠷ ᠤᠨ ᠴᠢᠳᠠᠮᠵᠢ ᠶᠢᠨ ᠪᠠᠷᠢᠮᠵᠢᠶ᠎ᠠ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠠᠵᠤ ᠠᠬᠤᠶᠢᠯᠠᠯ ᠤᠨ ᠪᠠᠷᠠᠭ᠎ᠠ ᠭᠠᠷᠭᠠᠬᠤ ᠬᠡᠮᠵᠢᠶ᠎ᠡ ᠶᠢᠨ ᠠᠮᠠᠯᠠᠯᠲᠠ ᠬᠢᠬᠦ ᠶᠢ ᠱᠠᠭᠠᠷᠳᠠᠨ᠎ᠠ᠃ ᠮᠡᠳᠡᠭᠦᠯᠬᠦ ᠠᠵᠤ ᠠᠬᠤᠶᠢᠯᠠᠯ ᠨᠢ ᠪᠦᠷᠢᠨ ᠲᠡᠭᠦᠯᠳᠡᠷ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ᠂ ᠪᠦᠷᠢᠨ ᠲᠡᠭᠦᠯᠳᠡᠷ ᠬᠠᠩᠭᠠᠯᠭ᠎ᠠ ᠶᠢᠨ ᠰᠢᠰᠲ᠋ᠧᠮᠵᠢ ᠪᠠ ᠪᠣᠷᠤᠯᠠᠭᠤᠯᠭ᠎ᠠ ᠶᠢᠨ ᠳᠠᠷᠠᠭᠠᠬᠢ ᠰᠠᠶᠢᠨ ᠰᠠᠶᠢᠬᠠᠨ ᠦᠢᠯᠡᠴᠢᠯᠡᠭᠡᠨ ᠤ ᠴᠢᠳᠠᠪᠤᠷᠢ ᠲᠠᠢ ᠪᠠᠶᠢᠬᠤ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠢᠨᠠᠨ ᠵᠥᠪᠯᠡᠵᠦ ᠪᠠᠲᠤᠯᠠᠭᠰᠠᠨ︽ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢᠨ ᠲᠥᠰᠥᠯ︾ ᠳᠤ᠂ 2022 ᠣᠨ ᠪᠣᠯᠬᠤ ᠳᠤ᠂ 50 ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ 50 ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠤᠰᠤ ᠬᠡᠷᠡᠭᠯᠡᠬᠦ ᠦᠢᠯᠡᠳᠬᠦᠨ ᠤ ᠬᠡᠯᠪᠡᠷᠢ ᠮᠠᠶ᠋ᠢᠭ᠂ 20 ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠤᠰᠤᠯᠠᠯᠲᠠ ᠶᠢᠨ ᠣᠷᠣᠨ ᠵᠢᠴᠢ ᠨᠢᠭᠡ ᠪᠦᠯᠦᠭ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠤᠯᠠᠨ ᠨᠡᠶᠢᠲᠡ ᠶᠢᠨ ᠪᠠᠶᠢᠭᠤᠯᠤᠮᠵᠢ ᠪᠣᠯᠣᠨ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠬᠤᠳᠠ ᠶᠢ ᠰᠢᠯᠢᠨ ᠰᠣᠩᠭᠤᠨ᠎ᠠ ᠭᠡᠵᠦ ᠳᠤᠷᠠᠳᠴᠠᠢ᠃ ᠣᠶᠢᠷ᠎ᠠ ᠶᠢᠨ ᠵᠢᠯ ᠤᠳ ᠲᠤ᠂ ᠤᠰᠤᠨ ᠠᠰᠢᠭᠯᠠᠯᠲᠠ ᠶᠢᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ︽ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢᠨ ᠲᠥᠰᠥᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢ ᠬᠥᠲᠥᠯᠥᠨ ᠳᠠᠭᠠᠭᠤᠯᠬᠤ ᠠᠵᠢᠯᠯᠠᠭ᠎ᠠ ᠶᠢ ᠬᠢᠨᠠᠮᠠᠭᠠᠢ ᠬᠡᠷᠡᠭᠵᠢᠭᠦᠯᠵᠦ᠂ ᠤᠷᠢᠳ ᠬᠤᠵᠢᠳ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠤᠰᠤ ᠬᠡᠷᠡᠭᠯᠡᠬᠦ ᠦᠢᠯᠡᠳᠬᠦᠨ᠂ ᠤᠰᠤᠯᠠᠯᠲᠠ ᠶᠢᠨ ᠣᠷᠣᠨ᠂ ᠣᠯᠠᠨ ᠨᠡᠶᠢᠲᠡ ᠶᠢᠨ ᠪᠠᠶᠢᠭᠤᠯᠤᠮᠵᠢ ᠵᠡᠷᠭᠡ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢ ᠰᠢᠯᠢᠨ ᠰᠣᠩᠭᠤᠬᠤ ᠠᠵᠢᠯ ᠢ ᠥᠷᠨᠢᠭᠦᠯᠪᠡ᠃ 2020 ᠣᠨ ᠳᠤ᠂ ᠠᠩᠬᠠᠳᠠᠭᠴᠢ ᠪᠦᠯᠦᠭ ᠤᠰᠤ ᠬᠡᠷᠡᠭᠯᠡᠬᠦ ᠦᠢᠯᠡᠳᠬᠦᠨ ᠤ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢᠨ ᠨᠡᠷᠡᠰ ᠢ ᠨᠡᠶᠢᠲᠡᠯᠡᠵᠦ᠂ ᠰᠣᠩᠭᠤᠭᠳᠠᠭᠰᠠᠨ ᠦᠢᠯᠡᠳᠬᠦᠨ ᠤ ᠵᠠᠬ᠎ᠠ ᠳᠡᠯᠭᠡᠭᠦᠷ ᠤᠨ ᠮᠡᠳᠡᠷᠡᠮᠵᠢ ᠶᠢᠨ ᠬᠡᠮᠵᠢᠶ᠎ᠡ ᠪᠠ ᠪᠣᠷᠤᠯᠠᠭᠤᠯᠭ᠎ᠠ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠤᠰᠤ ᠠᠷᠪᠢᠯᠠᠬᠤ ᠦᠢᠯᠡᠳᠬᠦᠨ ᠤ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠳᠡᠯᠭᠡᠷᠡᠭᠦᠯᠬᠦ ᠶᠢ ᠳᠠᠶᠢᠴᠢᠯᠠᠨ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠪᠠ᠃      ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠰᠢᠯᠢᠨ ᠰᠣᠩᠭᠤᠭᠰᠠᠨ ᠦᠷ᠎ᠡ ᠳ᠋ᠦᠩ ᠢᠶᠠᠨ ᠦᠨᠳᠦᠰᠦᠯᠡᠨ᠂ ᠤᠰᠤ ᠬᠡᠷᠡᠭᠯᠡᠬᠦ ᠦᠢᠯᠡᠳᠬᠦᠨ ᠤ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤ ᠠᠷᠪᠢᠯᠠᠬᠤ ᠬᠡᠯᠪᠡᠷᠢ ᠶᠢᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠤᠨ ᠪᠦᠷᠢᠯᠳᠦᠬᠦ ᠶᠢ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号