ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/13
    6 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ 2022 ᠣᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠰᠡᠴᠡᠨᠪᠢᠯᠢᠭ ᠤᠨ ᠨᠠᠶᠢᠳᠠᠯᠭ᠎ᠠ ᠪᠠᠷ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ ᠬᠤᠷᠠᠯ ᠡᠷᠭᠢᠯᠡᠪᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠤᠤ ᠵᠦᠩ ᠦ᠋᠂ ᠶᠡᠷᠦᠩᠬᠡᠢ ᠢᠨᠵᠧᠨᠧᠷ᠂ ᠶᠡᠷᠦᠩᠬᠡᠢ ᠠᠵᠤ ᠠᠬᠤᠶᠢᠴᠢ᠂ ᠲᠢᠩᠬᠢᠮ ᠤᠨ ᠪᠠᠶᠢᠭᠤᠯᠭ᠎ᠠ ᠶᠢᠨ ᠳᠡᠳ᠋ ᠭᠠᠵᠠᠷ ᠤᠨ ᠲᠡᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ᠂ ᠬᠥᠬᠡᠬᠤᠲᠠ ᠳᠤ ᠰᠠᠭᠤᠭ᠎ᠠ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠤᠰᠤᠨ ᠠᠰᠢᠭᠯᠠᠯᠲᠠ ᠶᠢᠨ ᠶᠠᠮᠤᠨ ᠤ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠢᠩᠬᠢᠮ ᠤᠨ ᠲᠥᠪᠯᠡᠷᠡᠭᠦᠯᠦᠨ ᠵᠠᠰᠠᠬᠤ ᠠᠵᠢᠯ ᠤᠨ ᠲᠤᠰᠬᠠᠢ ᠠᠩᠭᠢ ᠶᠢᠨ ᠪᠦᠷᠢᠯᠳᠦᠭᠦᠨ ᠬᠤᠷᠠᠯ ᠳᠤ ᠣᠷᠣᠯᠴᠠᠪᠠ᠃      ᠬᠤᠷᠠᠯ ᠠᠴᠠ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨ ᠤ ᠰᠤᠷᠤᠯᠴᠠᠯᠭ᠎ᠠ ᠶᠢᠨ ᠲᠣᠬᠢᠷᠠᠭᠤᠯᠤᠯᠲᠠ ᠶᠣᠰᠣᠭᠠᠷ᠂ ᠸᠢᠳᠢᠤ᠋  ᠦᠵᠡᠬᠦ ᠬᠡᠯᠪᠡᠷᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ᠂ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ᠂ ᠨᠠᠮ ᠪᠣᠯᠣᠨ ᠲᠦᠷᠦ ᠶᠢᠨ ᠪᠠᠶᠢᠭᠤᠯᠤᠯᠭ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠳᠦᠷᠢᠮ᠂ ᠨᠠᠮ ᠤᠨ ᠡᠭᠦᠷ ᠤᠨ ᠠᠵᠢᠯ ᠤᠨ ᠳᠦᠷᠢᠮ᠂ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ ᠵᠡᠷᠭᠡ ᠨᠠᠮ ᠤᠨ ᠳᠣᠲᠣᠭᠠᠳᠤ ᠶᠢᠨ ᠬᠠᠤᠯᠢ ᠳᠦᠷᠢᠮ ᠢ ᠤᠯᠠᠮ ᠴᠢᠨᠠᠭᠰᠢᠳᠠ ᠰᠤᠷᠤᠯᠴᠠᠵᠠᠢ︔ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ ᠵᠢᠴᠢ ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠰᠢᠰᠲ᠋ᠧᠮ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠨᠠᠷᠢᠨ ᠬᠢᠨᠠᠮᠠᠭᠠᠢ ᠰᠤᠷᠤᠯᠴᠠᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠦᠷᠭᠦᠯᠵᠢᠯᠡᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠪᠠᠷ ᠭᠤᠣᠯ ᠰᠡᠳᠦᠪ ᠪᠣᠯᠭᠠᠵᠤ᠂ ᠤᠯᠠᠨ ᠤᠳᠠᠭ᠎ᠠ ᠡᠭᠡᠯᠵᠢᠯᠡᠬᠦ᠂ ᠤᠯᠠᠨ ᠠᠷᠭ᠎ᠠ ᠬᠡᠯᠪᠡᠷᠢ ᠪᠠᠷ ᠭᠦᠨᠵᠡᠭᠡᠢ ᠰᠤᠷᠤᠯᠴᠠᠵᠤ᠂ ᠲᠠᠬᠢᠨ ᠳᠠᠪᠲᠠᠨ ᠰᠤᠷᠤᠯᠴᠠᠵᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠢᠩᠬᠢᠮ ᠤᠨ ᠶᠡᠷᠦᠩᠬᠡᠢ ᠠᠵᠤ ᠠᠬᠤᠶᠢᠴᠢ ᠪᠠ ᠬᠡᠰᠡᠭ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃      ᠬᠤᠷᠠᠯ ᠠᠴᠠ᠂ ᠨᠢᠭᠡ ᠳᠤ᠂ ᠨᠠᠮ ᠤᠨ ᠳᠦᠷᠢᠮ ᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠳᠦᠷᠢᠮ ᠢ ᠴᠢᠩᠭ᠎ᠠ ᠵᠢᠷᠤᠮᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠨᠠᠮ ᠤᠨ ᠳᠦᠷᠢᠮ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠰᠤᠷᠤᠯᠴᠠᠯᠭ᠎ᠠ ᠬᠥᠮᠦᠵᠢᠯ ᠢ ᠪᠠᠶᠢᠩᠭᠤ ᠶᠢᠨ ᠴᠢᠨᠠᠷᠲᠠᠢ ᠠᠵᠢᠯ ᠪᠣᠯᠭᠠᠨ ᠠᠳᠬᠤᠵᠤ᠂ ᠡᠯ᠎ᠡ ᠨᠠᠮ ᠤᠨ ᠡᠭᠦᠷ ︽ᠲᠤᠯᠤᠭᠠᠨ ᠰᠠᠷ᠎ᠠ ᠶᠢᠨ ᠨᠢᠭᠡᠨ︾ ᠤ ᠤᠷᠢᠳ ᠬᠤᠵᠢᠳ ᠢᠶᠠᠷ ᠨᠠᠮ ᠤᠨ ᠳᠦᠷᠢᠮ ᠤᠨ ᠲᠤᠰᠬᠠᠢ ᠰᠡᠳᠦᠪᠲᠦ ᠰᠤᠷᠤᠯᠴᠠᠯᠭ᠎ᠠ ᠰᠣᠯᠢᠯᠴᠠᠭ᠎ᠠ ᠶᠢ ᠨᠢᠭᠡ ᠤᠳᠠᠭ᠎ᠠ ᠵᠣᠬᠢᠶᠠᠨ ᠪᠠᠶᠢᠭᠤᠯᠬᠤ ᠬᠡᠷᠡᠭᠲᠡᠢ᠃ ᠬᠤᠶᠠᠷ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠪᠠ ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠰᠢᠰᠲ᠋ᠧᠮ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠤᠨ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠰᠠᠭᠤᠳᠠᠯ ᠢ ᠤᠷᠢᠳᠴᠢᠯᠠᠨ ᠵᠢᠭᠰᠠᠭᠠᠨ ᠪᠠᠶᠢᠴᠠᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠠᠵᠢᠯ ᠢᠶᠠᠨ ᠦᠨᠡᠨ ᠬᠦ ᠭᠦᠨᠵᠡᠭᠡᠢ ᠪᠥᠭᠡᠳ ᠨᠠᠷᠢᠯᠢᠭ ᠬᠢᠬᠦ ᠬᠡᠷᠡᠭᠲᠡᠢ᠃ ᠭᠤᠷᠪᠠ ᠳᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠠᠵᠢᠯ ᠤᠨ ᠰᠤᠷᠲᠠᠯ ᠢᠶᠠᠷ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠣᠯᠭᠢᠴᠢᠯᠠᠭᠰᠠᠨ ᠠᠷᠠᠯᠵᠢᠶ᠎ᠠ ᠶᠢᠨ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠶᠡᠬᠡᠪᠡᠷ ᠠᠬᠢᠭᠤᠯᠬᠤ ᠬᠡᠷᠡᠭᠲᠡᠢ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠥᠪᠯᠡᠷᠡᠭᠦᠯᠦᠨ ᠵᠠᠰᠠᠬᠤ ᠠᠵᠢᠯ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠤᠰᠬᠠᠢ ᠰᠡᠳᠦᠪᠲᠦ ᠰᠤᠷᠤᠯᠴᠠᠯᠭ᠎ᠠ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ᠂ ᠠᠮᠠᠯᠠᠯᠲᠠ ᠪᠠᠨ ᠪᠡᠶᠡᠯᠡᠭᠦᠯᠬᠦ᠂ ᠳᠦᠷᠢᠮ ᠲᠣᠭᠲᠠᠭᠠᠯ ᠲᠣᠭᠲᠠᠭᠠᠬᠤ ᠵᠡᠷᠭᠡ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠶᠣᠰᠣᠭᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠲᠢᠩᠬᠢᠮ ᠤᠨ ᠠᠵᠢᠯ ᠤᠨ ᠲᠤᠰᠬᠠᠢ ᠠᠩᠭᠢ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠢᠩᠬᠢᠮ ᠤᠨ ᠬᠠᠷᠢᠶ᠎ᠠ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪᠯᠡᠷᠡᠭᠦᠯᠦᠨ ᠵᠠᠰᠠᠬᠤ ᠠᠵᠢᠯ ᠢ ᠵᠢᠯᠣᠭᠤᠳᠤᠨ ᠰᠢᠪᠠᠳᠠᠬᠤ ᠪᠠᠨ ᠴᠢᠩᠭᠠᠳᠬᠠᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠡᠷᠡᠭᠦᠯ ᠪᠥᠭᠡᠳ ᠵᠢᠷᠤᠮᠵᠢᠯ ᠲᠠᠢ ᠬᠥᠭᠵᠢᠬᠦ ᠶᠢ ᠬᠦᠴᠦᠯᠡᠨ ᠠᠬᠢᠭᠤᠯᠬᠤ ᠬᠡᠷᠡᠭᠲᠡᠢ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号